4 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠭᠦᠶᠡᠩ ᠰᠢᠶᠠᠨ ︽ᠮᠣᠳᠣ ᠳᠠᠷᠢᠬᠤ ᠡᠭᠦᠷᠭᠡ ᠪᠠᠨ | ᠭᠦᠢᠴᠡᠳᠬᠡᠵᠦ᠂ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ︾ ᠭᠤᠤᠯ | ᠰᠡᠳᠦᠪᠲᠦ ᠮᠣᠳᠣ ᠳᠠᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠯᠠᠭ᠎ᠠ ᠪᠠᠷ ᠢᠶᠠᠨ ᠪᠣᠬᠢᠷᠲᠤᠯ | ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠪᠥᠬᠦ ᠨᠡᠶᠢᠭᠡᠮ ᠢᠶᠠᠷ ᠢᠶᠠᠨ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠳᠤ ᠬᠠᠮᠲᠤ ᠪᠠᠷ ᠣᠷᠣᠯᠴᠠᠬᠤ ᠶᠢ ᠤᠷᠢᠶᠠᠯᠠᠪᠠ᠃ ᠰᠢᠶᠠᠨ ᠤ ᠳᠥᠷᠪᠡᠨ ᠶᠡᠭᠡ | ᠤᠳᠤᠷᠢᠳᠬᠤ ᠪᠠᠭ ᠤᠨ ᠤᠳᠤᠷᠢᠳᠬᠤ ᠨᠥᠬᠦᠳ ᠬᠢᠭᠡᠳ 500 ᠭᠠᠷᠤᠶ ᠠᠵᠢᠯᠲᠠᠨ ᠠᠵᠢᠯᠴᠢᠨ ᠺᠠᠳ᠋ᠷ ᠬᠠᠮᠲᠤ ᠪᠠᠷ | ᠬᠠᠪᠤᠷ ᠤᠨ ᠡᠳᠦᠷ ᠲᠤ ᠬᠦᠷᠴᠦ᠂ ᠬᠠᠮᠲᠤ ᠶᠢᠨ ᠬᠥᠳᠡᠯᠮᠦᠷᠢ ᠪᠠᠷ ᠨᠣᠭᠤᠭᠠᠷᠠᠭᠤᠯᠤᠯᠲᠠ ᠶᠢᠨ ᠬᠠᠯᠠᠭᠤᠨ ᠥᠷᠨᠢᠯᠲᠡ | ᠭᠠᠷᠭᠠᠵᠤ᠂ ᠭᠦᠶᠡᠩ ᠰᠢᠶᠠᠨ ᠤ ᠠᠮᠢ ᠠᠬᠤᠶ ᠶᠢᠨ ᠬᠠᠯᠬᠠᠪᠴᠢ ᠳᠤ ᠳᠠᠬᠢᠨ ᠠᠮᠢᠵᠢᠷᠠᠯ ᠤᠨ ᠬᠦᠴᠦᠨ ᠨᠡᠮᠡᠷᠢᠯᠡᠪᠡ᠃ | ᠲᠣᠰ ᠤᠳᠠᠭᠠᠨ ᠤ ᠠᠵᠢᠯᠯᠠᠭ᠎ᠠ ᠨᠢ ︽ᠪᠥᠬᠦ ᠠᠷᠠᠳ ᠢᠶᠠᠷ ᠢᠶᠠᠨ ᠣᠷᠣᠯᠴᠠᠵᠤ᠂ ᠣᠷᠳᠣ ᠬᠤᠭᠤᠴᠠᠭᠠᠨ ᠤ | ᠪᠦᠲᠦᠮᠵᠢᠲᠡᠶ ᠬᠠᠮᠢᠶᠠᠷᠤᠨ ᠬᠠᠮᠠᠭᠠᠯᠠᠬᠤ︾ ᠪᠠᠷ ᠭᠤᠤᠯ ᠪᠣᠯᠭᠠᠵᠤ᠂ ᠪᠣᠳᠠᠲᠤ ᠲᠦᠷᠰᠦᠯᠢᠭ ᠢᠶᠠᠷ ᠳᠠᠮᠵᠢᠭᠤᠯᠤᠨ ᠠᠮᠢ | ᠠᠬᠤᠶ ᠶᠢᠨ ᠪᠣᠯᠪᠠᠰᠤᠨ ᠤ ᠬᠠᠮᠲᠤ ᠶᠢᠨ ᠲᠠᠨᠢᠯᠲᠠ ᠶᠢ ᠴᠢᠩᠭᠠᠷᠠᠭᠤᠯᠬᠤ ᠶᠢᠨ ᠲᠥᠯᠥᠭᠡ ᠶᠤᠮ᠃ ᠨᠠᠮ ᠤᠨ ᠭᠡᠰᠢᠭᠦᠨ | ᠺᠠᠳ᠋ᠷ ᠲᠦᠷᠦᠭᠦᠯᠡᠨ ᠪᠦᠬᠦ ᠶᠠᠪᠤᠴᠠ ᠳᠤ ᠴᠢᠬᠢ ᠮᠣᠳᠣ ᠲᠠᠷᠢᠬᠤ ᠳᠤ ᠣᠷᠣᠯᠴᠠᠵᠤ᠂ ᠬᠠᠷᠢᠭᠤᠴᠠᠯᠭ᠎ᠠ ᠶᠢᠨ | ᠲᠣᠭᠤᠷᠢᠭ ᠲᠤ ᠺᠠᠳ᠋ᠷ ᠤᠯᠠᠨ ᠲᠦᠮᠡᠨ ᠲᠠᠢ ᠬᠠᠮᠲᠤᠪᠠᠷ ᠰᠢᠷᠣᠢ ᠨᠡᠮᠡᠵᠦ᠂ ᠤᠰᠤ ᠲᠠᠲᠠᠵᠤ ᠤᠰᠤᠯᠠᠬᠤ ᠶᠢᠨ ᠬᠠᠮᠲᠤ | ᠤᠢ ᠰᠢᠭᠤᠢ ᠶᠢᠨ ᠲᠠᠯᠠᠪᠠᠢ ᠶᠢᠨ ᠠᠮᠢ ᠠᠬᠤᠢ ᠶᠢ ᠰᠡᠷᠭᠦᠭᠡᠬᠦ ᠮᠡᠷᠭᠡᠵᠢᠯ ᠤᠨ ᠨᠠᠷᠢᠨ ᠵᠦᠢᠯᠡᠰ ᠤᠨ ᠲᠣᠭᠤᠷᠢᠨ ᠳᠤ | ᠰᠠᠨᠠᠯ ᠢᠶᠠᠨ ᠰᠣᠯᠢᠯᠴᠠᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠬᠤᠪᠢᠶᠠᠭᠰᠠᠨ ᠵᠢᠷᠭᠤᠭᠠᠨ | ᠬᠠᠷᠢᠭᠤᠴᠠᠯᠭ᠎ᠠ ᠶᠢᠨ ᠣᠷᠣᠨ ᠤ ᠳᠣᠲᠣᠷ᠎ᠠ᠂ ᠡᠯ᠎ᠡ ᠡᠩᠨᠡᠭᠡ ᠨᠢ ᠮᠡᠷᠭᠡᠵᠢᠯ ᠤᠨ ᠠᠵᠢᠯᠲᠠᠨ ᠤ ᠵᠢᠯᠣᠭᠤᠳᠣᠯᠭ᠎ᠠ | ᠳᠣᠤᠷ᠎ᠠ ᠰᠢᠨᠵᠢᠯᠡᠬᠦ ᠤᠬᠠᠭᠠᠨᠴᠢ ᠪᠠᠷ ᠳᠠᠷᠢᠵᠤ᠂ ᠵᠠᠶᠢᠯᠠᠬᠤ ᠦᠷ᠎ᠡ ᠪᠦᠲᠦᠮᠵᠢ ᠶᠢ ᠴᠢᠬᠤᠯᠠᠴᠢᠯᠠᠬᠤ ᠪᠠᠷ ᠪᠠᠷᠠᠬᠤ | ᠥᠬᠡᠶ᠂ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠢ ᠬᠢᠨᠠᠨ ᠬᠡᠮᠵᠢᠬᠦ᠂ ᠦᠨᠳᠦᠰᠦ ᠨᠢ ᠲᠠᠭᠠᠯᠠᠮᠵᠢᠲᠠᠶ ᠪᠠᠶᠢᠯᠭᠠᠬᠤ | ᠵᠡᠷᠭᠡ ᠶᠠᠰᠤ ᠴᠢᠨᠠᠷ ᠤᠨ ᠪᠣᠭᠤᠮᠲᠠ ᠶᠢ ᠨᠠᠩ ᠴᠢᠩᠭ᠎ᠠ ᠠᠳᠬᠤᠵᠤ᠂ ︽ᠨᠢᠭᠡ ᠬᠡᠰᠡᠭ ᠢ ᠳᠠᠷᠢᠪᠠᠯ ᠨᠢᠭᠡ ᠬᠡᠰᠡᠭ ᠢ | ᠠᠮᠢᠯᠠᠭᠤᠯᠵᠤ᠂ ᠨᠢᠭᠡ ᠬᠡᠰᠡᠭ ᠢ ᠨᠣᠭᠤᠭᠠᠷᠠᠭᠤᠯᠬᠤ︾ ᠶᠢ ᠦᠨᠡᠨ ᠬᠦ ᠪᠠᠲᠤᠯᠠᠪᠠ᠃ ᠠᠵᠢᠯᠯᠠᠭ᠎ᠠ ᠶᠢᠨ ᠲᠤᠬᠠᠢ ᠶᠢᠨ | ᠲᠠᠯᠠᠪᠠᠢ ᠳᠤ ᠬᠡᠳᠦᠨ ᠵᠠᠭᠤᠨ ᠰᠠᠭᠤᠷᠢ ᠰᠢᠨ᠎ᠡ ᠪᠠᠷ ᠲᠠᠷᠢᠭᠰᠠᠨ ᠴᠢᠬᠢ ᠮᠣᠳᠣ ᠨᠢ ᠠᠯᠤᠰ ᠬᠤᠯᠠ ᠶᠢᠨ ᠠᠭᠤᠯᠠᠨ ᠳᠤ | ᠥᠩᠭᠡ ᠢᠯᠭᠠᠷᠠᠨ ᠳᠡᠯᠭᠡᠷᠡᠨ᠎ᠡ᠃ ᠣᠷᠣᠯᠴᠠᠭᠴᠢ ᠢᠯᠡᠷᠭᠡᠶᠢᠯᠡᠵᠡᠭᠡᠭᠰᠡᠨ ᠨᠢ᠂ ᠥᠪᠡᠷ ᠤᠨ ᠭᠠᠷ ᠢᠶᠠᠷ ᠢᠶᠠᠨ ᠴᠢᠬᠢ | ᠵᠠᠶᠢᠯᠠᠭᠰᠠᠨ ᠥᠩᠭᠡᠷᠡᠯᠲᠡ ᠨᠢ ︽ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ︾ ᠶᠢ ᠬᠡᠶᠢᠰᠪᠦᠷᠢ | ᠤᠬᠠᠭᠳᠠᠬᠤᠨ ᠠᠴᠠ ᠪᠣᠳᠠᠲᠠᠶ ᠬᠠᠷᠢᠭᠤᠴᠠᠯᠭ᠎ᠠ ᠪᠣᠯᠭᠠᠨ ᠬᠤᠪᠢᠷᠠᠭᠤᠯᠵᠤ᠂ ᠢᠷᠡᠭᠡᠳᠦᠶ ᠳᠤ ᠠᠵᠢᠯ ᠠᠮᠢᠳᠤᠷᠠᠯ ᠤᠨ | ᠳᠤᠮᠳᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠪᠣᠯᠤᠨ᠎ᠠ᠃ | ᠬᠠᠪᠤᠷ ᠤᠨ ᠠᠭᠤᠯᠠ ᠬᠦᠰᠡᠬᠦ ᠨᠢ ᠬᠦᠶᠠᠩ ᠳᠦᠭᠦᠷᠡᠩ᠃ ᠡᠨᠡ ᠬᠦ ᠬᠠᠪᠤᠷ ᠤᠨ ︽ᠪᠣᠬᠢᠷᠲᠤᠯ ᠦᠭᠡᠢ | ᠪᠤᠤᠬᠢᠶ᠎ᠠ︾ ᠨᠢ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ | ᠠᠮᠢᠳᠤᠯᠢᠭ ᠲᠠᠶᠢᠯᠪᠤᠷᠢᠯᠠᠯᠲᠠ ᠪᠣᠯᠬᠤ ᠪᠥᠭᠡᠳ ᠨᠡᠩ ᠴᠤ ᠰᠢᠶᠠᠨ ᠤ ᠬᠡᠪᠴᠢᠶᠡᠨ ᠤ ᠴᠢᠨᠠᠷ ᠰᠠᠶᠢᠲᠠᠢ ᠬᠥᠭᠵᠢᠯᠲᠡ ᠳᠤ | ᠥᠨᠢ ᠤᠳᠠᠭᠠᠨ ᠤ ᠠᠮᠢ ᠠᠬᠤᠢ ᠶᠢᠨ ᠬᠥᠳᠡᠯᠭᠡᠬᠦ ᠬᠦᠴᠦᠨ ᠨᠡᠮᠡᠷᠢᠯᠡᠬᠦ ᠶᠠᠪᠤᠳᠠᠯ ᠪᠣᠯᠤᠨ᠎ᠠ᠃ ᠣᠶᠢᠯᠠᠭᠠᠭᠰᠠᠨ ᠢᠶᠠᠷ᠂ | ᠲᠣᠰ ᠤᠳᠠᠭᠠᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠭᠠᠴᠤᠷ᠎ᠠ ᠮᠣᠳᠣ᠂ ᠬᠠᠶᠢᠯᠠᠰᠤᠨ ᠮᠣᠳᠣ᠂ | ᠬᠠᠶᠢᠯᠠᠷ ᠨᠠᠷᠠᠰᠤ ᠵᠡᠷᠭᠡ 5000 ᠭᠠᠷᠤᠶ ᠴᠢᠬᠢ ᠮᠣᠳᠣ ᠳᠠᠷᠢᠬᠤ ᠪᠠᠷ ᠲᠥᠯᠥᠪᠯᠡᠵᠦ ᠪᠣᠶ᠃ | |