4 ᠰᠠᠷ᠎ᠠ ᠶᠢᠨ 10 ᠤ ᠡᠳᠦᠷ᠂ ᠭᠦᠶᠡᠩ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠭᠦᠶᠡᠩ | ᠰᠢᠶᠠᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠡ᠂ ᠭᠦᠶᠡᠩ ᠰᠢᠶᠠᠨ ᠤ ᠨᠠᠮ ᠤᠨ | ᠬᠤᠷᠢᠶᠠᠨ ᠤ ᠤᠯᠤᠰ ᠤᠨ ᠠᠮᠤᠷ ᠲᠦᠪᠰᠢᠨ ᠤ ᠠᠵᠢᠯ ᠤᠨ ᠠᠯᠪᠠᠨ ᠭᠡᠷ᠂ ᠭᠦᠶᠡᠩ ᠰᠢᠶᠠᠨ ᠤ ᠠᠵᠢᠯᠴᠢᠨ ᠤ | ᠶᠡᠷᠦᠩᠬᠡᠢ ᠡᠪᠯᠡᠯ᠂ ᠭᠦᠶᠡᠩ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠠᠮᠲᠤᠷᠠᠨ ᠡᠷᠬᠢᠯᠡᠭᠰᠡᠨ | ᠪᠥᠬᠦ ᠰᠢᠶᠠᠨ ᠤ ᠠᠵᠢᠯᠲᠠᠨ ᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ | ᠤᠷᠤᠯᠳᠤᠭᠠᠨ ᠭᠦᠶᠡᠩ ᠰᠢᠶᠠᠨ ᠳᠤ ᠠᠮᠵᠢᠯᠲᠠ ᠲᠠᠢ ᠶᠠᠪᠤᠭᠳᠠᠪᠠ᠃ ᠲᠤᠰ ᠤᠳᠠᠭᠠᠨ ᠤ ᠤᠷᠤᠯᠳᠤᠭᠠᠨ ᠤ | ᠵᠣᠷᠢᠯᠭ᠎ᠠ ᠨᠢ ᠪᠥᠬᠦ ᠰᠢᠶᠠᠨ ᠤ ᠠᠵᠢᠯᠲᠠᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ | ᠣᠯᠠᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ | ᠰᠡᠳᠬᠢᠯᠭᠡ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ | ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠂ ᠰᠢᠶᠠᠨ ᠤ | ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ | ᠰᠢᠩ ᠬᠤᠩ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠳᠤ ᠣᠷᠣᠯᠴᠠᠪᠠ᠃ | ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠡ ᠠᠴᠠ | ᠢᠷᠡᠭᠰᠡᠨ 17 ᠣᠷᠣᠯᠴᠠᠭᠴᠢ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠴᠢᠩ ᠦᠨᠡᠨᠴᠢ ᠰᠡᠳᠬᠢᠯᠭᠡ ᠪᠠᠷ | ᠤᠯᠤᠰ ᠤᠨ ᠠᠮᠤᠷ ᠲᠦᠪᠰᠢᠨ ᠤ ᠭᠤᠣᠯ ᠰᠡᠳᠦᠪ ᠤᠨ ᠲᠣᠭᠤᠷᠢᠨ ᠳᠤ᠂ ᠲᠤᠰ ᠲᠤᠰ ᠤᠨ ᠠᠵᠢᠯ ᠤᠨ ᠪᠣᠳᠠᠲᠤ | ᠪᠠᠶᠢᠳᠠᠯ ᠪᠣᠯᠤᠨ ᠠᠮᠢᠳᠤᠷᠠᠯ ᠤᠨ ᠥᠩᠭᠡᠷᠡᠯᠲᠡ ᠲᠠᠢ ᠪᠠᠨ ᠤᠶᠠᠯᠳᠤᠭᠤᠯᠵᠤ᠂ ᠤᠬᠠᠭᠤᠯᠤᠨ ᠲᠠᠶᠢᠯᠪᠤᠷᠢᠯᠠᠪᠠ᠃ | ᠲᠠᠮᠢᠷᠴᠢᠳ ᠤᠨ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠨᠢ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ | ᠬᠠᠤᠯᠢ ᠲᠣᠭᠲᠠᠭᠠᠯ ᠢ ᠬᠠᠮᠤᠷᠴᠤ ᠪᠠᠶᠢᠬᠤ ᠪᠥᠭᠡᠳ ᠪᠠᠰᠠ ᠤᠯᠤᠰ ᠤᠨ ᠠᠮᠤᠷ ᠲᠦᠪᠰᠢᠨ ᠳᠤ ᠲᠤᠯᠭᠠᠷᠠᠵᠤ ᠪᠠᠶᠢᠭ᠎ᠠ | ᠪᠠᠶᠢᠳᠠᠯ ᠪᠣᠯᠤᠨ ᠥᠷᠢᠰᠥᠯᠳᠦᠭᠡᠨ ᠳᠤ ᠬᠤᠯᠪᠣᠭᠳᠠᠵᠤ᠂ ᠪᠠᠰᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ | ᠰᠡᠳᠬᠢᠯ ᠬᠥᠳᠡᠯᠭᠡᠮ᠎ᠡ ᠦᠯᠢᠭᠡᠷ ᠢ ᠶᠠᠷᠢᠵᠤ᠂ ᠲᠤᠬᠠᠢ ᠶᠢᠨ ᠲᠠᠯᠠᠪᠠᠢ ᠳᠤ ᠪᠠᠶᠢᠭᠰᠠᠨ ᠦᠵᠡᠭᠴᠢᠳ ᠲᠤ ᠭᠦᠨ | ᠰᠡᠩᠬᠡᠷᠡᠭᠦᠯᠦᠯ ᠪᠠ ᠬᠥᠮᠦᠵᠢᠯ ᠬᠦᠷᠲᠡᠭᠡᠵᠡᠢ᠃ | ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠰᠢᠯᠭᠠᠷᠠᠭᠤᠯᠬᠤ ᠺᠣᠮᠢᠰ ᠤᠨ ᠭᠡᠰᠢᠭᠦᠳ ᠲᠠᠮᠢᠷᠴᠢᠳ ᠤᠨ | ᠤᠬᠠᠭᠤᠯᠤᠨ ᠲᠠᠶᠢᠯᠪᠤᠷᠢᠯᠠᠬᠤ ᠠᠭᠤᠯᠭ᠎ᠠ᠂ ᠢᠯᠡᠳᠬᠡᠬᠦ ᠤᠷ᠎ᠠ ᠮᠡᠷᠭᠡᠵᠢᠯ᠂ ᠲᠤᠬᠠᠢ ᠶᠢᠨ ᠲᠠᠯᠠᠪᠤᠷ ᠤᠨ ᠦᠷ᠎ᠡ | ᠪᠦᠲᠦᠮᠵᠢ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠦᠨᠡᠯᠡᠯᠲᠡ ᠬᠢᠵᠦ᠂ ᠨᠢᠭᠡᠳᠦᠭᠡᠷ ᠳᠡᠰ ᠤᠨ ᠱᠠᠩᠨᠠᠯ 1᠂ | ᠬᠤᠶᠠᠳᠤᠭᠠᠷ ᠳᠡᠰ ᠤᠨ ᠱᠠᠩᠨᠠᠯ 2᠂ ᠭᠤᠷᠪᠠᠳᠤᠭᠠᠷ ᠳᠡᠰ ᠤᠨ ᠱᠠᠩᠨᠠᠯ 3᠂ ᠰᠢᠯᠢᠳᠡᠭ ᠱᠠᠩᠨᠠᠯ 5 ᠰᠢᠯᠭᠠᠷᠠᠭᠤᠯᠪᠠ᠃ | | ᠲᠤᠰ ᠤᠳᠠᠭᠠᠨ ᠤ ᠪᠥᠬᠦ ᠰᠢᠶᠠᠨ ᠤ ᠠᠵᠢᠯᠲᠠᠨ ᠠᠵᠢᠯᠴᠢᠨ ᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ | ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠪᠣᠯ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠠᠮᠢᠳᠤᠯᠢᠭ | ᠬᠢᠴᠢᠶᠡᠯ ᠪᠣᠯᠬᠤ ᠪᠠᠷ ᠪᠠᠷᠠᠬᠤ ᠦᠭᠡᠢ᠂ ᠨᠡᠩ ᠴᠤ ᠪᠥᠬᠦ ᠰᠢᠶᠠᠨ ᠤ ᠠᠵᠢᠯᠲᠠᠨ ᠤ ᠤᠯᠤᠰ ᠢᠶᠠᠨ ᠬᠠᠶᠢᠷᠠᠯᠠᠬᠤ | ᠬᠠᠯᠠᠭᠤᠨ ᠰᠡᠳᠬᠢᠯᠭᠡ ᠶᠢ ᠬᠥᠭᠵᠢᠭᠡᠵᠦ᠂ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ | ᠦᠪᠡᠳᠡᠭᠰᠢ ᠬᠤᠷᠠᠯ ᠪᠣᠯᠤᠨ᠎ᠠ᠃ ᠤᠷᠤᠯᠳᠤᠭᠠᠨ ᠢᠶᠠᠷ ᠳᠠᠮᠵᠢᠨ᠂ ᠪᠥᠬᠦ ᠰᠢᠶᠠᠨ ᠤ ᠠᠵᠢᠯᠲᠠᠨ ᠤᠯᠤᠰ ᠤᠨ ᠠᠮᠤᠷ | ᠲᠦᠪᠰᠢᠨ ᠤ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ | ᠴᠢᠩᠭᠠᠳᠬᠠᠪᠠ᠃ | |