ᠭᠦᠶᠡᠩ ᠰᠢᠶᠠᠨ ᠤ ᠠᠵᠢᠯᠲᠠᠨ ᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠤᠨ ᠲᠠᠶᠢᠯᠪᠤᠷᠢᠯᠠᠯᠲᠠ ᠶᠢᠨ ᠤᠷᠤᠯᠳᠤᠭᠠᠨ ᠨᠢ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠬᠢᠵᠢᠭᠦᠯᠪᠡ︕
ᠨᠡᠶᠢᠲᠡᠯᠡᠭᠰᠡᠨ ᠴᠠᠭ᠄
2025/4/14
     4 ᠰᠠᠷ᠎ᠠ ᠶᠢᠨ 10 ᠤ ᠡᠳᠦᠷ᠂ ᠭᠦᠶᠡᠩ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠭᠦᠶᠡᠩ ᠰᠢᠶᠠᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠭᠦᠶᠡᠩ ᠰᠢᠶᠠᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠠᠵᠢᠯ ᠤᠨ ᠠᠯᠪᠠᠨ ᠭᠡᠷ᠂ ᠭᠦᠶᠡᠩ ᠰᠢᠶᠠᠨ ᠤ ᠠᠵᠢᠯᠴᠢᠨ ᠤ ᠶᠡᠷᠦᠩᠬᠡᠢ ᠡᠪᠯᠡᠯ᠂ ᠭᠦᠶᠡᠩ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠠᠮᠲᠤᠷᠠᠨ ᠡᠷᠬᠢᠯᠡᠭᠰᠡᠨ ᠪᠦᠬᠦ ᠰᠢᠶᠠᠨ ᠤ ᠠᠵᠢᠯᠳᠠᠨ ᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠭᠦᠶᠡᠩ ᠰᠢᠶᠠᠨ ᠳᠤ ᠠᠮᠵᠢᠯᠲᠠ ᠲᠠᠢ ᠶᠠᠪᠤᠭᠳᠠᠪᠠ᠃ ᠲᠣᠰ ᠤᠳᠠᠭᠠᠨ ᠤ ᠤᠷᠤᠯᠳᠤᠭᠠᠨ ᠤ ᠵᠣᠷᠢᠯᠭ᠎ᠠ ᠨᠢ ᠪᠥᠬᠦ ᠰᠢᠶᠠᠨ ᠤ ᠠᠵᠢᠯᠲᠠᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠣᠯᠠᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃     ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠰᠢᠩ ᠬᠤᠩ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠳᠤ ᠣᠷᠣᠯᠴᠠᠪᠠ᠃     ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠡ ᠠᠴᠠ ᠢᠷᠡᠭᠰᠡᠨ 17 ᠣᠷᠤᠯᠴᠠᠭᠴᠢ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠴᠢᠩ ᠦᠨᠡᠨᠴᠢ ᠰᠡᠳᠬᠢᠯᠭᠡ ᠪᠠᠷ ᠤᠯᠤᠰ ᠤᠨ ᠠᠮᠤᠷ ᠲᠦᠪᠰᠢᠨ ᠤ ᠭᠤᠤᠯ ᠰᠡᠳᠦᠪ ᠤᠨ ᠲᠣᠭᠤᠷᠢᠨ ᠳᠤ᠂ ᠲᠣᠰ ᠲᠣᠰ ᠤᠨ ᠠᠵᠢᠯ ᠤᠨ ᠪᠣᠳᠠᠲᠤ ᠪᠠᠶᠢᠳᠠᠯ ᠪᠣᠯᠤᠨ ᠠᠮᠢᠳᠤᠷᠠᠯ ᠤᠨ ᠥᠩᠭᠡᠷᠡᠯᠲᠡ ᠲᠠᠢ ᠪᠠᠨ ᠤᠶᠠᠯᠳᠤᠭᠤᠯᠵᠤ᠂ ᠤᠬᠠᠭᠤᠯᠤᠨ ᠲᠠᠶᠢᠯᠪᠤᠷᠢᠯᠠᠪᠠ᠃ ᠲᠠᠮᠢᠷᠴᠢᠳ ᠤᠨ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠨᠢ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠬᠠᠮᠤᠷᠴᠤ ᠪᠠᠶᠢᠬᠤ ᠪᠥᠭᠡᠳ ᠪᠠᠰᠠ ᠤᠯᠤᠰ ᠤᠨ ᠠᠮᠤᠷ ᠲᠦᠪᠰᠢᠨ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠤᠨ ᠥᠷᠢᠰᠥᠯᠳᠦᠭᠡᠨ ᠳᠤ ᠬᠤᠯᠪᠣᠭᠳᠠᠵᠤ᠂ ᠪᠠᠰᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠰᠡᠳᠬᠢᠯ ᠬᠥᠳᠡᠯᠭᠡᠮ᠎ᠡ ᠦᠯᠢᠭᠡᠷ ᠢ ᠶᠠᠷᠢᠵᠤ᠂ ᠲᠤᠬᠠᠢ ᠶᠢᠨ ᠲᠠᠯᠠᠪᠠᠢ ᠳᠤ ᠪᠠᠶᠢᠭᠰᠠᠨ ᠦᠵᠡᠭᠴᠢᠳ ᠲᠤ ᠭᠦᠨ ᠰᠡᠩᠬᠡᠷᠡᠭᠦᠯᠦᠯ ᠪᠠ ᠬᠥᠮᠦᠵᠢᠯ ᠬᠦᠷᠲᠡᠭᠡᠵᠡᠢ᠃     ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠰᠢᠯᠭᠠᠷᠠᠭᠤᠯᠬᠤ ᠺᠣᠮᠢᠰ ᠤᠨ ᠭᠡᠰᠢᠭᠦᠳ ᠲᠠᠮᠢᠷᠴᠢᠳ ᠤᠨ ᠤᠬᠠᠭᠤᠯᠤᠨ ᠲᠠᠶᠢᠯᠪᠤᠷᠢᠯᠠᠬᠤ ᠠᠭᠤᠯᠭ᠎ᠠ᠂ ᠢᠯᠡᠳᠬᠡᠬᠦ ᠤᠷ᠎ᠠ ᠮᠡᠷᠭᠡᠵᠢᠯ᠂ ᠲᠤᠬᠠᠶ ᠶᠢᠨ ᠲᠠᠯᠠᠪᠤᠷ ᠤᠨ ᠦᠷ᠎ᠡ ᠪᠦᠲᠦᠮᠵᠢ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠦᠨᠡᠯᠡᠯᠲᠡ ᠬᠢᠵᠦ᠂ ᠨᠢᠭᠡᠳᠦᠭᠡᠷ ᠳᠡᠰ ᠤᠨ ᠱᠠᠩᠨᠠᠯ 1᠂ ᠬᠤᠶᠠᠳᠤᠭᠠᠷ ᠳᠡᠰ ᠤᠨ ᠱᠠᠩᠨᠠᠯ 2᠂ ᠭᠤᠷᠪᠠᠳᠤᠭᠠᠷ ᠳᠡᠰ ᠤᠨ ᠱᠠᠩᠨᠠᠯ 3᠂ ᠰᠢᠯᠢᠳᠡᠭ ᠱᠠᠩᠨᠠᠯ 5 ᠰᠢᠯᠭᠠᠷᠠᠭᠤᠯᠪᠠ᠃     ᠲᠣᠰ ᠤᠳᠠᠭᠠᠨ ᠤ ᠪᠥᠬᠦ ᠰᠢᠶᠠᠨ ᠤ ᠠᠵᠢᠯᠲᠠᠨ ᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠪᠣᠯ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠠᠮᠢᠳᠤᠯᠢᠭ ᠬᠢᠴᠢᠶᠡᠯ ᠪᠣᠯᠬᠤ ᠪᠠᠷ ᠪᠠᠷᠠᠬᠤ ᠥᠬᠡᠶ᠂ ᠨᠠᠩ ᠴᠤ ᠪᠥᠬᠦ ᠰᠢᠶᠠᠨ ᠤ ᠠᠵᠢᠯᠲᠠᠨ ᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠦᠪᠡᠳᠡᠭᠰᠢ ᠬᠤᠷᠠᠯ ᠪᠣᠯᠤᠨ᠎ᠠ᠃ ᠤᠷᠤᠯᠳᠤᠭᠠᠨ ᠢᠶᠠᠷ ᠳᠠᠮᠵᠢᠨ᠂ ᠪᠦᠬᠦ ᠰᠢᠶᠠᠨ ᠤ ᠠᠵᠢᠯᠲᠠᠨ ᠤᠯᠤᠰ ᠤᠨ ᠠᠮᠤᠷ ᠲᠦᠪᠰᠢᠨ ᠤ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠪᠠ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号