ᠤᠯᠤᠰ ᠲᠦᠷᠦ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠨᠠᠢᠮᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/14
     4 ᠰᠠᠷ᠎ᠠ ᠶᠢᠨ 11 ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠨᠠᠢᠮᠠᠳᠤᠭᠠᠷ ᠬᠤᠷᠠᠯ ᠬᠤᠷᠠᠯᠳᠤᠪᠠ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠽᠧᠩ ᠬᠤᠩ ᠪᠢᠨ ᠬᠤᠷᠠᠯ ᠢ ᠡᠷᠬᠢᠯᠡᠵᠦ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠶᠠ ᠬᠤᠢ᠂ ᠶᠢᠨ ᠢᠦᠢ᠂ ᠵᠠᠩ ᠬᠠᠢ ᠵᠢᠶᠦ᠋ᠨ᠂ ᠸᠠᠩ ᠮᠤᠤ ᠶᠦᠨ ᠵᠢᠴᠢ ᠪᠤᠰᠤᠳ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠲᠤᠰ ᠤᠳᠠᠭ᠎ᠠ ᠶᠢᠨ ᠬᠤᠷᠠᠯ ᠳᠤ ᠣᠷᠣᠯᠴᠠᠵᠤ᠂ ᠡᠯ᠎ᠡ ᠲᠤᠰᠬᠠᠢ ᠵᠥᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ ᠵᠢᠴᠢ ᠡᠯ᠎ᠡ ᠪᠠᠯᠭᠠᠰᠤᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠵᠥᠪᠯᠡᠯ ᠤᠨ ᠡᠷᠬᠢᠯᠡᠭᠴᠢ ᠲᠤᠰ ᠤᠳᠠᠭ᠎ᠠ ᠶᠢᠨ ᠬᠤᠷᠠᠯ ᠳᠤ ᠰᠤᠯᠠ ᠣᠷᠣᠯᠴᠠᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠦᠢᠵᠸᠦ ᠪᠣᠯᠤᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ᠂ ᠲᠥᠪ ᠠᠴᠠ ᠨᠠᠢᠮᠠᠨ ᠲᠣᠭᠲᠠᠭᠠᠯ ᠢ ᠵᠥᠷᠢᠴᠡᠭᠰᠡᠨ ᠨᠠᠷᠢᠨ ᠳᠠᠩᠰᠠ ᠶᠢ 80 ᠵᠤᠷᠪᠤᠰ᠂ ᠰᠦᠨ ᠱᠤᠤ ᠴᠧᠩ ᠱᠦᠵᠢ ᠶᠢᠨ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠡᠯ᠎ᠡ ᠡᠲᠡᠭᠡᠳ ᠤᠨ ᠪᠤᠰᠤᠳ ᠠᠵᠢᠯᠯᠠᠭᠠᠨ ᠤ ᠳᠤᠭᠤᠶᠢᠯᠠᠩ ᠤᠨ 2025 ᠣᠨ ᠤ ᠡᠲᠡᠭᠡᠳ ᠤᠨ ᠢᠯᠭᠠᠯ ᠤᠨ ᠠᠵᠢᠯᠯᠠᠭ᠎ᠠ ᠶᠢᠨ ᠲᠣᠬᠢᠷᠠᠭᠤᠯᠤᠯᠲᠠ ᠶᠢᠨ ᠪᠠᠶᠢᠳᠠᠯ᠂ ᠡᠯ᠎ᠡ ᠪᠠᠯᠭᠠᠰᠤᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠵᠥᠪᠯᠡᠯ ᠤᠨ 2025 ᠣᠨ ᠤ ᠠᠵᠢᠯ ᠤᠨ ᠲᠥᠯᠥᠪᠯᠡᠭᠡ ᠶᠢ ᠰᠣᠨᠣᠰᠪᠠ᠃    ᠬᠤᠷᠠᠯ ᠠᠴᠠ᠂ ᠤᠢᠢᠷ᠎ᠠ ᠶᠢᠨ ᠬᠤᠭᠤᠴᠠᠭᠠᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠳᠤᠮᠳᠠ ᠤᠯᠤᠰ ᠲᠦᠷᠦ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠰᠤᠷᠤᠯᠴᠠᠨ ᠲᠤᠭᠤᠰᠢᠯᠠᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠺᠠᠳ᠋ᠷ ᠥᠪᠡᠷ ᠤᠨ ᠪᠡᠶ᠎ᠡ ᠪᠠᠨ ᠲᠥᠪ ᠭᠤᠣᠯᠴᠢ᠂ ᠥᠪᠡᠷ ᠤᠨ ᠪᠡᠶ᠎ᠡ ᠪᠠᠨ ᠴᠢᠩᠭ᠎ᠠ ᠲᠠᠶᠢᠴᠢᠯᠠᠬᠤ ᠪᠠᠷ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠴᠢᠩᠭ᠎ᠠ ᠵᠢᠷᠤᠮᠯᠠᠵᠤ᠂ ︽ᠲᠦᠷᠪᠡᠨ ᠰᠤᠷᠲᠠᠯ︾ ᠢ ᠲᠦᠷᠦᠭᠦᠯᠡᠨ ᠡᠰᠡᠷᠭᠦᠴᠡᠵᠦ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠨ ᠪᠠᠶᠢᠭᠤᠯᠭ᠎ᠠ ᠶᠢᠨ ᠺᠠᠳ᠋ᠷ ᠲᠤ ᠬᠡᠪ ᠳᠠᠭᠤᠷᠢᠶᠠᠯ ᠪᠤᠯᠵᠤ᠂ ᠨᠠᠮ ᠤᠨ ᠭᠡᠰᠢᠭᠦᠨ ᠭᠡᠰᠢᠭᠦᠳ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ︽ᠨᠢᠭᠡ ᠮᠥᠷᠥᠨ ᠳᠡᠭᠡᠷ᠎ᠡ ᠪᠠᠨ ᠡᠭᠦᠷᠭᠡᠯᠡᠵᠦ ᠬᠤᠶᠠᠷ ᠢ ᠡᠭᠦᠷᠭᠡᠯᠡᠵᠦ᠂ ᠬᠤᠶᠠᠷ ᠲᠤᠰᠢᠶᠠᠯ ᠢᠶᠠᠷ ᠢᠶᠠᠨ ᠲᠡᠷᠢᠭᠦᠨ ᠤ ᠪᠣᠯᠬᠤ ᠪᠠᠷ ᠴᠢᠷᠮᠠᠶᠢᠬᠤ︾ ᠭᠡᠰᠢᠭᠦᠳ ᠤᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠬᠦ ᠬᠡᠷᠡᠭᠲᠡᠢ᠃    ᠬᠤᠷᠠᠯ ᠠᠴᠠ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠮᠥᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠪᠦᠬᠦ ᠭᠡᠰᠢᠭᠦᠳ ᠦᠷᠭᠦᠯᠵᠢᠯᠡᠨ ᠵᠠᠮ ᠨᠡᠭᠡᠭᠡᠨ ᠰᠢᠨ᠎ᠡ ᠶᠢ ᠡᠭᠦᠳᠬᠦ ᠥᠭᠡᠷᠡᠴᠢᠯᠡᠯᠲᠡ ᠶᠢᠨ ᠦᠵᠡᠯ ᠰᠠᠨᠠᠭ᠎ᠠ ᠪᠠᠷ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠰᠢᠨ᠎ᠡ ᠠᠷᠭ᠎ᠠ ᠶᠢ ᠭᠠᠷᠭᠠᠵᠤ᠂ ᠡᠯ᠎ᠡ ᠪᠠᠯᠭᠠᠰᠤᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠵᠥᠪᠯᠡᠯ ︽ᠨᠢᠭᠤᠷᠳᠠᠨ ᠵᠥᠪᠳᠡᠯᠴᠡᠬᠦ︾ ᠵᠥᠪᠯᠡᠬᠦ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠭᠤᠣᠯ ᠠᠵᠢᠯ ᠤᠨ ᠳᠤᠮᠳᠠ ᠪᠠᠨ ︽ᠤᠶᠠᠯᠳᠤᠯ ᠤᠨ ᠴᠡᠭ︾ ᠢ ᠰᠠᠶᠢᠲᠤᠷ ᠰᠣᠩᠭᠤᠵᠤ᠂ ︽ᠴᠤᠤᠷᠢᠶᠠᠲᠤᠬᠤ ᠴᠡᠭ︾ ᠢ ᠡᠵᠡᠮᠳᠡᠵᠦ᠂ ︽ᠭᠠᠷᠳᠠᠬᠤ ᠴᠡᠭ︾ ᠢ ᠣᠨᠣᠪᠴᠢᠲᠠᠢ ᠣᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠤᠶᠤᠨ ᠤᠬᠠᠭᠠᠨ ᠢᠶᠠᠨ ᠰᠢᠪᠬᠠᠵᠤ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃  ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号