4 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠰᠢᠶᠠ ᠱᠢ | ᠬᠤᠤ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠵᠦ᠂ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠲᠣᠰᠬᠤᠨ ᠤ ᠬᠠᠮᠲᠤ ᠶᠢᠨ ᠠᠵᠤ ᠠᠬᠤᠢ᠂ ᠵᠢᠢ ᠢᠦᠢ ᠪᠣᠯᠣᠳ ᠲᠡᠮᠦᠷ ᠤᠨ ᠳᠡᠰ ᠳᠡᠪᠰᠢᠭᠦᠯᠬᠦ | ᠥᠭᠡᠷᠡᠴᠢᠯᠡᠯᠲᠡ᠂ ᠴᠠᠬᠢᠯᠭᠠᠨ ᠮᠡᠳᠡᠭᠡᠨ ᠤ ᠳᠤᠪᠴᠢᠶ᠎ᠡ ᠶᠢᠨ ᠲᠣᠰᠬᠤᠨ ᠤ ᠨᠠᠰᠤᠲᠠᠶᠢᠴᠤᠳ ᠤᠨ ᠬᠤᠭᠤᠯᠠᠨ ᠭᠡᠷ᠂ | ᠬᠢᠲᠠᠳ ᠡᠮ ᠤᠨ ᠮᠠᠲ᠋ᠧᠷᠢᠶᠠᠯ ᠤᠨ ᠠᠷᠠᠯᠵᠢᠶᠠᠨ ᠤ ᠵᠠᠬ᠎ᠠ ᠳᠡᠯᠭᠡᠭᠦᠷ᠂ ᠳ᠋ᠦᠩ ᠶᠢᠨ ᠳᠠᠬᠢᠯᠲᠠ ᠴᠠᠬᠢᠭᠤᠷ ᠢ | ᠴᠡᠪᠡᠷᠰᠢᠭᠦᠯᠦᠨ ᠠᠰᠢᠭᠯᠠᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ | ᠨᠠᠷᠢᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠢ ᠶᠢᠨ | ᠭᠠᠵᠠᠷ ᠲᠤᠨᠢ ᠱᠠᠯᠠᠪᠳᠠᠭᠤᠯᠤᠨ ᠵᠢᠯᠣᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ | ᠶᠣᠣ ᠵᠢᠶᠦ᠋ᠨ ᠵᠢᠶᠧ ᠴᠢᠬᠤᠯᠠᠴᠢᠯᠠᠬᠤ ᠳᠠᠭᠠᠨ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠬᠦ ᠬᠡᠷᠡᠭᠲᠡᠢ᠃ ᠳᠡᠭᠡᠳᠦ ᠱᠠᠲᠤᠨ ᠤ ᠰᠤᠷᠤᠯᠴᠠᠯᠭ᠎ᠠ ᠬᠥᠮᠦᠵᠢᠯ ᠪᠣᠯᠤᠨ ᠣᠯᠠᠨ ᠢᠶᠠᠷ ᠢᠶᠠᠨ ᠢᠯᠵᠠᠷᠠᠬᠤ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠶᠢᠨ ᠶᠠᠰᠤ ᠴᠢᠨᠠᠷ ᠲᠠᠢ᠂ ᠪᠠᠶᠢᠴᠠᠭᠠᠯᠲᠠ ᠶᠢᠨ ᠡᠷᠴᠢᠮ ᠲᠠᠢ᠂ | ᠥᠭᠡᠷᠡᠴᠢᠯᠡᠯᠲᠡ ᠶᠢᠨ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠡᠷᠬᠡ ᠲᠡᠭᠰᠢ ᠲᠥᠪ ᠭᠤᠣᠯᠴᠢ | ᠬᠢᠭᠡᠳ ᠬᠠᠤᠯᠢ ᠲᠣᠭᠲᠠᠭᠠᠯ ᠶᠣᠰᠣᠭᠠᠷ ᠪᠠᠶᠢᠬᠤ ᠵᠠᠷᠴᠢᠮ ᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠦᠨᠳᠦᠰᠦᠨ ᠱᠠᠲᠤ ᠲᠡᠶᠢᠰᠢ ᠤᠷᠲᠤᠳᠬᠠᠬᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ | ᠭᠦᠨᠵᠡᠭᠡᠶᠢᠷᠡᠨ ᠬᠦᠴᠦᠯᠡᠬᠦ ᠶᠢ ᠠᠬᠢᠭᠤᠯᠵᠤ᠂ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠦᠨᠡᠨ ᠬᠦ ᠠᠷᠠᠳ ᠲᠤ | ᠠᠰᠢᠭ ᠬᠦᠷᠲᠡᠭᠡᠬᠦ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠬᠡᠷᠡᠭᠲᠡᠢ᠃ ᠣᠯᠠᠨ ᠲᠦᠮᠡᠨ ᠤ ᠨᠠᠮ ᠤᠨ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠤᠬᠠᠢ ᠣᠶᠢᠯᠠᠭᠠᠬᠤ ᠬᠡᠮᠵᠢᠶ᠎ᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠡᠷᠡᠰ ᠭᠤᠶᠢᠪᠢᠰᠢ ᠦᠭᠡᠢ ᠪᠠᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ | ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠢ᠃ | ᠨᠢᠭᠡ ᠭᠠᠵᠠᠷ ᠣᠷᠣᠨ ᠤ ᠠᠵᠤ ᠠᠬᠤᠢ ᠶᠢ ᠬᠦᠴᠦᠷᠬᠡᠭᠵᠢᠭᠦᠯᠬᠦ᠂ ᠨᠢᠭᠡ ᠭᠠᠵᠠᠷ ᠣᠷᠣᠨ ᠤ ᠠᠷᠠᠳ ᠲᠦᠮᠡᠨ ᠢ | ᠪᠠᠶᠠᠵᠢᠭᠤᠯᠬᠤ᠂ ᠨᠢᠭᠡ ᠭᠠᠵᠠᠷ ᠣᠷᠣᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠵᠦ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠡᠷᠡᠰ ᠬᠠᠮᠠᠭᠠᠯᠠᠬᠤ ᠬᠡᠷᠡᠭᠲᠡᠢ᠃ ᠬᠤᠶᠠᠷ ᠲᠤ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠲᠤᠬᠠᠢ ᠶᠢᠨ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠦᠷ᠎ᠡ ᠠᠰᠢᠭ ᠢ ᠲᠡᠷᠢᠭᠦᠨ ᠳᠤ ᠲᠠᠯᠪᠢᠬᠤ ᠪᠠ ᠵᠠᠬ᠎ᠠ | ᠳᠡᠯᠭᠡᠭᠦᠷᠴᠢᠯᠡᠬᠦ ᠵᠠᠷᠴᠢᠮ ᠢ ᠪᠠᠷᠢᠮᠲᠠᠯᠠᠵᠤ᠂ ᠪᠠᠯᠭᠠᠰᠤᠨ ᠤ ᠠᠵᠤ ᠠᠬᠤᠢ ᠶᠢ ᠰᠠᠶᠢᠲᠤᠷ ᠬᠥᠭᠵᠢᠭᠦᠯᠬᠦ ᠬᠡᠷᠡᠭᠲᠡᠢ᠃ | ᠬᠤᠨᠴᠢᠷ ᠬᠡᠷᠴᠢᠮᠡᠯ ᠲᠣᠨᠤᠭ ᠲᠥᠬᠦᠭᠡᠷᠦᠮᠵᠢ ᠬᠤᠳᠠᠯᠳᠤᠨ ᠠᠪᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ | ᠰᠤᠳᠤᠯᠤᠨ ᠲᠣᠭᠲᠠᠭᠠᠵᠤ᠂ ᠬᠥᠮᠥᠷᠭᠡᠯᠡᠨ ᠬᠠᠳᠠᠭᠠᠯᠠᠬᠤ ᠪᠣᠷᠣᠯᠠᠭᠤᠯᠭ᠎ᠠ ᠶᠢᠨ ᠬᠦᠴᠢᠷ ᠠᠰᠠᠭᠤᠳᠠᠯ ᠢ | ᠰᠢᠢᠳᠪᠦᠷᠢᠯᠡᠵᠦ᠂ ᠬᠥᠳᠡᠭᠡ ᠲᠣᠰᠬᠤᠨ ᠤ ᠣᠷᠣᠯᠭ᠎ᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠪᠡᠯᠡᠳᠭᠡᠮᠵᠢᠳᠤ | ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ᠂ | ᠬᠠᠮᠢᠶᠠᠷᠤᠯᠲᠠ ᠡᠵᠡᠩᠨᠡᠯᠲᠡ ᠶᠢ ᠴᠢᠩᠭᠠᠳᠬᠠᠬᠤ ᠲᠠᠯ᠎ᠠ ᠪᠠᠷ ᠬᠦᠴᠦ ᠲᠠᠯᠪᠢᠵᠤ᠂ ᠴᠢᠨᠠᠷ ᠰᠠᠶᠢᠲᠠᠢ ᠲᠠᠷᠢᠶᠠᠯᠠᠩ ᠤᠨ | ᠪᠦᠲᠦᠭᠡᠭᠳᠡᠬᠦᠨ ᠢ ᠰᠠᠶᠢᠨ ᠦᠨ᠎ᠡ ᠪᠠᠷ ᠬᠤᠳᠠᠯᠳᠤᠬᠤ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢ ᠪᠠᠲᠤ ᠪᠣᠢ | ᠪᠣᠯᠭᠠᠵᠤ᠂ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠪᠣᠯᠤᠨ ᠡᠵᠡᠩᠨᠡᠯᠲᠡ ᠶᠢᠨ | ᠶᠠᠪᠤᠴᠠ ᠳᠠᠬᠢ ᠬᠦᠴᠢᠷᠳᠡᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠲᠡᠢ᠃ ᠰᠣᠶᠣᠯ ᠵᠢᠭᠤᠯᠴᠢᠯᠠᠯ ᠤᠨ | ᠡᠬᠢ ᠪᠠᠶᠠᠯᠢᠭ ᠢᠶᠠᠷ ᠬᠤᠯᠪᠣᠯᠳᠤᠬᠤ᠂ ᠣᠷᠣᠨ ᠪᠦᠰᠡ ᠠᠯᠤᠰᠯᠠᠨ ᠠᠭᠤᠰᠤᠯᠴᠠᠨ ᠬᠥᠭᠵᠢᠬᠦ ᠰᠡᠳᠬᠢᠴᠡ ᠶᠢ | ᠪᠠᠷᠢᠮᠲᠠᠯᠠᠵᠤ᠂ ᠶᠡᠭᠡ ᠢᠩᠲᠦ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠢ ᠰᠠᠶᠢᠲᠤᠷ | ᠪᠠᠶᠢᠭᠤᠯᠬᠤ ᠬᠡᠷᠡᠭᠲᠡᠢ᠃ ᠭᠤᠷᠪᠠ ᠳᠤ᠂ ᠡᠳᠦᠷ ᠲᠤᠲᠤᠮ ᠤᠨ ᠬᠠᠮᠢᠶᠠᠷᠤᠯᠲᠠ ᠶᠢ ᠰᠠᠶᠢᠲᠤᠷ ᠠᠳᠬᠤᠬᠤ ᠬᠡᠷᠡᠭᠲᠡᠢ᠃ | ᠦᠨᠡᠨ ᠠᠴᠠ ᠵᠥᠪ ᠢ ᠡᠷᠢᠵᠦ ᠨᠠᠰᠤᠲᠠᠶᠢᠴᠤᠳ ᠤᠨ ᠬᠤᠭᠤᠯᠠᠨ ᠭᠡᠷ ᠵᠡᠷᠭᠡ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠰᠠᠶᠢᠲᠤᠷ ᠬᠢᠵᠦ᠂ ᠬᠢᠵᠠᠭᠠᠷ ᠲᠠᠢ ᠪᠡᠯᠡ ᠮᠥᠩᠭᠦ ᠶᠢᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠬᠤ | ᠬᠡᠷᠡᠭᠲᠡᠢ᠃ ᠲᠣᠰᠬᠤᠨ ᠤ ᠺᠠᠳ᠋ᠷ ᠢ ᠰᠢᠯᠢᠨ ᠰᠣᠩᠭᠤᠬᠤ᠂ ᠬᠥᠮᠦᠵᠢᠭᠦᠯᠬᠦ ᠪᠠ ᠬᠠᠮᠢᠶᠠᠷᠬᠤ ᠲᠠᠯ᠎ᠠ ᠪᠠᠷ ᠭᠦᠢᠴᠡᠳ | ᠬᠦᠴᠦ ᠣᠷᠣᠭᠤᠯᠵᠤ᠂ ᠴᠢᠳᠠᠪᠤᠷᠢᠲᠠᠨ᠂ ᠳᠠᠭᠠᠭᠤᠯᠤᠭᠴᠢ ᠶᠢ ᠰᠣᠩᠭᠤᠨ ᠭᠠᠷᠭᠠᠵᠤ᠂ ᠲᠣᠰᠬᠤᠨ ᠤ ︽ᠬᠤᠶᠠᠷ | ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠠᠵᠢᠯ ᠦᠢᠯᠡᠰ ᠢ | ᠬᠥᠭᠵᠢᠭᠦᠯᠬᠦ᠂ ᠬᠥᠮᠦᠨ ᠪᠠ ᠠᠵᠢᠯ ᠤᠨ ᠪᠠᠶᠢᠷᠢ ᠶᠢ ᠵᠣᠬᠢᠴᠠᠭᠤᠯᠬᠤ᠂ ᠠᠵᠢᠯᠲᠠᠨ ᠤ ᠶᠠᠪᠤᠳᠠᠯ ᠢ ᠵᠣᠬᠢᠴᠠᠬᠤ | ᠵᠠᠷᠴᠢᠮ ᠢ ᠪᠠᠷᠢᠮᠲᠠᠯᠠᠵᠤ᠂ ᠪᠠᠯᠭᠠᠰᠤ ᠲᠣᠰᠬᠤᠨ ᠤ ᠺᠠᠳ᠋ᠷ ᠤᠨ ᠠᠵᠢᠯ ᠤᠨ ᠬᠠᠯᠠᠭᠤᠨ ᠰᠡᠳᠬᠢᠯᠭᠡ ᠶᠢ ᠦᠷᠭᠦᠯᠵᠢᠯᠡᠨ | ᠬᠥᠭᠵᠢᠭᠡᠬᠦ ᠬᠡᠷᠡᠭᠲᠡᠢ᠃ ᠡᠯ᠎ᠡ ᠲᠣᠰᠬᠤᠨ ᠤ ᠬᠠᠮᠲᠤ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ | ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠬᠤ ᠬᠡᠷᠡᠭᠲᠡᠢ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ | ᠢᠮᠠᠭᠲᠠ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠬᠢᠨᠠᠨ ᠬᠡᠮᠵᠢᠵᠦ ᠬᠠᠪᠰᠤᠷᠤᠨ ᠲᠡᠳᠬᠦᠬᠦ | ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠬᠡᠵᠡᠢ᠃ | ᠰᠢᠶᠠᠨ ᠤ ᠤᠳᠤᠷᠢᠳᠤᠯᠭ᠎ᠠ ᠭᠦᠸᠧ ᠵᠢᠶᠠᠨ ᠭᠤᠸᠠᠩ᠂ ᠯᠢ ᠷᠦᠢ᠂ ᠰᠢᠶᠠᠨ ᠤ ᠨᠠᠮ ᠤᠨ ᠬᠤᠷᠢᠶᠠᠨ ᠤ ᠠᠯᠪᠠᠨ | ᠭᠡᠷ ᠤᠨ ᠬᠠᠮᠢᠶ᠎ᠠ ᠪᠦᠬᠦᠢ ᠬᠥᠮᠦᠰ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | |