ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠸᠠᠢ ᠱᠦᠸᠧ ᠪᠠᠯᠭᠠᠰᠤᠨ ᠤ ᠨᠠᠰᠤᠲᠠᠨ ᠢ ᠲᠤᠰᠠᠯᠠᠬᠤ ᠬᠤᠭᠤᠯᠠᠨ ᠭᠡᠷ ᠤᠨ ᠦᠢᠯᠡᠴᠢᠯᠡᠭᠡᠨ ᠤ ᠠᠵᠢᠯ ᠢ ᠭᠦᠨᠵᠡᠭᠡᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/14
    4 ᠰᠠᠷ᠎ᠠ ᠶᠢᠨ 10 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠾᠧᠦ ᡁᠢ ᠰᠢᠤᠸᠠᠢ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠢ ᠳᠠᠭᠠᠭᠤᠯᠤᠨ ᠬᠤᠸᠠᠢ ᠱᠦᠸᠧ ᠪᠠᠯᠭᠠᠰᠤᠨ ᠳᠤ ᠬᠦᠷᠴᠦ ᠨᠠᠰᠤᠲᠠᠨ ᠢ ᠲᠤᠰᠠᠯᠠᠬᠤ ᠬᠤᠭᠤᠯᠠᠨ ᠭᠡᠷ ᠤᠨ ᠦᠢᠯᠡᠴᠢᠯᠡᠭᠡᠨ ᠤ ᠪᠠᠶᠢᠳᠠᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠪᠠ᠃     ᠬᠤᠸᠠᠢ ᠱᠦᠸᠧ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠤᠨ ᠨᠠᠰᠤᠲᠠᠨ ᠢ ᠲᠤᠰᠠᠯᠠᠬᠤ ᠬᠤᠭᠤᠯᠠᠨ ᠭᠡᠷ ᠰᠤᠯᠠ ᠪᠠᠶᠢᠭ᠎ᠠ ᠲᠠᠯᠠᠪᠤᠷ ᠭᠠᠵᠠᠷ ᠢ ᠠᠰᠢᠭᠯᠠᠨ ᠥᠭᠡᠷᠡᠴᠢᠯᠡᠨ ᠪᠠᠶᠢᠭᠤᠯᠵᠤ ᠂ 2024 ᠣᠨ ᠤ 8 ᠰᠠᠷ᠎ᠠ ᠳᠤ ᠡᠵᠡᠩᠨᠡᠯᠲᠡ ᠶᠢ ᠨᠢ ᠡᠬᠢᠯᠡᠭᠦᠯᠵᠦ᠂ ᠭᠤᠣᠯ ᠪᠣᠯᠬᠤ ᠵᠣᠯ ᠵᠢᠷᠭᠠᠯ ᠤᠨ ᠬᠦᠷᠢᠶᠡᠯᠡᠩ ᠵᠢᠴᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠦᠢᠯᠡᠴᠢᠯᠡᠵᠦ᠂ ᠦᠢᠯᠡᠴᠢᠯᠡᠭᠡᠨ ᠤ ᠷᠠᠳᠢᠦ᠋ᠰ ᠢ ᠡᠷᠬᠢᠨ ᠲᠣᠭᠤᠷᠢᠨ ᠤ ᠲᠠᠪᠤᠨ ᠺᠢᠯᠣᠮᠧ᠊ᠲᠷ ᠣᠷᠴᠢᠮ ᠳᠤ ᠬᠦᠷᠭᠡᠬᠦ ᠪᠣᠯᠤᠨ᠎ᠠ᠃ ᠬᠤᠭᠤᠯᠠᠨ ᠲᠢᠩᠬᠢᠮ ᠳᠤ ᠠᠷᠢᠭᠤᠳᠬᠠᠬᠤ ᠬᠤᠷᠭᠤ᠂ ᠢᠯᠴᠢ ᠨᠡᠮᠡᠬᠦ ᠳᠤᠯᠠᠭᠠᠨ ᠢ ᠬᠠᠮᠠᠭᠠᠯᠠᠬᠤ ᠲᠠᠪᠴᠠᠩ᠂ ᠠᠶᠠᠭ᠎ᠠ ᠰᠠᠪᠬ᠎ᠠ ᠵᠡᠷᠭᠡ ᠡᠷᠡᠭᠦᠯ ᠬᠠᠮᠠᠭᠠᠯᠠᠯ ᠤᠨ ᠲᠣᠭᠤᠭᠠᠨ ᠭᠡᠷ ᠤᠨ ᠬᠡᠷᠡᠭᠰᠡᠯ ᠵᠢᠴᠢ ᠬᠤᠭᠤᠯᠠᠨ ᠰᠢᠷᠡᠭᠡ᠂ ᠬᠤᠭᠤᠯᠠᠨ ᠰᠠᠨᠳᠠᠯᠢ ᠵᠡᠷᠭᠡ ᠶᠢ ᠲᠣᠬᠢᠷᠠᠭᠤᠯᠤᠭᠰᠠᠨ ᠤ ᠬᠠᠮᠲᠤ 50 ᠰᠢᠬᠠᠮ ᠬᠥᠮᠦᠨ ᠬᠤᠭᠤᠯᠠ ᠢᠳᠡᠵᠦ ᠪᠣᠯᠤᠨ᠎ᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠸᠠᠢ ᠱᠦᠸᠧ ᠪᠠᠯᠭᠠᠰᠤᠨ ᠤ ᠨᠠᠰᠤᠲᠠᠨ ᠢ ᠲᠤᠰᠠᠯᠠᠬᠤ ᠬᠤᠭᠤᠯᠠᠨ ᠭᠡᠷ ᠪᠣᠯᠤᠨ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠳᠤ ᠪᠠᠶᠢᠴᠠᠭᠠᠨ ᠰᠤᠳᠤᠯᠤᠯᠲᠠ ᠬᠢᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠯᠠᠪᠯᠠᠨ ᠠᠰᠠᠭᠤᠵᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠰᠤᠲᠠᠨ ᠢ ᠲᠤᠰᠠᠯᠠᠬᠤ ᠬᠤᠭᠤᠯᠠᠨ ᠭᠡᠷ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ᠂ ᠡᠵᠡᠩᠨᠡᠯᠲᠡ ᠬᠠᠮᠢᠶᠠᠷᠤᠯᠲᠠ᠂ ᠡᠳ᠋ ᠤᠨ ᠵᠠᠰᠠᠭ ᠤᠨ ᠨᠥᠬᠦᠪᠥᠷᠢ᠂ ᠦᠢᠯᠡᠴᠢᠯᠡᠭᠡᠨ ᠤ ᠪᠠᠷᠢᠮᠵᠢᠶ᠎ᠠ᠂ ᠦᠷᠭᠦᠯᠵᠢᠯᠡᠬᠦ ᠬᠥᠭᠵᠢᠯᠲᠡ ᠶᠢᠨ ᠲᠣᠭᠲᠠᠴᠠ ᠵᠢᠴᠢ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠯᠲᠠ ᠵᠡᠷᠭᠡ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠪᠠ᠃     ᠾᠧᠦ ᡁᠢ ᠰᠢᠤᠸᠠᠢ ᠴᠢᠬᠤᠯᠠᠴᠢᠯᠠᠭᠰᠠᠨ ᠨᠢ᠂ ᠨᠠᠰᠤᠲᠠᠶᠢᠴᠤᠳ ᠤᠨ ᠬᠤᠭᠤᠯᠠ ᠤᠮᠳᠠ ᠶᠢ ᠲᠤᠰᠠᠯᠠᠬᠤ ᠦᠢᠯᠡᠴᠢᠯᠡᠭᠡ ᠪᠣᠯ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠨᠠᠰᠤᠲᠠᠶᠢᠴᠤᠳ ᠪᠠ ᠨᠢᠯᠬᠠᠰ︾ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠠᠵᠢᠯ ᠢ ᠦᠨᠡᠨ ᠬᠦ ᠰᠠᠶᠢᠲᠤᠷ ᠠᠳᠬᠤᠬᠤ ᠶᠢᠨ ᠬᠠᠮᠲᠤ ᠭᠤᠷᠪᠠᠨ ᠵᠦᠢᠯ ᠤᠨ ᠪᠣᠳᠠᠲᠠᠢ ᠱᠠᠭᠠᠷᠳᠠᠯᠭ᠎ᠠ ᠳᠤᠷᠠᠳᠪᠠ᠄     ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠶᠢ ᠢᠮᠠᠭᠲᠠ ᠠᠵᠢᠯ ᠤᠨ ᠢᠶᠠᠨ ᠵᠣᠷᠢᠯᠲᠠ ᠪᠠ ᠲᠤᠰᠤᠯᠲᠠ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠤᠭᠤᠯᠠ ᠲᠤᠰᠠᠯᠠᠬᠤ ᠦᠢᠯᠡᠴᠢᠯᠡᠭᠡᠨ ᠤ ᠠᠵᠢᠯ ᠢ ᠠᠬᠢᠭᠤᠯᠵᠤ᠂ ᠰᠢᠨᠵᠢᠯᠡᠬᠦ ᠤᠬᠠᠭᠠᠨᠴᠢ ᠵᠢᠷᠤᠮᠵᠢᠭᠰᠠᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠲᠡᠢ᠃ ︽ᠲᠥᠪᠯᠡᠷᠡᠭᠦᠯᠦᠨ ᠬᠤᠭᠤᠯᠠ ᠬᠦᠷᠭᠡᠵᠦ ᠲᠣᠬᠢᠷᠠᠭᠤᠯᠤᠨ ᠬᠦᠷᠭᠡᠬᠦ︾ ᠶᠢ ᠬᠠᠷᠢᠯᠴᠠᠨ ᠤᠶᠠᠯᠳᠤᠭᠤᠯᠤᠭᠰᠠᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠨᠠᠰᠤᠲᠠᠶᠢᠴᠤᠳ ᠤᠨ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠨ᠎ᠠ᠃     ᠬᠤᠶᠠᠷ ᠲᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ ᠢᠳᠡᠭᠡᠨ ᠤ ᠠᠮᠤᠷ ᠲᠦᠪᠰᠢᠨ ᠪᠠ ᠦᠢᠯᠡᠴᠢᠯᠡᠭᠡᠨ ᠤ ᠶᠠᠰᠤ ᠴᠢᠨᠠᠷ ᠤᠨ ᠪᠣᠭᠤᠮᠲᠠ ᠶᠢ ᠦᠨᠡᠨ ᠬᠦ ᠰᠠᠶᠢᠲᠤᠷ ᠠᠳᠬᠤᠵᠤ᠂ ᠶᠡᠷᠦᠩᠬᠡᠶᠢᠯᠡᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠬᠤᠭᠤᠯᠠ ᠲᠤᠰᠠᠯᠠᠬᠤ ᠦᠢᠯᠡᠴᠢᠯᠡᠭᠡᠨ ᠤ ᠲᠥᠷᠥ ᠶᠢᠨ ᠪᠣᠳᠣᠯᠭ᠎ᠠ᠂ ᠨᠥᠬᠦᠪᠥᠷᠢ ᠶᠢᠨ ᠪᠠᠷᠢᠮᠵᠢᠶ᠎ᠠ ᠪᠣᠯᠤᠨ ᠠᠷᠠᠳ ᠲᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠤ ᠣᠶᠢᠯᠠᠭᠠᠬᠤ ᠨᠣᠷᠮ᠎ᠠ ᠪᠣᠯᠤᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠨᠠᠰᠤᠲᠠᠨ ᠢ ᠲᠤᠰᠠᠯᠠᠬᠤ ᠬᠤᠭᠤᠯᠠᠨ ᠭᠡᠷ ᠢ ᠦᠨᠡᠨᠬᠦ ᠨᠠᠰᠤᠲᠠᠶᠢᠴᠤᠳ ᠤᠨ ︽ᠰᠡᠳᠬᠢᠯ ᠢ ᠳᠤᠯᠠᠭᠠᠴᠠᠭᠤᠯᠬᠤ ᠬᠤᠭᠤᠯᠠᠨ ᠭᠡᠷ︾ ᠪᠣᠯᠭᠠᠨ ᠡᠷᠬᠢᠯᠡᠬᠦ ᠬᠡᠷᠡᠭᠲᠡᠶ᠃     ᠭᠤᠷᠪᠠ ᠳᠤ᠂ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠨᠠᠰᠤᠲᠠᠨ ᠢ ᠠᠰᠠᠷᠠᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠮᠵᠢ ᠶᠢ ᠦᠷᠭᠦᠯᠵᠢᠯᠡᠨ ᠰᠢᠯᠢᠳᠡᠭᠵᠢᠭᠦᠯᠵᠦ᠂ ᠣᠷᠣᠨ ᠰᠠᠭᠤᠴᠠ ᠶᠢᠨ ᠠᠮᠤᠷ ᠲᠦᠪᠰᠢᠨ ᠪᠠ ᠠᠮᠢᠳᠤᠷᠠᠯ ᠳᠤ ᠲᠥᠬᠦᠮ ᠦᠵᠡᠭᠦᠯᠬᠦ ᠶᠢ ᠦᠨᠡᠨ ᠬᠦ ᠪᠠᠲᠤᠯᠠᠵᠤ᠂ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠨᠠᠰᠤᠲᠠᠶᠢᠴᠤᠳ ᠨᠢᠭᠡᠪᠦᠷᠢ ᠶᠢ ᠰᠠᠨᠠᠭ᠎ᠠ ᠠᠮᠤᠷ᠂ ᠲᠠᠭᠠᠯᠠᠮᠵᠢᠲᠠᠶ ᠰᠠᠭᠤᠯᠭᠠᠵᠤ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢ ᠬᠠᠪᠰᠤᠷᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠥᠬᠦ ᠲᠠᠯ᠎ᠠ ᠪᠠᠷ ᠪᠣᠶ ᠪᠣᠯᠭᠠᠬᠤ ᠬᠡᠷᠡᠭᠲᠡᠶ᠃     ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠪᠥᠬᠦ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ᠂ ᠨᠠᠰᠤᠲᠠᠶᠢᠴᠤᠳ ᠢ ᠲᠤᠰᠠᠯᠠᠬᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠯᠠᠪᠯᠠᠯᠲᠠ ᠬᠠᠩᠭᠠᠪᠠ᠃ ᠲᠠᠷᠠᠭᠠᠴᠢ ᠶᠢᠨ ᠠᠯᠬᠤᠮ ᠳᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠬᠦ ᠶᠢᠨ ᠲᠥᠯᠥᠭᠡ᠂ ᠬᠤᠸᠠᠢ ᠱᠦᠸᠧ ᠪᠠᠯᠭᠠᠰᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠵᠢᠯᠣᠭᠤᠳᠬᠤ ᠰᠠᠨᠠᠯ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠲᠤᠰᠬᠠᠶ ᠪᠠᠯᠠ ᠮᠥᠩᠭᠦ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠨᠡᠶᠢᠭᠡᠮ ᠤᠨ ᠬᠦᠴᠦᠨ ᠢ ᠬᠥᠲᠥᠯᠦᠨ ᠵᠢᠯᠣᠭᠤᠳᠴᠤ ᠣᠷᠣᠯᠴᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠤᠶᠠᠷ ᠵᠠᠰᠠᠭ ᠵᠠᠬᠢᠷᠭᠠᠨ ᠤ ᠲᠣᠰᠬᠤᠨ ᠳᠤ ᠲᠣᠰᠬᠤᠨ ᠤ ᠰᠤᠯᠠ ᠪᠠᠶᠢᠭ᠎ᠠ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠠᠵᠢᠯᠯᠠᠭᠠᠨ ᠤ ᠲᠠᠰᠤᠭ᠂ ᠵᠢᠵᠢᠭ ᠬᠤᠭᠤᠯᠠᠨ ᠬᠡᠷ ᠵᠡᠷᠭᠡ ᠰᠤᠯᠠ ᠪᠠᠶᠢᠭ᠎ᠠ ᠭᠠᠵᠠᠷ ᠢ ᠠᠰᠢᠭᠯᠠᠨ ᠥᠭᠡᠷᠡᠴᠢᠯᠡᠵᠦ᠂ ᠬᠤᠶᠠᠷ ︽ᠨᠠᠰᠤᠲᠠᠶᠢᠴᠤᠳ ᠤᠨ ᠬᠤᠭᠤᠯᠠᠨ ᠬᠡᠷ︾ ᠢ ᠪᠠᠶᠢᠭᠤᠯᠵᠤ᠂ ᠪᠦᠷᠬᠦᠴᠡ ᠶᠢᠨ ᠨᠣᠷᠮ᠎ᠠ ᠶᠢ 30% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠨᠠᠰᠤᠲᠠᠶᠢᠴᠤᠳ ᠤᠨ ᠬᠥᠳᠡᠭᠡ ᠲᠣᠰᠬᠤᠨ ᠳᠤ ᠲᠥᠪᠯᠡᠷᠡᠭᠦᠯᠦᠨ ᠨᠠᠰᠤᠵᠢᠯ ᠤᠨ ᠠᠰᠠᠷᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠬᠥᠳᠡᠭᠡ ᠲᠣᠰᠬᠤᠨ ᠤ ᠨᠠᠰᠤᠲᠠᠶᠢᠴᠤᠳ ᠲᠤ ᠳᠣᠭᠢᠷᠠᠬᠤ ᠦᠢᠯᠡᠴᠢᠯᠡᠭᠡ ᠶᠢ ᠲᠡᠭᠦᠯᠳᠡᠷᠵᠢᠭᠦᠯᠦᠨ᠂ ︽ᠬᠤᠭᠤᠯᠠ ᠢᠳᠡᠬᠦ ᠳᠤ ᠬᠦᠴᠢᠷ︾ ᠵᠡᠷᠭᠡ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃     ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠢᠤᠢ ᠬᠤᠤ ᠯᠦᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠱᠧᠨ ᠢᠦᠶ ᠴᠢᠦ ᠵᠢᠴᠢ ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号