ᠤᠯᠤᠰ ᠤᠨ ᠨᠥᠬᠦᠪᠦᠷᠢ ᠨᠦᠭᠦᠳ ᠢ ᠲᠠ ᠭᠤᠶᠤᠴᠢᠯᠠᠭᠰᠠᠨ ᠦᠦ︖
ᠨᠡᠶᠢᠲᠡᠯᠡᠭᠰᠡᠨ ᠴᠠᠭ᠄
2025/4/14
      ᠡᠨᠡ ᠵᠢᠯ ᠠᠴᠠ ᠨᠠᠭᠠᠰᠢ᠂ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠪᠡᠯᠡ ᠮᠥᠩᠭᠦ ᠶᠢ 3000 ᠳ᠋ᠦᠩᠰᠢᠭᠤᠷ ᠲᠥᠭᠦᠷᠢᠭ ᠪᠣᠯᠲᠠᠯ᠎ᠠ ᠶᠡᠭᠡ ᠪᠠᠷ ᠨᠡᠮᠡᠭᠳᠡᠭᠦᠯᠵᠦ᠂ ᠵᠦᠢᠯᠡᠰ ᠵᠢᠴᠢ ᠨᠦᠬᠦᠪᠦᠷᠢᠯᠡᠬᠦ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠬᠦ ᠶᠢ ᠳᠡᠮᠵᠢᠪᠡ᠃       ᠭᠡᠷ ᠤᠨ ᠴᠠᠬᠢᠯᠭᠠᠨ ᠬᠡᠷᠡᠭᠰᠡᠯ ᠳ᠋ᠢᠭᠢᠲ ᠦᠢᠯᠡᠳᠬᠦᠨ ᠪᠦᠷᠢ ᠳᠤ  ᠬᠠᠮᠤᠭ ᠶᠡᠭᠡ ᠳᠤ ᠪᠠᠨ 2000 ᠲᠥᠭᠦᠷᠢᠭ  ᠨᠦᠬᠦᠪᠦᠷᠢᠯᠡᠵᠦ᠂ ᠭᠠᠷ ᠤᠲᠠᠰᠤᠨ ᠤ ᠳ᠋ᠢᠭᠢᠲ ᠦᠢᠯᠡᠳᠬᠦᠨ ᠪᠦᠷᠢ ᠳᠤ  ᠬᠠᠮᠤᠭ ᠶᠡᠭᠡ ᠳᠤ ᠪᠠᠨ 500 ᠲᠥᠭᠦᠷᠢᠭ  ᠨᠦᠬᠦᠪᠦᠷᠢᠯᠡᠨ᠂ ᠬᠠᠭᠤᠴᠢᠨ ᠮᠠᠰᠢᠨ ᠲᠡᠷᠭᠡ ᠪᠠᠨ ᠬᠤᠳᠠᠯᠳᠤᠵᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ ᠮᠠᠰᠢᠨ ᠲᠡᠷᠭᠡ ᠪᠦᠷᠢ ᠳᠤ  ᠬᠠᠮᠤᠭ ᠶᠡᠭᠡ ᠳᠤ ᠪᠠᠨ 1.5 ᠲᠦᠮᠡᠨ ᠲᠥᠭᠦᠷᠢᠭ  ᠨᠦᠬᠦᠪᠦᠷᠢᠯᠡᠨ᠎ᠡ︕      ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠪᠠᠰᠠ ᠨᠥᠬᠦᠪᠦᠷᠢ ᠲᠠᠢ︕      ᠣᠳᠣ ᠪᠠᠷ ᠢᠶᠠᠨ ᠰᠢᠨ᠎ᠡ ᠶᠢ ᠰᠣᠯᠢᠪᠠᠯ ᠮᠠᠰᠢ ᠶᠡᠭᠡ ᠬᠠᠷᠠᠭᠠᠯᠵᠠᠯ ᠬᠦᠷᠲᠡᠨ᠎ᠡ︕      ᠭᠠᠷ ᠤᠲᠠᠰᠤ ᠬᠠᠪᠲᠠᠭᠠᠢ ᠺᠣᠮᠫᠢᠦ᠋ᠲ᠋ᠧᠷ ᠵᠡᠷᠭᠡ ᠳ᠋ᠢᠭᠢᠲ ᠦᠢᠯᠡᠳᠬᠦᠨ᠂ ᠭᠡᠷ ᠤᠨ ᠴᠠᠬᠢᠯᠭᠠᠨ ᠬᠡᠷᠡᠭᠰᠡᠯ ᠢ ᠰᠢᠨ᠎ᠡ ᠪᠠᠷ ᠰᠣᠯᠢᠪᠠᠯ ᠳᠠᠷᠠᠭᠠᠴᠢ ᠶᠢᠨ ᠵᠦᠢᠯᠡᠰ ᠢ ᠠᠩᠬᠠᠷᠤᠭᠠᠷᠠᠢ      ᠭᠠᠷ ᠤᠲᠠᠰᠤ ᠵᠡᠷᠭᠡ ᠳ᠋ᠢᠭᠢᠲ ᠦᠢᠯᠡᠳᠬᠦᠨ ᠤ ᠰᠢᠨ᠎ᠡ ᠶᠢ ᠬᠤᠳᠠᠯᠳᠤᠨ ᠠᠪᠬᠤ ᠵᠢᠴᠢ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠬᠤᠷᠢᠶᠠᠩᠭᠤᠢ 
4.14-1.png
      ᠵᠢᠵᠢᠭ ᠫᠷᠣᠭ᠍ᠷᠠᠮ ᠢᠶᠠᠷ ᠯᠠᠪᠯᠠᠭᠠᠷᠠᠢ      ᠭᠤᠶᠤᠴᠢᠯᠠᠨ ᠠᠪᠬᠤ ᠠᠷᠭ᠎ᠠ᠄      1. ᠬᠡᠷᠡᠭᠴᠡᠭᠡ ᠪᠠᠨ ᠦᠨᠳᠦᠰᠦᠯᠡᠵᠦ᠂  ᠭᠠᠷ ᠤᠲᠠᠰᠤ ᠵᠡᠷᠭᠡ ᠳ᠋ᠢᠭᠢᠲ ᠦᠢᠯᠡᠳᠬᠦᠨ ᠤ ᠰᠢᠨ᠎ᠡ ᠶᠢ ᠬᠤᠳᠠᠯᠳᠤᠨ ᠠᠪᠬᠤ  ᠪᠤᠶᠤ  ᠭᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ  ᠳᠠᠷᠤᠪᠴᠢ ᠶᠢ ᠰᠤᠩᠭᠤᠨ᠎ᠠ᠃ 
4.14-2.jpg
4.14-3.jpg
      2. ᠲᠠᠨ ᠤ ᠪᠠᠶᠢᠭ᠎ᠠ ᠬᠤᠲᠠ ᠪᠠᠨ ᠰᠣᠩᠭᠤᠵᠤ᠂ ᠰᠠᠨᠠᠭᠤᠯᠤᠮᠵᠢ ᠶᠢ ᠦᠨᠳᠦᠰᠦᠯᠡᠨ  ᠲᠤᠰ ᠭᠠᠵᠠᠷ ᠤᠨ ᠢᠶᠠᠨ ᠲᠥᠷᠥ ᠶᠢᠨ ᠪᠣᠳᠣᠯᠭ᠎ᠠ  ᠶᠢ ᠯᠠᠪᠯᠠᠵᠤ᠂  ᠬᠠᠮᠢᠶ᠎ᠠ ᠪᠦᠬᠦᠢ ᠬᠠᠷᠠᠭᠠᠯᠵᠠᠯ  ᠢ ᠰᠤᠩᠭᠤᠵᠤ ᠠᠪᠤᠨ᠎ᠠ᠃ 
4.14-4.jpg
      ᠮᠠᠰᠢᠨ ᠲᠡᠷᠭᠡ ᠶᠢ ᠰᠢᠨ᠎ᠡ ᠪᠠᠷ ᠰᠣᠯᠢᠪᠠᠯ ᠳᠠᠷᠠᠭᠠᠴᠢ ᠶᠢᠨ ᠵᠦᠢᠯᠡᠰ ᠢ ᠠᠩᠬᠠᠷᠤᠭᠠᠷᠠᠢ      ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠭᠤᠶᠤᠴᠢᠯᠠᠬᠤ 
4.14-5.png
      ᠵᠢᠵᠢᠭ ᠫᠷᠣᠭ᠍ᠷᠠᠮ ᠢᠶᠠᠷ ᠯᠠᠪᠯᠠᠭᠠᠷᠠᠢ      ᠭᠤᠶᠤᠴᠢᠯᠠᠨ ᠠᠪᠬᠤ ᠠᠷᠭ᠎ᠠ᠄       1.  ︽2025 ᠣᠨ ᠤ ᠬᠡᠷᠡᠭᠴᠡᠭᠡᠨ ᠠᠴᠠ ᠭᠠᠷᠭᠠᠵᠤ ᠰᠢᠨᠡᠳᠬᠡᠬᠦ ᠭᠤᠶᠤᠴᠢᠯᠠᠯ ᠤᠨ ᠣᠷᠣᠴᠠ︾  ᠪᠠᠷ ᠣᠷᠣᠨ᠎ᠠ᠃     
4.14-6.jpg
4.14-7.jpg
       2. ᠨᠥᠬᠦᠪᠦᠷᠢ ᠶᠢ   ᠬᠦᠯᠢᠶᠡᠨ ᠠᠪᠴᠤ ᠭᠦᠢᠴᠡᠳᠬᠡᠬᠦ ᠭᠠᠵᠠᠷ  ᠢᠶᠠᠨ ᠰᠣᠩᠭᠤᠵᠤ᠂ ᠰᠠᠨᠠᠭᠤᠯᠤᠮᠵᠢ ᠶᠢ ᠦᠨᠳᠦᠰᠦᠯᠡᠨ   ᠬᠤᠪᠢ ᠬᠥᠮᠥᠨ ᠤ ᠮᠡᠳᠡᠭᠡ ᠵᠠᠩᠭᠢ  ᠪᠠᠨ ᠪᠢᠴᠢᠵᠤ᠂ ᠳᠠᠷᠠᠭᠠᠴᠢ ᠶᠢᠨ ᠰᠠᠨᠠᠭᠤᠯᠤᠮᠵᠢ ᠳᠤ ᠣᠷᠣᠨ᠎ᠠ ᠃     
4.14-8.jpg
        3. ᠰᠠᠨᠠᠭᠤᠯᠤᠮᠵᠢ ᠶᠢ ᠦᠨᠳᠦᠰᠦᠯᠡᠨ᠂ ᠭᠤᠶᠤᠴᠢᠯᠠᠭᠴᠢ ᠶᠢᠨ ᠮᠡᠳᠡᠭᠡ ᠵᠠᠩᠭᠢ᠂ ᠬᠡᠷᠡᠭᠴᠡᠭᠡᠨ ᠠᠴᠠ ᠭᠠᠷᠭᠠᠭᠰᠠᠨ ᠮᠠᠰᠢᠨ ᠲᠡᠷᠭᠡᠨ ᠤ ᠮᠡᠳᠡᠭᠡ ᠵᠠᠩᠭᠢ᠂ ᠬᠤᠳᠠᠯᠳᠤᠨ ᠠᠪᠬᠤ ᠰᠢᠨ᠎ᠡ ᠮᠠᠰᠢᠨ ᠲᠡᠷᠭᠡᠨ ᠤ ᠮᠡᠳᠡᠭᠡ ᠵᠠᠩᠭᠢ ᠶᠢ ᠲᠠᠭᠯᠠᠪᠠᠯ᠂ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠭᠤᠶᠤᠴᠢᠯᠠᠵᠤ ᠪᠣᠯᠣᠨ᠎ᠠ᠃     
4.14-9.jpg
         ᠵᠢᠵᠢᠭ ᠫᠷᠣᠭ᠍ᠷᠠᠮ ᠢᠶᠠᠷ ᠲᠥᠷᠥ ᠶᠢᠨ ᠪᠣᠳᠣᠯᠭ᠎ᠠ ᠶᠢ ᠯᠠᠪᠯᠠᠵᠤ ᠨᠥᠬᠦᠪᠦᠷᠢ ᠪᠠᠨ ᠨᠢᠭᠡ ᠯᠡ ᠳᠠᠷᠤᠪᠴᠢ ᠪᠠᠷ ᠭᠤᠶᠤᠴᠢᠯᠠᠬᠤ ᠪᠣᠯᠣᠨ᠎ᠠ᠃
4.14-10.png
 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号