ᠡᠯ ᠱᠧ ᠲᠤᠰᠬᠤᠨ ᠤ ᠵᠠᠩ ᠵᠦ ᠰᠢᠶᠣᠤ ᠬᠡᠷ ᠪᠦᠯᠢ᠄ ᠬᠠᠶᠢᠷ᠎ᠠ ᠪᠠ ᠬᠠᠷᠢᠭᠤᠴᠠᠯᠭ᠎ᠠ ᠶᠢ ᠪᠢᠴᠢᠭᠯᠡᠬᠦ ︽ᠬᠠᠮᠤᠭ ᠤᠨ ᠭᠤᠶᠤ︾ ᠬᠥᠭᠵᠢᠮ ᠤᠨ ᠬᠠᠭᠤᠳᠠᠰᠤ
ᠨᠡᠶᠢᠲᠡᠯᠡᠭᠰᠡᠨ ᠴᠠᠭ᠄
2025/4/14
    ᠵᠠᠩ ᠵᠦ ᠰᠢᠶᠣᠤ ᠭᠡᠷ ᠪᠦᠯᠢ - ᠬᠠᠶᠢᠷ᠎ᠠ ᠬᠢᠭᠡᠳ ᠬᠠᠷᠢᠭᠤᠴᠠᠯᠭ᠎ᠠ ᠶᠢ ᠪᠢᠴᠢᠭᠯᠡᠬᠦ ᠬᠠᠮᠤᠭ ᠤᠨ ᠭᠤᠶᠤ ︽ᠬᠥᠭᠵᠢᠮ︾    ᠵᠢᠨᠱᠠᠨ ᠪᠠᠯᠭᠠᠰᠤᠨ ᠤ ᠡᠯ ᠱᠧ ᠲᠣᠰᠬᠤᠨ ᠤ ᠨᠠᠮ ᠤᠨ ᠬᠤᠷᠢᠶᠠᠨ ᠤ ᠰᠢᠨ ᠮᠢᠨ ᠲᠣᠰᠬᠤᠨ ᠳᠤ ᠡᠶᠢᠮᠦ ᠨᠢᠭᠡᠨ ᠭᠡᠷ ᠪᠦᠯᠢ ᠠᠮᠢᠳᠤᠷᠠᠵᠤ ᠪᠠᠶᠢᠨ᠎ᠠ᠃ ᠵᠠᠩ ᠵᠦ ᠰᠢᠶᠤᠤ ᠪᠣᠯᠤᠨ ᠴᠢ ᠮᠧᠢ ᠷᠧᠨ ᠡᠷ᠎ᠡ ᠡᠮ᠎ᠡ ᠬᠤᠶᠠᠭᠤᠯᠠ ᠭᠤᠴᠢᠨ ᠵᠢᠯ ᠬᠠᠪᠤᠷ ᠨᠠᠮᠤᠷ ᠬᠠᠶᠢᠷ᠎ᠠ ᠶᠢᠨ ᠥᠷᠭᠡᠷᠢᠭ ᠨᠡᠬᠡᠵᠦ᠂ ᠣᠨ ᠰᠠᠷ᠎ᠠ ᠶᠢᠨ ᠰᠠᠯᠬᠢ ᠬᠢᠷᠠᠭᠤ ᠶᠢ ᠬᠥᠷᠰᠢ ᠵᠡᠷᠭᠡᠯᠡᠳᠡᠭᠡ ᠳᠡᠭᠡᠨ ᠠᠯᠠᠭᠯᠠᠨ ᠤᠯᠠᠮᠵᠢᠯᠠᠭᠰᠠᠨ ᠬᠠᠯᠠᠭᠤᠨ ᠳᠤᠯᠠᠭᠠᠨ ᠦᠯᠢᠭᠡᠷ ᠪᠣᠯᠭᠠᠨ ᠨᠡᠷᠡᠭᠰᠡᠨ ᠪᠠᠶᠢᠨ᠎ᠠ᠃ ᠭᠡᠷ ᠲᠤ 90 ᠨᠠᠰᠤᠲᠠᠶ ᠨᠠᠰᠤᠲᠠᠨ ᠤ ᠰᠠᠨᠴᠢᠭ ᠨᠢ ᠬᠢᠷᠠᠭᠤ ᠤᠨᠠᠵᠤ᠂ ᠦᠷᠴᠢᠯᠡᠭᠡᠰᠦ ᠪᠣᠯᠭᠠᠨ ᠳᠤ ᠴᠠᠭ ᠬᠤᠭᠤᠴᠠᠭᠠᠨ ᠤ ᠪᠡᠯᠡᠭ ᠬᠦᠷᠭᠡᠨ᠎ᠡ︔ ᠣᠷᠣ ᠳᠡᠭᠡᠷ᠎ᠡ ᠪᠠᠨ ᠪᠠᠶᠢᠭᠰᠠᠨ ᠠᠬ᠎ᠠ ᠳᠡᠭᠦᠦ ᠬᠡᠳᠦ᠋ᠢᠪᠡᠷ ᠡᠪᠡᠳᠴᠢᠨ ᠳᠤ ᠨᠡᠷᠪᠡᠭᠳᠡᠵᠦ ᠬᠡᠪᠲᠡᠷ᠎ᠡ ᠳᠤ ᠪᠠᠶᠢᠬᠤ ᠪᠣᠯᠪᠠᠴᠤ᠂  ᠭᠡᠷ ᠤᠨ ᠬᠥᠮᠦᠰ  ᠨᠠᠷᠢᠨ ᠨᠢᠮᠪᠠᠢ ᠬᠠᠷᠠᠭᠠᠯᠵᠠᠳᠠᠭ᠃ ᠠᠳᠡ ᠪᠣᠯ ᠬᠠᠶᠢᠷ᠎ᠠ ᠰᠡᠳᠬᠢᠯᠭᠡ ᠪᠠᠷ ᠪᠠᠶᠢᠭᠤᠯᠤᠭᠰᠠᠨ ᠭᠠᠷᠠᠮ ᠪᠤᠯᠤᠩ ᠮᠥᠨ᠂ ᠪᠠᠰᠠ ᠴᠤ ︽ᠶᠠᠷᠤ ᠶᠢᠨ ᠭᠠᠷ᠂ ᠰᠠᠯᠬᠢ ᠪᠣᠷᠣᠭᠠᠨ ᠢ ᠬᠠᠮᠲᠤ ᠪᠠᠷ ᠡᠭᠦᠷᠭᠡᠯᠡᠬᠦ︾ ᠠᠮᠢᠳᠤᠯᠢᠭ ᠲᠠᠶᠢᠯᠪᠤᠷᠢ ᠮᠥᠨ᠃    ᠵᠠᠩ ᠵᠦ ᠰᠢᠶᠣᠤ ᠪᠣᠯᠤᠨ ᠴᠢ ᠮᠧᠢ ᠷᠧᠨ ᠡᠬᠡᠨᠡᠷ ᠬᠤᠶᠠᠭᠤᠯᠠ ᠠᠮᠢᠳᠤᠷᠠᠯ ᠳᠤ ᠡᠷᠲᠡ ᠪᠣᠰᠴᠤ ᠠᠵᠢᠯ ᠬᠤᠪᠢᠶᠠᠷᠢᠯᠠᠨ ᠬᠠᠮᠵᠢᠯᠴᠠᠭᠰᠠᠨ ᠨᠢ᠄ ᠴᠢ ᠮᠧᠢ ᠷᠧᠨ ᠬᠤᠷᠮᠦ᠋ᠢᠪᠴᠢ ᠵᠠᠩᠭᠢᠳᠤᠨ ᠲᠣᠭᠤᠭᠠᠨ ᠭᠡᠷ ᠲᠤ ᠣᠷᠣᠵᠤ᠂ ᠨᠠᠰᠤᠲᠠᠨ ᠤ ᠰᠢᠩᠭᠡᠨ ᠪᠤᠳᠠᠭ᠎ᠠ ᠶᠢ ᠴᠤ ᠰᠡᠳᠬᠢᠯ ᠲᠠᠯᠪᠢᠨ ᠬᠢᠨ᠎ᠡ᠃ ᠥᠷᠯᠥᠭᠡ ᠶᠢᠨ ᠬᠤᠭᠤᠯᠠ ᠪᠠᠨ ᠪᠡᠯᠡᠳᠬᠡᠵᠦ᠂ ᠵᠠᠩ ᠵᠦ ᠰᠢᠶᠤᠤ ᠨᠠᠰᠤᠲᠠᠨ ᠤ ᠣᠷᠣᠨ ᠤ ᠬᠠᠵᠠᠭᠤ ᠳᠤ ᠢᠷᠡᠵᠦ᠂ ᠬᠥᠳᠡᠯᠦᠯ ᠪᠠᠷᠢᠯ ᠨᠢ ᠬᠤᠪᠣᠷ ᠴᠤᠬᠠᠭ ᠡᠷᠳᠡᠨᠢ ᠰᠢᠭ ᠢᠶᠠᠷ ᠨᠠᠰᠤᠲᠠᠨ ᠢ ᠠᠯᠭᠤᠷᠬᠠᠨ ᠲᠦᠰᠢᠵᠦ᠂ ᠥᠪᠡᠷ ᠤᠨ ᠳᠡᠷᠭᠡᠳᠡ ᠰᠠᠭᠤᠵᠤ᠂ ᠠᠶᠠᠭ᠎ᠠ ᠰᠠᠪᠬ᠎ᠠ ᠪᠠᠨ ᠠᠪᠴᠤ᠂ ᠨᠢᠭᠡ ᠬᠠᠯᠪᠠᠭ᠎ᠠ ᠨᠢᠭᠡ ᠬᠠᠯᠪᠠᠭ᠎ᠠ ᠪᠠᠷ ᠨᠠᠰᠤᠲᠠᠨ ᠢ ᠠᠰᠠᠷᠠᠨ ᠬᠤᠭᠤᠯᠠ ᠢᠳᠡᠭᠦᠯᠵᠦ᠂ ᠪᠠᠶᠢᠨ ᠪᠠᠶᠢᠨ ᠬᠥᠩᠭᠡᠨ ᠳᠠᠭᠤᠨ ᠢᠶᠠᠷ ᠬᠤᠭᠤᠯᠠᠨ ᠭᠡᠷ ᠤᠨ ᠳᠤᠯᠠᠭᠠᠨ ᠤ ᠬᠡᠮᠵᠢᠶ᠎ᠡ ᠨᠢ ᠵᠣᠬᠢᠰᠲᠠᠶ ᠡᠰᠡᠬᠦ ᠶᠢ ᠠᠰᠠᠭᠤᠪᠠ᠃ ᠰᠠᠶᠢᠬᠠᠨ ᠨᠠᠰᠤᠲᠠᠨ ᠢᠶᠠᠨ ᠬᠠᠷᠠᠭᠠᠯᠵᠠᠵᠤ ᠪᠠᠷᠠᠮᠠᠭᠴᠠ ᠵᠠᠩ ᠵᠦ ᠰᠢᠶᠣᠣ ᠪᠠᠰᠠ ᠰᠡᠩᠳᠡ ᠮᠡᠩᠳᠡ  ᠳᠡᠭᠦᠦ ᠶᠢᠨ ᠭᠡᠷ ᠲᠤ ᠬᠦᠷᠴᠦ᠂ ᠪᠣᠯᠪᠠᠰᠤᠷᠠᠩᠭᠤᠶ ᠪᠥᠭᠡᠳ ᠡᠶᠡᠯᠳᠡᠭ ᠵᠥᠭᠡᠯᠡᠨ ᠳᠡᠭᠦᠦ ᠶᠢᠨ ᠢᠶᠠᠨ  ᠪᠡᠶ᠎ᠡ ᠤᠷᠪᠠᠭᠤᠯᠪᠡ︔ ᠬᠠᠯᠠᠭᠤᠨ ᠪᠦᠯᠢᠶᠡᠨ ᠠᠯᠴᠢᠭᠤᠷ ᠠᠪᠴᠤ  ᠳᠡᠭᠦᠦ ᠶᠢᠨ ᠢᠶᠠᠨ ᠪᠡᠶ᠎ᠡ ᠮᠠᠬᠠᠪᠣᠳ ᠢ ᠨᠠᠷᠢᠨ ᠨᠢᠮᠪᠠᠶ ᠠᠷᠴᠢᠵᠤ᠂ ᠬᠥᠳᠡᠯᠭᠡᠬᠦ ᠳᠤ ᠪᠠᠨ ᠤᠳᠠᠭᠠᠨ ᠪᠥᠭᠡᠳ ᠠᠩᠬᠠᠷᠤᠯ ᠢᠶᠠᠨ ᠲᠥᠪᠯᠡᠷᠡᠭᠦᠯᠪᠡ︔ ᠳᠠᠷᠠᠭ᠎ᠠ ᠨᠢ ᠪᠠᠰᠠ ᠳᠡᠭᠦᠦ ᠶᠢᠨ ᠢᠶᠠᠨ ᠬᠤᠪᠴᠠᠰᠤ ᠬᠤᠨᠠᠷ ᠢ ᠰᠣᠯᠢᠵᠤ᠂ ᠬᠥᠳᠡᠯᠭᠡᠭᠡᠨ ᠨᠢᠭᠡᠪᠦᠷᠢ ᠨᠢ ᠴᠥᠮ ᠬᠠᠯᠠᠭᠤᠨ ᠳᠣᠲᠣᠨᠣ ᠠᠭᠤᠯᠤᠭᠳᠠᠵᠤ ᠪᠠᠶᠢᠳᠠᠭ᠃ ᠡᠶᠢᠮᠦ ᠡᠳᠦᠷ ᠲᠤᠲᠤᠮ ᠤᠨ ᠠᠵᠢᠯ ᠢ ᠲᠡᠷᠡ ᠨᠢᠭᠡᠨᠲᠡ ᠲᠤᠭ᠎ᠠ ᠲᠣᠮᠰᠢ ᠦᠭᠡᠢ ᠣᠯᠠᠨ ᠤᠳᠠᠭ᠎ᠠ ᠳᠠᠪᠲᠠᠵᠤ᠂ ᠬᠠᠷᠢᠨ ᠢᠮᠠᠭᠲᠠ ᠨᠠᠷᠢᠨ ᠬᠢᠨᠠᠮᠠᠭᠠᠢ ᠪᠠᠷ ᠬᠠᠨᠳᠤᠵᠤ᠂  ᠥᠴᠦᠬᠡᠨ ᠴᠦ ᠭᠤᠮᠣᠳᠠᠯ ᠦᠭᠡᠢ ᠪᠠᠶᠢᠵᠠᠢ᠃ ᠭᠡᠷ ᠳᠣᠲᠣᠷ᠎ᠠ ᠠᠷᠢᠭᠤᠳᠬᠠᠬᠤ ᠤᠰᠤᠨ ᠤ ᠦᠨᠦᠷ ᠬᠠᠩᠬᠤᠯᠵᠤ ᠪᠠᠶᠢᠭᠰᠠᠨ ᠪᠣᠯᠪᠠᠴᠤ ᠭᠡᠷ ᠤᠨ ᠢᠶᠠᠨ ᠬᠥᠮᠦᠨ ᠤ ᠶᠢᠷᠲᠢᠨᠴᠦ ᠶᠢᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠥᠴᠦᠬᠡᠨ ᠴᠦ ᠬᠠᠯᠬᠠᠯᠠᠵᠤ ᠳᠡᠶᠢᠯᠬᠦ ᠦᠭᠡᠢ ᠶᠤᠮ᠃    ᠬᠡᠷ ᠤᠨ ᠬᠥᠮᠦᠰ ᠢᠶᠠᠨ ᠨᠠᠷᠢᠨ ᠨᠢᠮᠪᠠᠶ ᠠᠰᠠᠷᠠᠨ ᠬᠠᠷᠠᠭᠠᠯᠵᠠᠬᠤ ᠠᠴᠠ ᠭᠠᠳᠠᠨ᠎ᠠ᠂ ᠬᠡᠷ ᠤᠨ ᠳᠣᠲᠣᠨ᠎ᠠ ᠭᠠᠳᠠᠨᠠᠬᠢ ᠶᠡᠭᠡ ᠪᠠᠭ᠎ᠠ ᠬᠡᠷ ᠪᠦᠯᠢ᠂ ᠲᠠᠷᠢᠶᠠᠨ ᠠᠵᠢᠯ ᠤᠨ ᠬᠦᠨᠳᠦ ᠨᠦᠰᠡᠷ ᠶᠠᠳᠠᠷᠠᠯ ᠵᠦᠳᠡᠷᠡᠯᠲᠡᠶ ᠠᠵᠢᠯ ᠨᠢ ᠴᠥᠮ ᠡᠷ᠎ᠡ ᠡᠮ᠎ᠡ ᠬᠤᠶᠠᠭᠤᠯᠠ ᠶᠢᠨ ᠮᠥᠷᠥᠨ ᠳᠡᠭᠡᠷ᠎ᠡ ᠪᠠᠶᠢᠳᠠᠭ᠃ ᠲᠠᠷᠢᠶᠠᠯᠠᠩ ᠤᠨ ᠶᠠᠭᠠᠷᠠᠤ ᠴᠠᠭ ᠲᠤ ᠨᠠᠷᠠ ᠬᠠᠷᠠᠬᠠᠨ ᠪᠦᠷᠢᠮᠦᠰᠦᠨ ᠮᠠᠨᠳᠤᠭᠠᠳᠤᠶ ᠪᠠᠶᠢᠭᠰᠠᠭᠠᠷ᠂ ᠲᠠᠷᠢᠶᠠᠯᠠᠩ ᠤᠨ ᠪᠠᠭᠠᠵᠢ ᠬᠡᠷᠡᠭᠰᠡᠯ ᠢᠶᠠᠨ ᠡᠭᠦᠷᠭᠡᠯᠡᠨ ᠲᠠᠷᠢᠶᠠᠨ ᠵᠦᠭ ᠶᠠᠪᠤᠵᠤ᠂ ᠬᠦᠰᠡᠯ ᠡᠷᠡᠮᠡᠯᠵᠡᠯ ᠪᠢᠯᠬᠠᠭᠰᠠᠨ ᠲᠡᠷᠡ ᠬᠡᠰᠡᠭ ᠬᠡᠭᠡᠷ᠎ᠡ ᠲᠠᠯ᠎ᠠ ᠳᠤ ᠬᠦᠴᠦ ᠬᠥᠯᠥᠰᠥ ᠪᠠᠨ ᠤᠷᠤᠰᠬᠠᠪᠠ᠃ ᠬᠤᠷᠴᠠ ᠨᠠᠷᠠ᠂ ᠬᠠᠯᠠᠭᠤᠨ ᠲᠤᠶᠠᠭᠠᠨ ᠳᠤ ᠡᠬᠡ ᠭᠠᠵᠠᠷ ᠢ ᠰᠢᠷᠠᠵᠤ᠂ ᠲᠡᠳᠡ ᠬᠥᠯ ᠢᠶᠠᠨ ᠠᠯᠢ ᠬᠡᠳᠦ᠋ᠢᠨ ᠳᠡᠪᠲᠦᠭᠡᠵᠦ᠂ ᠨᠢᠷᠤᠭᠤᠨ ᠳᠠᠭᠠᠨ ᠨᠠᠭᠠᠯᠳᠤᠭᠤᠯᠵᠤ᠂ ᠬᠠᠴᠠᠷ ᠳᠡᠭᠡᠷ᠎ᠡ ᠪᠠᠨ ᠪᠤᠷᠴᠠᠭ ᠤᠨ ᠬᠥᠯᠥᠰᠥ ᠳᠤᠰᠤᠯᠠᠭᠤᠯᠤᠨ᠎ᠠ᠃ ᠭᠡᠲᠡᠯ᠎ᠡ ᠲᠠᠷᠢᠶᠠᠨ ᠭᠠᠵᠠᠷ ᠲᠤ ᠨᠢᠭᠡ ᠡᠳᠦᠷ ᠵᠦᠳᠡᠷᠡᠵᠦ᠂ ᠶᠠᠭ ᠯᠡ ᠬᠦᠴᠦ ᠲᠠᠲᠠᠭᠳᠠᠭᠰᠠᠨ ᠰᠢᠭ ᠪᠣᠯᠪᠠᠴᠤ ᠭᠡᠷ ᠲᠡᠭᠡᠨ ᠬᠠᠷᠢᠭᠰᠠᠨ ᠤ ᠳᠠᠷᠠᠭ᠎ᠠ᠂ ᠴᠢ ᠮᠧᠢ ᠷᠧᠨ ᠲᠦᠷᠭᠡᠨ ᠲᠣᠭᠤᠭᠠᠨ ᠭᠡᠷ ᠲᠤ ᠣᠷᠣᠵᠤ ᠭᠡᠷ ᠤᠨ ᠬᠥᠮᠦᠰ ᠲᠡᠭᠡᠨ ᠣᠷᠣᠢ ᠶᠢᠨ ᠬᠤᠭᠤᠯᠠ ᠪᠡᠯᠡᠳᠬᠡᠵᠡᠢ᠃ ᠳᠥᠬᠦᠮᠬᠡᠨ ᠬᠤᠭᠤᠯᠠᠨ ᠤ ᠮᠠᠲ᠋ᠧᠷᠢᠶᠠᠯ ᠨᠢ ᠲᠡᠬᠦᠨ ᠤ ᠭᠠᠷ ᠲᠤ ᠦᠨᠢᠷ ᠪᠠᠶᠠᠯᠢᠭ ᠬᠤᠭᠤᠯᠠ ᠵᠠᠭᠤᠰᠢ ᠪᠤᠯᠵᠤ ᠬᠤᠪᠢᠷᠠᠵᠠᠢ᠃ ᠵᠠᠩ ᠵᠦ ᠰᠢᠶᠤᠤ ᠭᠡᠷ ᠵᠠᠭᠤᠷ᠎ᠠ ᠪᠠᠨ ᠡᠮᠬᠢ ᠵᠠᠮᠪᠠᠷᠠᠭ᠎ᠠ ᠦᠭᠡᠢ ᠶᠠᠭᠤᠮ᠎ᠠ ᠬᠤᠷᠢᠶᠠᠭᠠᠳ᠂ ᠭᠠᠵᠠᠷ ᠱᠦᠭᠦᠷᠳᠡᠬᠦ᠂  ᠭᠡᠷ ᠪᠠᠶᠢᠰᠢᠩ ᠢᠶᠠᠨ ᠲᠡᠭᠰᠢᠯᠡᠬᠦ᠂ ᠥᠨᠴᠥᠭ ᠪᠤᠯᠤᠩ ᠨᠢᠭᠡᠪᠦᠷᠢ ᠶᠢ ᠴᠥᠮ ᠲᠠᠯᠪᠢᠵᠤ ᠶᠠᠪᠤᠭᠤᠯᠬᠤ ᠦᠭᠡᠶ᠂ ᠭᠡᠷ ᠭᠡᠷ ᠲᠡᠭᠡᠨ ᠬᠦᠷᠲᠡᠯ᠎ᠡ ᠴᠡᠪᠡᠷ ᠴᠡᠮᠴᠡᠭᠡᠷ ᠮᠥᠷᠲᠡᠭᠡᠨ ᠳᠤᠯᠠᠭᠠᠬᠠᠨ ᠪᠣᠯᠳᠠᠭ᠃ ᠠᠮᠢᠳᠤᠷᠠᠯ ᠤᠨ ᠬᠦᠨᠳᠦ ᠡᠭᠦᠷᠭᠡ ᠨᠢ ᠡᠨᠡ ᠭᠡᠷ ᠪᠦᠯᠢ ᠶᠢ ᠬᠡᠨᠡᠦᠨᠲᠡ ᠳᠠᠷᠤᠵᠤ᠄ ᠡᠮ ᠡᠮᠨᠡᠯᠭᠡ ᠶᠢᠨ ᠵᠠᠷᠤᠳᠠᠯ ᠤᠨ ᠳᠠᠷᠤᠯᠲᠠ᠂ ᠲᠠᠷᠢᠶᠠᠯᠠᠩ ᠤᠨ ᠶᠠᠪᠤᠳᠠᠯ ᠤᠨ ᠨᠦᠰᠡᠷ ᠬᠦᠨᠳᠦ᠂ ᠡᠳᠦᠷ ᠪᠦᠷᠢ ᠶᠢᠨ ᠬᠠᠷᠠᠭᠠᠯᠵᠠᠯ ᠶᠡᠷᠦ ᠨᠢ ᠠᠮᠠᠷᠠᠵᠤ ᠲᠡᠶᠢᠯᠬᠦ ᠦᠭᠡᠢ ᠪᠤᠯᠭᠠᠵᠠᠢ᠃ ᠭᠡᠪᠡᠴᠦ ᠵᠠᠩ ᠵᠦ ᠰᠢᠶᠤᠤ ᠪᠣᠯᠤᠨ ᠴᠢ ᠮᠧᠶ ᠷᠧᠨ ᠨᠢᠭᠤᠷ ᠤᠯᠠᠶᠢᠵᠤ ᠦᠵᠡᠭᠡ ᠦᠭᠡᠶ ᠮᠥᠷᠲᠡᠭᠡᠨ ᠬᠠᠯᠠ ᠵᠣᠪᠠᠭᠠᠯ ᠤᠨ ᠳᠤᠮᠳᠠ ᠨᠡᠩ ᠬᠠᠲᠠᠭᠤ ᠵᠣᠷᠢᠭ ᠢ ᠨᠢ ᠭᠠᠷᠭᠠᠵᠤ ᠴᠢᠳᠠᠭᠰᠠᠨ ᠪᠠᠶᠢᠨ᠎ᠠ᠃ ᠬᠠᠪᠤᠷ ᠤᠨ ᠲᠠᠷᠢᠶᠠᠯᠠᠭ᠎ᠠ ᠶᠢᠨ ᠦᠶ᠎ᠡ ᠳᠤ ᠲᠡᠳᠡ ᠲᠠᠷᠢᠶᠠᠨ ᠦᠵᠦᠭᠦᠷ ᠲᠤ ᠨᠢᠭᠡ ᠬᠡᠰᠡᠭ ᠬᠠᠭᠤᠷᠠᠢ ᠠᠮᠤ ᠬᠤᠪᠢᠶᠠᠯᠴᠠᠵᠤ᠂ ᠲᠠᠷᠢᠶᠠᠨ ᠴᠢᠬᠢ ᠢᠶᠠᠨ ᠦᠵᠡᠵᠤ᠂ ᠡᠪᠦᠯ ᠤᠨ ᠰᠥᠨᠢ ᠳᠡᠭᠦᠦ ᠣᠷᠣᠨ ᠤ ᠡᠮᠦᠨ᠎ᠡ ᠰᠠᠭᠤᠵᠤ᠂ ᠬᠤᠶᠠᠷ ᠬᠥᠮᠥᠨ ᠡᠭᠡᠯᠵᠢᠯᠡᠨ ᠨᠦᠢᠷᠮᠤᠭᠯᠠᠵᠤ᠂ ᠭᠠᠷ ᠨᠢ ᠦᠷᠭᠦᠯᠵᠢ ᠡᠪᠦᠭᠡᠨ ᠤ ᠪᠠᠨ ᠣᠷᠣ ᠳᠤ ᠲᠠᠯᠪᠢᠳᠠᠭ᠃ ᠲᠡᠳᠡᠨ ᠤ ᠨᠢᠳᠦᠨ ᠳᠤ ᠬᠠᠷᠢᠭᠤᠴᠠᠯᠭ᠎ᠠ ᠡᠭᠦᠷᠭᠡᠯᠡᠬᠦ ᠪᠢᠰᠢ᠂ ᠬᠠᠷᠢᠨ ᠬᠠᠶᠢᠷ᠎ᠠ ᠰᠡᠳᠬᠢᠯᠭᠡ ᠶᠢ ᠪᠤᠳᠠᠳᠠᠶᠢᠵᠢᠭᠤᠯᠪᠠ᠃ ᠡᠭᠡᠯ ᠵᠢᠷ ᠤᠨ ᠲᠠᠷᠢᠶᠠᠴᠢᠨ ᠠᠢᠯ ᠤᠨ ᠵᠢᠵᠢᠭ ᠬᠦᠷᠢᠶ᠎ᠡ ᠨᠢ ᠬᠠᠶᠢᠷ᠎ᠠ ᠬᠠᠯᠠᠮᠵᠢ ᠠᠴᠠ ᠪᠣᠯᠵᠤ᠄ ᠵᠠᠩ ᠵᠦ ᠰᠢᠶᠣᠤ ᠪᠣᠯᠤᠨ ᠴᠢ ᠮᠧᠢ ᠷᠧᠨ ᠬᠤᠶᠠᠷ ᠬᠥᠯ ᠢᠶᠠᠷ ᠢᠶᠠᠨ ᠠᠮᠢᠳᠤᠷᠠᠯ ᠤᠨ ᠵᠠᠮ ᠢᠶᠠᠨ ᠯᠠᠪᠳᠠᠭᠤᠨ ᠪᠠᠲᠤᠲᠠᠢ ᠭᠢᠰᠭᠢᠵᠦ᠂ ᠬᠤᠶᠠᠷ ᠭᠠᠷ ᠢᠶᠠᠷ ᠢᠶᠠᠨ ᠴᠠᠭ ᠦᠶ᠎ᠡ ᠶᠢᠨ ᠰᠢᠷᠬ᠎ᠠ ᠰᠣᠷᠪᠢ ᠪᠠᠨ ᠨᠠᠷᠢᠨ ᠨᠢᠮᠪᠠᠢ ᠨᠥᠬᠦᠵᠦ᠂ ︽ᠡᠷ᠎ᠡ ᠡᠮ᠎ᠡ ᠬᠤᠶᠠᠭᠤᠯᠠ ᠰᠡᠳᠭᠢᠯ ᠨᠢᠭᠡᠳᠦᠨ︾  ᠤᠯᠠᠮᠵᠢᠯᠠᠯᠲᠤ ᠰᠠᠶᠢᠬᠠᠨ ᠰᠤᠷᠲᠠᠯ ᠢ ᠠᠮᠢᠳᠤᠷᠠᠯ ᠳᠤᠮᠳᠠ ᠬᠠᠮᠤᠭ ᠤᠨ ᠰᠡᠳᠭᠢᠯ ᠬᠥᠳᠡᠯᠭᠡᠮ᠎ᠡ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃
 
ᠢᠷᠡᠯᠲᠡ᠄ ᠵᠢᠨᠱᠠᠨ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号