ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠢ ᠤᠯᠠᠮ ᠨᠢᠭᠡ ᠠᠯᠬᠤᠮ ᠴᠢᠩᠭᠠᠳᠬᠠᠵᠤ᠂ ᠴᠢᠨᠠᠷ | ᠰᠠᠶᠢᠲᠠᠢ ᠡᠮ ᠡᠮᠨᠡᠯᠭᠡ ᠶᠢᠨ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠵᠣᠬᠢᠴᠠᠭᠤᠯᠤᠨ ᠠᠬᠢᠭᠤᠯᠬᠤ ᠶᠢᠨ | ᠲᠥᠯᠥᠭᠡ᠂ ᠰᠢᠶᠠ ᠱᠢ ᠬᠤᠤ ᠪᠠᠯᠭᠠᠰᠤ ᠶᠢᠨ ︽ᠨᠢᠭᠡ ᠰᠡᠳᠬᠢᠯ ᠨᠢᠭᠡ ᠵᠣᠷᠢᠭ ᠢᠶᠠᠷ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠵᠤ᠂ ᠡᠯ᠎ᠡ ᠲᠦᠷᠦᠯ ᠤᠨ ᠨᠢᠭᠡᠳᠦᠮᠡᠯ ᠹᠷᠣᠨᠲ ᠤᠨ ᠡᠬᠢ ᠪᠠᠶᠠᠯᠢᠭ ᠢ ᠠᠮᠢᠯᠠᠭᠤᠯᠵᠤ᠂ | ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ᠂ ᠰᠢᠨ᠎ᠡ ᠳᠠᠪᠬᠤᠷᠭ᠎ᠠ ᠶᠢᠨ ᠬᠥᠮᠦᠰ ᠤᠨ ᠢᠳᠡᠪᠬᠢᠵᠢᠯ ᠪᠠ | ᠪᠦᠲᠦᠭᠡᠯᠴᠢ ᠴᠢᠨᠠᠷ ᠢ ᠭᠦᠢᠴᠡᠳ ᠲᠠᠶᠢᠴᠢᠯᠠᠵᠦ᠂ ᠬᠠᠷᠢᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ︽ | ᠰᠡᠳᠬᠢᠯ ᠨᠢᠭᠡᠳᠦᠨ ᠡᠷᠡᠭᠦᠯ ᠮᠡᠨᠳᠦ ᠶᠢ ᠡᠷᠬᠢᠮᠯᠡᠶ᠎ᠡ︾ ᠭᠡᠬᠦ ᠰᠢᠷᠢᠰ ᠠᠵᠢᠯᠯᠠᠭ᠎ᠠ ᠶᠢ ᠥᠷᠨᠢᠭᠦᠯᠵᠦ᠂ ᠤᠯᠠᠨ | ᠲᠦᠮᠡᠨ ᠳᠤ ᠭᠡᠷ ᠤᠨ ᠡᠭᠦᠳᠡᠨ ᠳᠤ ᠳᠡᠭᠡᠳᠦ ᠱᠠᠲᠤᠨ ᠤ ᠲᠤᠰᠬᠠᠢ ᠮᠡᠷᠭᠡᠵᠢᠯᠲᠡᠨ ᠤ ᠣᠨᠣᠰᠢᠯᠠᠯᠲᠠ ᠶᠢᠨ ᠰᠠᠨᠠᠯ ᠢ | ᠬᠦᠷᠲᠡᠭᠡᠵᠦ᠂ ᠡᠮ ᠡᠮᠨᠡᠯᠭᠡ ᠶᠢᠨ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠪᠡ᠃ | ᠰᠢᠶᠠ ᠱᠢ ᠬᠤᠤ ᠪᠠᠯᠭᠠᠰᠤ ︽ᠨᠢᠭᠡ ᠰᠡᠳᠬᠢᠯ ᠨᠢᠭᠡ ᠪᠦᠯᠦᠭ︾ ᠤᠨ ᠲᠠᠪᠴᠠᠩ ᠤᠨ ᠥᠪᠡᠷᠮᠢᠴᠡ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ᠂ ᠰᠢᠨ᠎ᠡ | ᠳᠠᠪᠬᠤᠷᠭ᠎ᠠ ᠶᠢᠨ ᠬᠥᠮᠦᠰ ᠢ ᠢᠳᠡᠪᠬᠢᠲᠡᠢ ᠳᠠᠶᠢᠴᠢᠯᠠᠵᠤ᠂ ᠭᠠᠳᠠᠭᠠᠳᠤ ᠡᠬᠢ ᠪᠠᠶᠠᠯᠢᠭ ᠪᠣᠯᠤᠨ ᠲᠤᠰ ᠭᠠᠵᠠᠷ ᠤᠨ | ᠬᠡᠷᠡᠭᠴᠡᠭᠡ ᠲᠠᠢ ᠬᠠᠷᠢᠯᠴᠠᠬᠤ ︽ᠰᠡᠳᠬᠢᠯ ᠤᠨ ᠬᠥᠭᠦᠷᠭᠡ︾ ᠶᠢ ᠪᠠᠶᠢᠭᠤᠯᠪᠠ᠃ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ᠂ ᠠᠳᠠᠯᠢ ᠪᠤᠰᠤ ᠡᠮᠴᠢᠯᠡᠭᠡᠨ ᠤ ᠪᠠᠶᠢᠭᠤᠯᠤᠮᠵᠢ᠂ ᠠᠳᠠᠯᠢ | ᠪᠤᠰᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ | ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠩ ᠣᠯᠠᠨ ᠡᠰᠢᠲᠦ᠂ ᠴᠢᠨᠠᠷ ᠰᠠᠶᠢᠲᠠᠶ | ᠡᠮᠴᠢᠯᠡᠭᠡᠨ ᠤ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ ᠡᠮᠴᠢᠯᠡᠭᠡᠨ ᠤ ᠡᠬᠢ ᠪᠠᠶᠠᠯᠢᠭ ᠢ ᠵᠣᠯᠭᠠᠭᠤᠯᠬᠤ᠂ | ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠣᠨᠴᠠᠭᠠᠶ ᠬᠠᠮᠲᠤᠯᠢᠭ ᠢ ᠬᠠᠯᠠᠮᠵᠢᠯᠠᠬᠤ ᠵᠡᠷᠭᠡ ᠲᠠᠯ᠎ᠠ ᠪᠠᠷ | ᠴᠢᠬᠤᠯᠠ ᠦᠢᠯᠡᠳᠦᠯ ᠦᠵᠡᠭᠦᠯᠵᠦ᠂ ᠡᠮᠴᠢᠯᠡᠭᠡ ᠪᠠᠷ ᠬᠤᠯᠪᠣᠭᠠᠰᠤ ᠪᠣᠯᠭᠠᠵᠤ᠂ ᠡᠯ᠎ᠡ ᠲᠠᠯ᠎ᠠ ᠶᠢᠨ ᠬᠠᠮᠲᠤ ᠶᠢᠨ | ᠲᠠᠨᠢᠯᠲᠠ ᠶᠢ ᠨᠢᠭᠲᠠᠷᠠᠭᠤᠯᠵᠤ᠂ ᠬᠠᠮᠤᠭ ᠤᠨ ᠶᠡᠭᠡ ︽ᠢᠵᠢᠯ ᠲᠥᠪᠲᠦ ᠲᠣᠭᠤᠷᠢᠭ︾ ᠢ ᠵᠢᠷᠤᠭᠯᠠᠪᠠ᠃ | ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ᠂ ᠰᠢᠨ᠎ᠡ ᠳᠠᠪᠬᠤᠷᠭ᠎ᠠ ᠶᠢᠨ ᠬᠥᠮᠦᠰ ᠨᠠᠷᠢᠨ ᠨᠢᠮᠪᠠᠢ | ᠬᠤᠯᠪᠣᠯᠳᠤᠵᠤ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠢᠳᠡᠪᠬᠢᠲᠡᠢ ᠵᠣᠯᠭᠠᠭᠤᠯᠵᠤ᠂ | ᠰᠢᠶᠠᠨ ᠤ ᠭᠠᠳᠠᠨᠠᠬᠢ ᠡᠮᠨᠡᠯᠭᠡ ᠶᠢᠨ ᠮᠡᠷᠭᠡᠵᠢᠯ ᠨᠢ ᠨᠠᠷᠢᠨ ᠨᠢᠭᠲᠠ ᠲᠤᠰᠬᠠᠢ ᠮᠡᠷᠭᠡᠵᠢᠯᠲᠡᠨ᠂ ᠲᠤᠷᠰᠢᠯᠭ᠎ᠠ ᠪᠠᠷ | ᠪᠠᠶᠠᠯᠢᠭ ᠡᠮᠴᠢ ᠰᠤᠪᠢᠯᠠᠭᠴᠢ ᠶᠢ ᠤᠷᠢᠵᠤ᠂ ᠲᠤᠰᠬᠠᠢ ᠮᠡᠷᠭᠡᠵᠢᠯ ᠤᠨ ᠲᠠᠯ᠎ᠠ ᠪᠠᠷ ᠴᠠᠭᠠᠷᠠᠭᠰᠠᠨ ᠡᠮᠴᠢᠯᠡᠭᠡᠨ ᠤ | ᠪᠦᠯᠬᠦᠮ ᠢ ᠵᠣᠬᠢᠶᠠᠨ ᠪᠠᠶᠢᠭᠤᠯᠵᠤ᠂ ᠲᠣᠰᠬᠤᠨ ᠤ ᠠᠷᠠᠳ ᠲᠤ ᠰᠦᠢᠳᠬᠡᠯ ᠬᠤᠷᠢᠶᠠᠬᠤ ᠦᠭᠡᠢ ᠪᠠᠷ ᠠᠯᠪᠠᠨ | ᠵᠢᠷᠤᠮ ᠤᠨ ᠡᠮᠴᠢᠯᠡᠭᠡ ᠬᠢᠯᠭᠡᠪᠡ᠃ ᠠᠯᠪᠠᠨ ᠵᠢᠷᠤᠮ ᠤᠨ ᠡᠮᠴᠢᠯᠡᠭᠡᠨ ᠤ ᠲᠤᠬᠠᠢ ᠶᠢᠨ ᠲᠠᠯᠠᠪᠠᠢ ᠳᠤ᠂ ᠨᠠᠮ ᠤᠨ | ᠭᠠᠳᠠᠨᠠᠬᠢ ᠲᠥᠯᠥᠭᠡᠯᠡᠭᠴᠢ ᠲᠣᠰᠬᠤᠨ ᠤ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠴᠢᠰᠤᠨ ᠳᠠᠷᠤᠯᠲᠠ ᠶᠢ | ᠬᠡᠮᠵᠢᠬᠦ᠂ ᠴᠢᠰᠤᠨ ᠰᠢᠬᠢᠷ ᠢ ᠬᠡᠮᠵᠢᠬᠦ᠂ ᠵᠢᠷᠦᠬᠡ ᠠᠭᠤᠰᠬᠢᠨ ᠦᠷᠪᠢᠰᠦᠯ ᠢ ᠡᠮᠴᠢᠯᠡᠬᠦ ᠵᠡᠷᠭᠡ ᠡᠯ᠎ᠡ ᠵᠦᠢᠯ ᠤᠨ | ᠪᠡᠶ᠎ᠡ ᠶᠢᠨ ᠪᠠᠶᠢᠴᠠᠭᠠᠯᠲᠠ ᠬᠢᠯᠭᠡᠵᠦ᠂ ᠡᠮᠴᠢ ᠰᠤᠪᠢᠯᠠᠭᠴᠢᠳ ᠲᠤ ᠬᠠᠪᠰᠤᠷᠤᠨ ᠲᠣᠰᠬᠤᠨ ᠤ ᠠᠷᠠᠳ ᠤᠨ | ᠡᠪᠡᠳᠴᠢᠨ ᠤ ᠲᠡᠦᠬᠡ ᠶᠢ ᠣᠶᠢᠯᠠᠭᠠᠵᠤ᠂ ᠣᠨᠣᠰᠢᠯᠠᠯᠲᠠ ᠶᠢ ᠨᠡᠩ ᠣᠨᠣᠪᠴᠢᠲᠠᠢ ᠥᠨᠳᠥᠷ ᠪᠦᠲᠦᠮᠵᠢᠲᠡᠢ ᠪᠣᠯᠭᠠᠪᠠ᠃ | ᠲᠣᠰᠬᠤᠨ ᠤ ᠠᠷᠠᠳ ᠲᠤ ᠣᠨᠣᠰᠢᠯᠠᠯᠲᠠ ᠶᠢᠨ ᠦᠷ᠎ᠡ ᠳ᠋ᠦᠩ ᠢ ᠨᠠᠷᠢᠨ ᠲᠠᠶᠢᠯᠪᠤᠷᠢᠯᠠᠵᠤ᠂ ᠲᠣᠰᠬᠤᠨ ᠤ | ᠠᠷᠠᠳ ᠤᠨ ᠡᠳᠦᠷ ᠲᠤᠲᠤᠮ ᠤᠨ ᠡᠷᠡᠭᠦᠯᠵᠢᠯ ᠤᠨ ᠭᠤᠤᠯᠳᠠᠯᠭ᠎ᠠ ᠶᠢ ᠵᠢᠯᠣᠭᠤᠳᠴᠤ᠂ ᠲᠣᠰᠬᠤᠨ ᠤ ᠠᠷᠠᠳ ᠲᠤ | ᠬᠡᠷ ᠤᠨ ᠡᠭᠦᠳᠡᠨ ᠳᠠᠬᠢ ︽ᠡᠷᠡᠭᠦᠯ ᠮᠡᠨᠳᠦ ᠶᠢᠨ ᠬᠠᠩᠭᠠᠯᠭ᠎ᠠ ᠶᠢᠨ ᠥᠷᠲᠡᠭᠡ︾ ᠪᠠᠶᠢᠭᠤᠯᠵᠤ᠂ ᠲᠣᠰᠬᠤᠨ ᠤ | ᠠᠷᠠᠳ ᠲᠤ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠶᠠᠭ ᠳᠡᠷᠭᠡᠳᠡ ᠨᠢ ᠪᠠᠶᠢᠬᠤ ᠶᠢ ᠦᠨᠡᠨ ᠬᠦ ᠮᠡᠳᠡᠷᠡᠭᠦᠯᠵᠦ᠂ | ᠪᠠᠰᠠ ︽ᠨᠢᠭᠡ ᠰᠡᠳᠬᠢᠯ ᠲᠠᠢ ᠴᠤᠭᠯᠠᠭᠠᠨ︾ ᠲᠠᠪᠴᠠᠩ ᠤᠨ ᠥᠷᠲᠡᠭ ᠢ ᠡᠨᠡᠬᠦ ᠬᠠᠶᠢᠷ᠎ᠠ ᠬᠠᠯᠠᠮᠵᠢ ᠶᠢᠨ | ᠳᠠᠮᠵᠢᠭᠤᠯᠭ᠎ᠠ ᠠᠴᠠ ᠭᠦᠢᠴᠡᠳ ᠢᠯᠡᠷᠡᠭᠦᠯᠪᠡ᠃ | 2025 ᠣᠨ ᠠᠴᠠ ᠨᠠᠰᠢ᠂ ᠨᠠᠮ ᠤᠨ ᠭᠠᠳᠠᠨᠠᠬᠢ ᠲᠥᠯᠥᠭᠡᠯᠡᠭᠴᠢ ᠬᠠᠷᠢᠶᠠᠲᠤ ᠣᠷᠣᠨ ᠤ ᠳᠣᠲᠣᠷᠠᠬᠢ ᠣᠶᠤᠨ | ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠬᠠᠮᠢᠶ᠎ᠠ ᠪᠥᠬᠦᠶ ᠪᠠᠶᠢᠳᠠᠯ ᠢ ᠭᠦᠨᠵᠡᠭᠡᠶ ᠤᠶᠢᠯᠠᠭᠠᠨ ᠵᠢᠭᠰᠠᠭᠠᠵᠤ᠂ | ᠪᠤᠭᠤᠲᠤ ᠬᠤᠲᠠ ᠶᠢᠨ ᠵᠢᠷᠭᠤᠳᠤᠭᠠᠷ ᠡᠮᠨᠡᠯᠭᠡ ᠶᠢᠨ ᠬᠤᠷᠢᠶ᠎ᠠ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠠᠮᠲᠤᠷᠠᠨ ᠬᠠᠷᠢᠶᠠᠲᠤ ᠣᠷᠣᠨ ᠤ ᠳᠣᠲᠣᠷᠠᠬᠢ | ᠬᠦᠨᠳᠦ ᠨᠣᠴᠢᠲᠠᠶ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠬᠡᠷ ᠲᠤ ᠭᠦᠨᠵᠡᠭᠡᠶᠢᠷᠡᠵᠦ᠂ ᠳᠡᠩᠰᠡᠯᠡᠵᠦ | ᠪᠠᠶᠢᠭ᠎ᠠ ᠡᠪᠡᠳᠴᠢᠲᠡᠨ ᠢ ᠲᠣᠭᠲᠠᠮᠠᠯ ᠬᠤᠭᠤᠴᠠᠭ᠎ᠠ ᠲᠠᠢ ᠪᠠᠷ ᠬᠡᠷ ᠲᠤᠨᠢ ᠬᠦᠷᠴᠦ ᠡᠷᠡᠭᠦᠯ ᠮᠡᠨᠳᠦ ᠶᠢᠨ ᠪᠠᠶᠢᠴᠠᠭᠠᠯᠲᠠ | ᠪᠠ ᠰᠡᠳᠬᠢᠴᠡ ᠶᠢᠨ ᠵᠢᠯᠣᠭᠤᠳᠣᠯᠭ᠎ᠠ ᠬᠢᠵᠦ᠂ ᠡᠪᠡᠳᠴᠢᠲᠡᠨ ᠤ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ | ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠵᠤ᠂ ᠡᠪᠡᠳᠴᠢᠲᠡᠨ ᠤ ᠢᠳᠡᠪᠬᠢᠲᠡᠶ ᠠᠮᠢᠳᠤᠷᠠᠯ ᠢ ᠵᠣᠷᠢᠭᠵᠢᠭᠤᠯᠵᠤ᠂ | ᠡᠪᠡᠳᠴᠢᠲᠡᠨ ᠢ ᠬᠡᠷ ᠠᠴᠠ ᠪᠠᠨ ᠭᠠᠷᠬᠤ ᠥᠬᠡᠶ ᠪᠠᠷ ᠬᠠᠮᠢᠶ᠎ᠠ ᠪᠥᠬᠦᠶ ᠡᠮᠴᠢᠯᠡᠭᠡᠨ ᠤ ᠦᠢᠯᠡᠴᠢᠯᠡᠭᠡ ᠭᠥᠷᠳᠡᠬᠦ ᠶᠢ | ᠦᠨᠡᠨ ᠬᠦ ᠪᠠᠲᠤᠯᠠᠪᠠ᠃ ᠣᠲᠣ ᠪᠣᠯᠲᠠᠯ᠎ᠠ᠂ ᠬᠦᠨᠳᠦ ᠨᠣᠴᠢᠲᠠᠶ ᠣᠶᠤᠨ ᠮᠡᠳᠡᠷᠡᠯ ᠤᠨ ᠰᠠᠭᠠᠳ ᠲᠠᠢ 37 | ᠬᠥᠮᠦᠨ ᠳᠤ ᠦᠢᠯᠡᠴᠢᠯᠡᠵᠦ᠂ ᠡᠪᠡᠳᠴᠢᠲᠡᠨ ᠢ ᠬᠠᠮᠢᠶᠠᠷᠬᠤ᠂ ᠡᠮᠨᠡᠨ ᠵᠠᠰᠠᠵᠤ ᠡᠷᠡᠭᠦᠯᠵᠢᠭᠦᠯᠬᠦ ᠪᠠ ᠠᠮᠢᠳᠤᠷᠠᠯ ᠤᠨ | ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ | ᠳᠠᠷᠠᠭᠠᠴᠢ ᠶᠢᠨ ᠠᠯᠬᠤᠮ ᠳᠤ᠂ ᠰᠢᠶᠠ ᠱᠢ ᠬᠤᠤ ᠪᠠᠯᠭᠠᠰᠤᠨ ᠤ ︽ᠨᠢᠭᠡ ᠰᠡᠳᠬᠢᠯ ᠢᠶᠠᠷ ᠨᠢᠭᠡ ᠰᠡᠳᠬᠢᠯ ᠢᠶᠠᠷ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ | ᠪᠣᠯᠭᠠᠬᠤ ᠶᠢ ᠪᠠᠷᠢᠮᠲᠠᠯᠠᠵᠤ᠂ ᠡᠬᠢ ᠪᠠᠶᠠᠯᠢᠭ ᠢ ᠨᠡᠶᠢᠳᠬᠡᠬᠦ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ | ᠡᠮᠴᠢᠯᠡᠭᠡᠨ ᠤ ᠡᠬᠢ ᠪᠠᠶᠠᠯᠢᠭ ᠢ ᠵᠣᠯᠭᠠᠭᠤᠯᠬᠤ ᠠᠷᠭ᠎ᠠ ᠵᠠᠮ ᠢ ᠢᠳᠡᠪᠬᠢᠲᠡᠢ ᠥᠷᠭᠡᠳᠬᠡᠵᠦ᠂ ᠥᠨᠳᠥᠷ ᠲᠦᠪᠰᠢᠨ | ᠪᠦᠬᠦᠢ ᠡᠮᠴᠢᠯᠡᠭᠡᠨ ᠤ ᠲᠤᠰᠬᠠᠢ ᠮᠡᠷᠭᠡᠵᠢᠯᠲᠡᠨ ᠤ ᠪᠦᠯᠬᠦᠮ ᠢ ᠣᠷᠣᠭᠤᠯᠤᠨ ᠲᠣᠭᠲᠠᠮᠠᠯ ᠬᠤᠭᠤᠴᠠᠭ᠎ᠠ ᠲᠠᠢ ᠪᠠᠷ | ᠰᠠᠭᠤᠯᠭᠠᠵᠤ᠂ ᠲᠣᠭᠤᠷᠢᠨ ᠡᠮᠴᠢᠯᠡᠬᠦ ᠦᠢᠯᠡᠴᠢᠯᠡᠭᠡ ᠬᠠᠩᠭᠠᠵᠤ᠂ ᠲᠣᠰᠬᠤᠨ ᠤ ᠠᠷᠠᠳ ᠲᠤ ᠰᠢᠯᠢᠳᠡᠭ ᠣᠨᠣᠰᠢᠯᠠᠨ | ᠡᠮᠨᠡᠬᠦ ᠦᠢᠯᠡᠴᠢᠯᠡᠭᠡ ᠬᠠᠩᠭᠠᠵᠤ᠂ ᠲᠣᠰᠬᠤᠨ ᠤ ᠠᠷᠠᠳ ᠲᠤ ᠨᠡᠩ ᠪᠦᠬᠦ ᠲᠠᠯ᠎ᠠ ᠶᠢᠨ᠂ ᠨᠡᠩ ᠳᠣᠲᠣᠨᠣ ᠡᠷᠡᠭᠦᠯ | ᠮᠡᠨᠳᠦ ᠶᠢᠨ ᠪᠠᠲᠤᠯᠠᠪᠤᠷᠢ ᠶᠢᠨ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠶᠢᠭᠤᠯᠵᠤ᠂ ᠲᠣᠰᠬᠤᠨ ᠤ | ᠠᠷᠠᠳ ᠲᠤ ᠦᠨᠡᠨᠬᠦ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠬᠦᠷᠲᠡᠭᠡᠵᠦ᠂ ᠲᠣᠰᠬᠤᠨ ᠤ ᠠᠷᠠᠳ ᠤᠨ ᠡᠷᠡᠭᠦᠯ | ᠮᠡᠨᠳᠦ ᠶᠢᠨ ᠲᠦᠪᠰᠢᠨ ᠪᠣᠯᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | |