ᠰᠢᠩ ᠱᠦᠨ ᠰᠢ ᠪᠠᠯᠭᠠᠰᠤ ᠨᠡᠭᠦᠳᠡᠯ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢᠨ ᠶᠠᠰᠤ ᠴᠢᠨᠠᠷ | ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠭᠦᠳᠡᠯ ᠨᠠᠮ ᠤᠨ ᠭᠡᠰᠢᠭᠦᠨ ᠤ ᠬᠠᠷᠢᠭᠤᠴᠠᠯᠭᠠᠲᠤ | ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠦᠨ᠂ ᠨᠡᠭᠦᠳᠡᠯ ᠨᠠᠮ ᠤᠨ ᠭᠡᠰᠢᠭᠦᠨ ᠢ ︽ | ᠨᠤᠲᠤᠭ ᠠᠴᠠ ᠪᠠᠨ ᠰᠠᠯᠤᠯ ᠦᠭᠡᠢ ᠨᠠᠮ ᠠᠴᠠ ᠰᠠᠯᠬᠤ ᠦᠭᠡᠢ᠂ ᠠᠯᠳᠠᠭᠳᠠᠵᠤ ᠭᠡᠭᠡᠭᠳᠡᠬᠦ ᠦᠭᠡᠢ︾ ᠪᠣᠯᠭᠠᠬᠤ ᠶᠢᠨ | ᠲᠥᠯᠥᠭᠡ᠂ 4 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠰᠢᠩ ᠱᠦᠨ ᠰᠢ ᠪᠠᠯᠭᠠᠰᠤ ᠠᠴᠠ | ᠪᠤᠭᠤᠲᠤ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ ᠨᠡᠭᠦᠳᠡᠯ ᠨᠠᠮ ᠤᠨ ᠭᠡᠰᠢᠭᠦᠨ ᠢ | ᠵᠣᠬᠢᠶᠠᠨ ᠪᠠᠶᠢᠭᠤᠯᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠲᠤᠬᠠᠢ ᠴᠢᠬᠤᠯᠠ ᠶᠠᠷᠢᠶ᠎ᠠ ᠪᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠬᠤ ᠶᠢᠨ ᠬᠠᠮᠲᠤ ᠨᠡᠭᠦᠳᠡᠯ ᠨᠠᠮ ᠤᠨ ᠭᠡᠰᠢᠭᠦᠨ ᠳᠤ ︽ᠰᠢ ᠶᠢᠨ ᠫᠢᠩ ᠤᠨ ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢ ᠲᠠᠷᠬᠠᠭᠠᠪᠠ᠃ | ᠬᠤᠷᠠᠯ ᠳᠤ ᠣᠷᠣᠯᠴᠠᠭᠰᠠᠨ ᠨᠡᠭᠦᠳᠡᠯ ᠨᠠᠮ ᠤᠨ ᠭᠡᠰᠢᠭᠦᠳ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ | ᠶᠠᠷᠢᠶ᠎ᠠ ᠲᠠᠯᠪᠢᠪᠠ᠃ ᠲᠡᠳᠡ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠥᠷᠥᠭᠳᠡᠯ ᠪᠠ | ᠪᠣᠳᠣᠯ ᠢᠶᠠᠨ ᠶᠠᠷᠢᠯᠴᠠᠭᠰᠠᠨ ᠪᠥᠭᠡᠳ ᠰᠢᠩ ᠱᠦᠨ ᠰᠢ ᠪᠠᠯᠭᠠᠰᠤᠨ ᠤ ᠬᠤᠶᠢᠰᠢᠳᠠ ᠶᠢᠨ ᠠᠵᠢᠯ ᠳᠤ ᠡᠷᠬᠢᠮ ᠨᠠᠨᠳᠢᠨ | ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ ᠨᠡᠭᠦᠳᠡᠯ ᠨᠠᠮ ᠤᠨ ᠭᠡᠰᠢᠭᠦᠳ᠂ ᠡᠨᠡ ᠤᠳᠠᠭ᠎ᠠ ᠶᠢᠨ | ᠰᠤᠷᠤᠯᠴᠠᠯᠭ᠎ᠠ ᠶᠢᠨ ᠣᠯᠤᠯᠲᠠ ᠮᠠᠰᠢ ᠰᠠᠶᠢᠨ ᠪᠠᠶᠢᠵᠤ᠂ ᠲᠥᠷᠥ ᠶᠢᠨ ᠪᠣᠳᠣᠯᠭ᠎ᠠ ᠶᠢᠨ ᠣᠨᠣᠯ ᠤᠨ ᠲᠦᠪᠰᠢᠨ ᠢ | ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠢ ᠮᠡᠳᠡᠷᠡᠪᠡ ᠭᠡᠵᠦ ᠢᠯᠡᠳᠬᠡᠵᠡᠭᠡᠪᠡ᠃ | ᠳᠠᠷᠠᠭᠠᠴᠢ ᠶᠢᠨ ᠠᠯᠬᠤᠮ ᠳᠤ᠂ ᠰᠢᠩ ᠱᠦᠨ ᠰᠢ ᠪᠠᠯᠭᠠᠰᠤᠨ ᠤ ᠨᠠᠮ ᠤᠨ ᠬᠤᠷᠢᠶ᠎ᠡ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠰᠢᠩ ᠱᠦᠨ ᠰᠢ ᠪᠠᠯᠭᠠᠰᠤᠨ ᠤ ᠨᠠᠮ ᠤᠨ ᠪᠠᠶᠢᠭᠤᠯᠤᠯᠲᠠ ᠶᠢᠨ | ᠠᠵᠢᠯ ᠤᠨ ᠰᠢᠨ᠎ᠡ ᠦᠨᠳᠦᠷᠴᠡ ᠳᠤ ᠬᠦᠷᠬᠦ ᠳᠤ ᠬᠦᠴᠦᠨ ᠨᠡᠮᠡᠷᠢᠯᠡᠨ᠎ᠡ᠃ | |