ᠰᠢᠶᠠ ᠱᠢ ᠬᠤᠤ ᠪᠠᠯᠭᠠᠰᠤᠨ ᠤ ᠬᠦᠯᠡᠮᠵᠢ ᠶᠢᠨ ᠢᠩᠲᠣᠣᠷ ᠤᠨ ᠰᠠᠶᠢᠨ ᠰᠠᠶᠢᠬᠠᠨ ᠦᠵᠡᠮᠵᠢ
ᠨᠡᠶᠢᠲᠡᠯᠡᠭᠰᠡᠨ ᠴᠠᠭ᠄
2025/4/11
    ᠰᠢᠶᠠ ᠱᠢ ᠬᠤᠤ ᠪᠠᠯᠭᠠᠰᠤᠨ ᠤ ᠱᠦᠸᠧ ᠮᠢᠨ ᠲᠡᠭᠦᠬᠦ ᠬᠦᠷᠢᠶᠡᠯᠡᠩ ᠤᠨ ᠬᠦᠯᠡᠮᠵᠢ ᠳᠤ ᠲᠠᠭᠲᠠᠭ᠎ᠠ ᠶᠢᠨ ᠥᠨᠳᠡᠭᠡ ᠰᠢᠭ ︽ᠪᠠᠳᠮᠠᠷᠠᠭ᠎ᠠ︾ ᠶᠠᠭ ᠰᠠᠯᠠᠭ᠎ᠠ ᠨᠠᠮᠠᠭ᠎ᠠ ᠠᠴᠠ ᠠᠶᠢᠯ ᠪᠣᠯᠭᠠᠨ ᠤ ᠵᠢᠮᠢᠰ ᠤᠨ ᠰᠠᠭᠰᠤᠨ ᠳᠤ ᠣᠷᠣᠵᠤ ᠪᠠᠶᠢᠯ᠎ᠠ᠃    ᠲᠣᠮᠣ ᠢᠩᠲᠣᠣᠷ ᠲᠠᠷᠢᠬᠤ ᠰᠠᠭᠤᠷᠢᠨ ᠭᠠᠵᠠᠷ ᠤᠨ ᠬᠦᠯᠡᠮᠵᠢ ᠳᠤ ᠣᠷᠣᠬᠤ ᠳᠤ᠂ ᠪᠥᠭᠡᠮ ᠲᠣᠮᠣ ᠢᠩᠲᠣᠣᠷ ᠨᠣᠭᠤᠭᠠᠨ ᠨᠠᠪᠴᠢᠨ ᠤ ᠬᠠᠯᠬᠠᠪᠴᠢ ᠳᠣᠣᠷ᠎ᠠ ᠰᠠᠯᠠᠭ᠎ᠠ ᠨᠠᠮᠠᠭ᠎ᠠ ᠪᠠᠷ ᠳᠦᠭᠦᠷᠲᠡᠯ᠎ᠡ ᠡᠯᠭᠦᠵᠦ᠂ ᠬᠥᠮᠦᠰ ᠤᠨ ᠪᠠᠭ᠋ᠠᠷᠬᠠᠯ ᠢ ᠲᠠᠲᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠠᠴᠠ ᠡᠨᠧᠷᠭᠢ ᠣᠯᠭᠤᠵᠤ᠂ ᠡᠨᠡ ᠬᠦ ︽ᠰᠢᠶᠠ ᠱᠢ ᠬᠤᠤ ᠪᠠᠯᠭᠠᠰᠤᠨ ᠤ ᠮᠧᠢ ᠽᠣᠣ ᠶᠢᠩ ᠲᠣᠣ ᠬᠦᠷᠢᠶᠡᠯᠡᠩ︾ ᠨᠢ ᠨᠢᠳᠦ ᠭᠢᠯᠠᠰᠤᠮ᠎ᠠ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃ ᠲᠠᠨᠢᠯᠴᠠᠭᠤᠯᠤᠭᠰᠠᠨ ᠢᠶᠠᠷ᠂ ᠱᠦᠸᠧ ᠮᠢᠨ ᠵᠢᠮᠢᠰ ᠲᠡᠭᠦᠬᠦ ᠬᠦᠷᠢᠶᠡᠯᠡᠩ ᠲᠣᠭᠤᠷᠢᠭ ᠨᠢ ᠤᠮᠠᠷᠠᠲᠤ ᠥᠷᠭᠡᠷᠢᠭ ᠤᠨ 41° ᠤᠨ ᠨᠠᠷᠠᠨ ᠤ ᠲᠤᠰᠤᠯᠲᠠ ᠶᠢᠨ ᠴᠠᠭ ᠨᠢ ᠤᠷᠲᠤ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠡᠯᠡᠰᠦᠷᠬᠡᠭ ᠬᠥᠷᠥᠰᠥᠨ ᠤ ᠠᠭᠠᠷ ᠨᠡᠪᠲᠡᠷᠡᠬᠦ ᠴᠢᠨᠠᠷ ᠨᠢ ᠰᠠᠶᠢᠨ ᠵᠡᠷᠭᠡ ᠪᠠᠶᠢᠭᠠᠯᠢ ᠶᠢᠨ ᠳᠠᠪᠠᠭᠤᠯᠢᠭ ᠳᠠᠭᠠᠨ ᠲᠦᠰᠢᠭᠯᠡᠨ᠂ ᠢᠩᠲᠣᠣᠷ ᠤᠨ ᠥᠰᠥᠯᠲᠡ ᠳᠤ ᠨᠢᠭᠡᠨ ᠵᠤᠷᠪᠤᠰ ᠪᠠᠶᠢᠭᠠᠯᠢ ᠶᠢᠨ ︽ᠰᠠᠭᠠᠳ ᠦᠭᠡᠢ ᠨᠡᠪᠲᠡᠷᠡᠬᠦ ᠵᠠᠮ︾ ᠪᠣᠯᠤᠭᠰᠠᠨ ᠪᠠᠶᠢᠨ᠎ᠠ᠃ 40 ᠭᠠᠷᠤᠢ ᠮᠦ ᠭᠠᠵᠠᠷ ᠡᠵᠡᠯᠡᠵᠦ᠂ ᠵᠢᠱᠢᠯᠲᠡ ᠪᠠᠷ ᠡᠨᠡ ᠵᠢᠯ ᠤᠨ ᠶᠡᠷᠦᠩᠬᠡᠢ ᠭᠠᠷᠤᠯᠲᠠ 8000 ᠵᠢᠩ ᠣᠷᠴᠢᠮ ᠳᠤ ᠬᠦᠷᠴᠦ᠂ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ 82 ᠲᠦᠮᠡᠨ ᠲᠥᠭᠦᠷᠢᠭ ᠤᠨ ᠪᠣᠭᠤᠮᠲᠠ ᠶᠢ ᠳᠠᠪᠠᠭ᠋ᠤ ᠪᠣᠯᠤᠨ᠎ᠠ᠃
04-11_y1.jpg
    ᠡᠨᠡᠬᠦ ᠠᠮᠵᠢᠯᠲᠠ ᠶᠢᠨ ᠠᠷᠤ ᠳᠤ ᠲᠣᠰᠬᠤᠨ ᠤ ᠠᠷᠠᠳ ᠤᠨ ᠰᠢᠷᠭᠠᠭᠤ ᠬᠠᠲᠠᠭᠤᠵᠢᠯᠲᠠᠢ ᠬᠥᠳᠡᠯᠮᠦᠷᠢᠯᠡᠵᠦ ᠨᠠᠷᠢᠨ ᠨᠢᠮᠪᠠᠢ ᠬᠥᠮᠦᠵᠢᠭᠦᠯᠬᠦ ᠠᠴᠠ ᠰᠠᠯᠵᠤ ᠴᠢᠳᠠᠬᠤ ᠦᠭᠡᠢ ᠶᠤᠮ᠃ ᠬᠠᠬᠢᠷ ᠡᠪᠦᠯ ᠤᠨ ᠯᠠ ᠰᠠᠷ᠎ᠠ ᠳᠤ ᠦᠵᠦᠭᠦᠷ ᠢ ᠨᠢ ᠪᠠᠬᠢᠯᠡᠬᠦ᠂ ᠰᠠᠯᠠᠭ᠎ᠠ ᠶᠢ ᠴᠣᠬᠢᠬᠤ ᠠᠴᠠ ᠬᠠᠪᠤᠷ ᠤᠨ ᠡᠳᠦᠷ ᠲᠣᠭᠤᠰᠣ ᠬᠦᠷᠲᠡᠭᠡᠬᠦ᠂ ᠪᠣᠷᠳᠣᠭᠤᠷ ᠣᠷᠣᠭᠤᠯᠵᠤ ᠬᠤᠷᠣᠬᠠᠢ ᠶᠢ ᠤᠰᠠᠳᠬᠠᠬᠤ ᠠᠴᠠ ᠣᠳᠣ ᠪᠣᠯᠲᠠᠯ᠎ᠠ ᠡᠯᠪᠡᠭ ᠳᠡᠯᠪᠡᠭ ᠦᠷ᠎ᠡ ᠪᠦᠲᠦᠭᠡᠯ ᠤᠯᠳᠠᠯ᠎ᠠ᠂ ᠭᠤᠭᠴᠤᠭ᠎ᠠ ᠨᠢᠭᠡᠪᠦᠷᠢ ᠳᠤ ᠴᠥᠮ ᠲᠠᠷᠢᠮᠠᠯ ᠤᠨ ᠡᠷᠦᠬᠡ ᠶᠢᠨ ᠬᠦᠴᠦ ᠬᠥᠯᠥᠰᠥ ᠰᠢᠩᠭᠡᠵᠦ ᠪᠠᠶᠢᠨ᠎ᠠ᠃ ᠢᠩᠲᠣᠣᠷ ᠤᠨ ᠭᠠᠷᠤᠯᠲᠠ ᠪᠣᠯᠤᠨ ᠶᠠᠰᠤ ᠴᠢᠨᠠᠷ ᠢ ᠨᠡᠩ ᠰᠠᠶᠢᠨ ᠪᠣᠯᠭᠠᠬᠤ ᠶᠢᠨ ᠲᠥᠯᠥᠭᠡ᠂ ᠱᠦᠸᠧ ᠮᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠬᠠᠷᠢᠭᠤᠴᠠᠯᠭᠠᠲᠠᠨ ᠰᠠᠨᠠᠭᠠᠴᠢᠯᠠᠭ᠎ᠠ ᠠᠴᠠ ᠪᠠᠨ ᠮᠡᠷᠭᠡᠵᠢᠯᠲᠡᠨ ᠢ ᠤᠷᠢᠵᠤ ᠮᠡᠷᠭᠡᠵᠢᠯ ᠤᠨ ᠪᠣᠯᠪᠠᠰᠤᠷᠠᠯ ᠬᠢᠯᠭᠡᠵᠦ᠂ ᠲᠣᠰᠬᠤᠨ ᠤ ᠠᠷᠠᠳ ᠢ ᠵᠢᠯᠣᠭᠤᠳᠤᠨ ᠰᠢᠨᠵᠢᠯᠡᠬᠦ ᠤᠬᠠᠭᠠᠨᠴᠢ ᠪᠠᠷ ᠴᠡᠴᠡᠭ ᠵᠢᠮᠢᠰ ᠬᠠᠶᠢᠴᠢᠯᠠᠬᠤ ᠮᠡᠷᠭᠡᠵᠢᠯ ᠢ ᠬᠡᠷᠡᠭᠯᠡᠵᠦ᠂ ᠢᠩᠲᠣᠣᠷ ᠨᠢᠭᠡᠪᠦᠷᠢ ᠶᠢ ᠴᠥᠮ ᠤᠷᠭᠤᠯᠲᠠ ᠶᠢᠨ ᠶᠠᠪᠤᠴᠠ ᠳᠤ ᠭᠦᠢᠴᠡᠳ ᠰᠢᠮ᠎ᠡ ᠲᠡᠵᠢᠭᠡᠯ ᠬᠦᠷᠲᠡᠭᠡᠵᠦ᠂ ᠬᠠᠮᠤᠭ ᠤᠨ ᠰᠠᠶᠢᠨ ᠦᠷ᠎ᠡ ᠪᠦᠲᠦᠭᠡᠯ ᠤᠨ ᠶᠠᠰᠤ ᠴᠢᠨᠠᠷ ᠢ ᠠᠪᠴᠢᠷᠠᠭᠰᠠᠨ ᠪᠠᠶᠢᠨ᠎ᠠ᠃
04-11_y.jpg
    ᠲᠣᠰᠬᠤᠨ ᠤ ᠠᠷᠠᠳ ᠴᠢᠦᠢ ᠬᠥᠭᠰᠢᠨ ᠪᠣᠯᠤᠨ ᠲᠡᠭᠦᠬᠦ ᠶᠢ ᠬᠠᠷᠢᠭᠤᠴᠠᠵᠤ ᠪᠠᠶᠢᠭ᠎ᠠ ᠲᠣᠰᠬᠤᠨ ᠤ ᠬᠥᠷᠰᠢ ᠵᠡᠷᠭᠡᠯᠡᠳᠡᠭᠡ ᠠᠶᠢᠯ ᠯᠤᠭ᠎ᠠ ᠴᠢᠷᠠᠢ ᠲᠦᠭᠦᠷᠡᠩ ᠢᠨᠢᠶᠡᠮᠰᠦᠭᠯᠡᠯ ᠲᠠᠢ ᠲᠠᠰᠤᠷᠠᠯᠲᠠ ᠦᠭᠡᠢ ᠢᠩᠲᠣᠣᠷ ᠤᠨ ᠮᠣᠳᠣᠨ ᠤ ᠳᠤᠮᠳᠠ ᠰᠦᠯᠵᠢᠯᠳᠦᠵᠦ᠂ ᠨᠢᠭᠡᠨᠲᠡ ᠲᠡᠭᠦᠬᠦ ᠪᠠᠷᠢᠮᠵᠢᠶ᠎ᠠ ᠳᠤ ᠬᠦᠷᠦᠭᠰᠡᠨ ᠢᠩᠲᠣᠣᠷ ᠢ ᠨᠠᠷᠢᠨ ᠬᠢᠨᠠᠮᠠᠭᠠᠢ ᠰᠣᠩᠭᠤᠨ ᠲᠡᠭᠦᠬᠦ ᠠᠵᠢᠯ ᠬᠢᠵᠡᠢ᠃ ︽ᠪᠢᠳᠡ ᠬᠡᠳᠦᠨ ᠬᠥᠮᠦᠨ ᠬᠦᠷᠢᠶᠡᠯᠡᠩ ᠨᠡᠭᠡᠭᠡᠬᠦ ᠠᠴᠠ ᠠᠪᠤᠭᠠᠳ ᠠᠳᠡ ᠢᠷᠡᠵᠦ ᠠᠵᠢᠯᠯᠠᠵᠠᠢ᠂ ᠲᠠᠷᠢᠮᠠᠯ ᠤᠨ ᠮᠡᠷᠭᠡᠵᠢᠯ ᠢ ᠰᠤᠷᠴᠤ ᠴᠢᠳᠠᠬᠤ ᠪᠠᠷ ᠪᠠᠷᠠᠬᠤ ᠦᠭᠡᠢ᠂ ᠰᠤᠯᠠ ᠰᠡᠯᠡᠭᠦᠦ ᠴᠠᠭ ᠲᠤ ᠪᠠᠰᠠ ᠥᠪᠡᠷ ᠤᠨ ᠭᠡᠷ ᠤᠨ ᠭᠤᠷᠪᠠᠨ ᠮᠦ ᠭᠠᠵᠠᠷ᠂ 300 ᠭᠠᠷᠤᠢ ᠬᠤᠨᠢ ᠪᠠᠨ ᠬᠠᠷᠠᠭᠠᠯᠵᠠᠵᠤ᠂ ᠨᠢᠭᠡ ᠨᠢᠭᠡ ᠪᠠᠷ ᠭᠡᠷ ᠬᠤᠲᠠᠯᠠᠭᠠᠷ ᠢᠶᠠᠨ ᠨᠥᠬᠦᠪᠥᠷᠢ ᠤᠯᠵᠤ᠂ ᠠᠮᠢᠳᠤᠷᠠᠯ ᠨᠢ ᠦᠨᠡᠬᠡᠷ ᠡᠳᠦᠷ ᠠᠴᠠ ᠡᠳᠦᠷ ᠰᠠᠶᠢᠵᠢᠷᠠᠵᠤ ᠪᠠᠶᠢᠨ᠎ᠠ︾ ᠭᠡᠵᠡᠢ᠃ 
 
ᠢᠷᠡᠯᠲᠡ᠄ ᠰᠢᠶᠠ ᠱᠢ ᠬᠤᠤ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号