ᠰᠢᠶᠠᠨ ᠤ ᠵᠠᠰᠠᠭ ᠤᠨ ᠣᠷᠳᠣᠨ 2025 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/15
    4 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠾᠧᠦ ᠶᠥᠩ ᠹᠧᠩ 2025 ᠣᠨ ᠤ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠶ᠎ᠠ︾᠂ ︽ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠦᠯ︾ ᠪᠣᠯᠤᠨ ︽ᠭᠦᠶᠡᠩ ᠰᠢᠶᠠᠨ ᠤ ᠠᠯᠪᠠᠨ ᠠᠴᠠ ᠪᠠᠶᠢᠭᠤᠯᠤᠭᠰᠠᠨ ᠨᠠᠰᠤᠵᠢᠯ ᠤᠨ ᠪᠠᠶᠢᠭᠤᠯᠤᠮᠵᠢ ᠶᠢᠨ ᠨᠠᠶᠢᠳᠠᠨ ᠡᠵᠡᠩᠨᠡᠭᠦᠯᠬᠦ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠪᠡ᠃   ᠬᠤᠷᠠᠯ ᠠᠴᠠ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠢᠨ᠎ᠡ ᠶᠢ ᠡᠭᠦᠳᠬᠦ ᠳᠤᠲᠠᠬᠳᠠᠯ ᠢ ᠲᠦᠷᠭᠡᠨ ᠨᠥᠬᠦᠪᠥᠷᠢᠯᠡᠵᠦ᠂ ᠰᠢᠨ᠎ᠡ ᠶᠢ ᠡᠭᠦᠳᠬᠦ ᠬᠥᠭᠵᠢᠯᠲᠡ᠂ ᠪᠣᠬᠢᠷᠲᠤᠯ ᠦᠭᠡᠢ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠨᠡᠩ ᠶᠡᠭᠡ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃ ᠠᠵᠤ ᠦᠢᠯᠡᠰ ᠤᠨ ᠳᠡᠰ ᠳᠡᠪᠰᠢᠬᠦ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠪᠣᠯᠤᠨ ᠠᠵᠤ ᠦᠢᠯᠡᠰᠵᠢᠯᠲᠡ ᠶᠢᠨ ᠬᠡᠷᠡᠭᠴᠡᠭᠡ ᠶᠢ ᠣᠨᠢᠨ ᠳᠡᠭᠡᠷ᠎ᠡ ᠨᠢ ᠵᠣᠯᠭᠠᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠵᠦ᠂ ᠵᠠᠩᠭᠢᠯᠠᠭ᠎ᠠ ᠶᠢᠨ ᠭᠠᠷ ᠤᠷᠠᠯᠠᠯ᠂ ᠣᠶᠤᠨᠴᠢ ᠬᠡᠯᠪᠡᠷᠢ ᠶᠢ ᠬᠤᠪᠢᠷᠠᠭᠤᠯᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠡᠷᠭᠡ ᠮᠡᠷᠭᠡᠵᠢᠯ ᠤᠨ ᠪᠣᠭᠤᠮᠢ ᠶᠢ ᠭᠤᠣᠯᠳᠠᠯᠭ᠎ᠠ ᠲᠠᠢ ᠰᠢᠪᠲᠤᠯᠵᠤ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠪᠠᠶᠢᠳᠠᠯ ᠲᠠᠢ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠤᠵᠠᠭᠠᠶᠢᠷᠠᠬᠤ ᠳᠤ ᠬᠦᠴᠦᠨ ᠨᠡᠮᠡᠷᠢᠯᠡᠬᠦ ᠬᠡᠷᠡᠭᠲᠡᠢ  ᠭᠡᠵᠡᠢ᠃    ᠬᠤᠷᠠᠯ ᠠᠴᠠ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠳᠡᠰ ᠳᠡᠪᠰᠢᠭᠦᠯᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠬᠡᠦᠬᠡᠳ ᠤᠨ ᠡᠷᠬᠡ ᠠᠰᠢᠭ᠂ ᠨᠡᠶᠢᠭᠡᠮ ᠤᠨ ᠬᠥᠭᠵᠢᠯᠲᠡ ᠳᠤ ᠬᠤᠯᠪᠣᠭᠳᠠᠬᠤ ᠤᠴᠢᠷ ᠠᠴᠠ ᠡᠷᠬᠡᠪᠰᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠣᠳᠣᠯ ᠢᠶᠠᠷ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ︽ᠬᠡᠦᠬᠡᠳ ᠤᠨ ᠰᠡᠳᠬᠢᠯ᠂ ᠤᠮᠠᠷᠠᠲᠤ ᠬᠢᠯᠢ · ᠭᠦᠶᠡᠩ ᠬᠠᠨᠳᠢᠪᠯᠠᠯ︾ ᠤᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠦᠢᠯᠡᠴᠢᠯᠡᠭᠡᠨ ᠤ ᠨᠡᠷᠡᠲᠦ ᠲᠦᠷᠦᠯ ᠲᠡᠮᠳᠡᠭ ᠤᠨ ᠪᠠᠶᠢᠭᠤᠯᠤᠯᠲᠠ ᠲᠠᠢ ᠨᠢᠭᠲᠠ ᠤᠶᠠᠯᠳᠤᠭᠤᠯᠤᠨ᠂ ᠭᠤᠷᠪᠠᠨ ᠵᠦᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ︽ᠵᠢᠷᠭᠤᠭ᠎ᠠ ᠪᠠᠶᠢᠬᠤ︾ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠦᠬᠦ ᠲᠠᠯ᠎ᠠ ᠪᠠᠷ ᠡᠷᠡᠭᠦᠯ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠰᠢᠯᠭᠠᠨ ᠬᠢᠨᠠᠵᠤ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠷᠠᠭᠠᠯᠵᠠᠵᠤ ᠬᠠᠯᠠᠮᠵᠢᠯᠠᠬᠤ ᠦᠢᠯᠡᠴᠢᠯᠡᠭᠡᠨ ᠤ ᠠᠵᠢᠯ ᠢ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠮᠡᠳᠡᠬᠦ ᠨᠤᠷᠮ᠎ᠠ ᠶᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠵᠤ ᠪᠠᠶᠢᠭᠠᠳ ᠣᠷᠣᠯᠴᠠᠭᠤᠯᠵᠤ᠂ ᠪᠦᠬᠦ ᠨᠡᠶᠢᠭᠡᠮ ᠢᠶᠠᠷ ᠢᠶᠠᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ ᠭᠡᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠵᠦ᠂ ︽ᠦᠳᠡᠯᠦᠭᠡ ᠨᠠᠰᠤᠨ ᠳᠤ ᠪᠠᠨ ᠪᠠᠶᠠᠷ ᠴᠡᠩᠭᠡᠯ ᠲᠠᠢ᠂ ᠦᠳᠡᠯᠦᠭᠡ ᠨᠠᠰᠤᠨ ᠳᠤ ᠪᠠᠨ ᠠᠰᠠᠷᠠᠮᠵᠢ ᠲᠠᠢ ᠪᠠᠶᠢᠬᠤ︾ ᠶᠢ ᠨᠡᠩ ᠢᠯᠡ ᠲᠥᠷᠥᠭᠳᠡᠯ ᠲᠠᠢ ᠪᠣᠯᠭᠠᠬᠤ ᠶᠢᠨ ᠲᠥᠯᠥᠭᠡ᠂ ᠡᠷᠬᠡᠪᠰᠢ ᠠᠯᠪᠠᠨ ᠠᠴᠠ ᠡᠷᠬᠢᠯᠡᠭᠰᠡᠨ ᠨᠠᠰᠤᠵᠢᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠶᠠᠰᠤ ᠴᠢᠨᠠᠷ ᠪᠣᠯᠤᠨ ᠡᠵᠡᠩᠨᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠢᠷᠢ ᠭᠡᠮ ᠢ ᠴᠢᠩᠭ᠎ᠠ ᠬᠢᠨᠠᠨ ᠪᠠᠶᠢᠴᠠᠭᠠᠵᠤ᠂ ᠨᠠᠰᠤᠵᠢᠯ ᠤᠨ ᠦᠢᠯᠡᠴᠢᠯᠡᠭᠡᠨ ᠤ ᠲᠤᠷᠰᠢᠯᠭ᠎ᠠ ᠪᠠᠷ ᠪᠠᠶᠠᠯᠢᠭ᠂ ᠲᠤᠰᠬᠠᠢ ᠮᠡᠷᠭᠡᠵᠢᠯ ᠤᠨ ᠴᠢᠳᠠᠪᠤᠷᠢ ᠪᠠᠷ ᠨᠡᠯᠢᠶᠡᠳ ᠴᠢᠩᠭ᠎ᠠ ᠪᠠ ᠨᠡᠶᠢᠭᠡᠮ ᠤᠨ ᠢᠲᠡᠭᠡᠮᠵᠢ ᠪᠠᠷ ᠰᠠᠶᠢᠨ ᠠᠵᠤ ᠠᠬᠤᠶᠢᠯᠠᠯ ᠢ ᠰᠣᠩᠭᠤᠨ ᠡᠵᠡᠩᠨᠡᠯᠲᠡ ᠳᠤ ᠣᠷᠣᠯᠴᠠᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠪᠡᠯᠡ ᠮᠥᠩᠭᠦ ᠶᠢᠨ ᠣᠷᠣᠭᠤᠯᠤᠯᠲᠠ ᠠᠴᠠ ᠬᠢᠨᠠᠯᠲᠠ ᠬᠠᠮᠢᠶᠠᠷᠤᠯᠲᠠ ᠬᠦᠷᠲᠡᠯ᠎ᠡ ᠦᠨᠡᠨᠬᠦ ᠰᠠᠶᠢᠲᠤᠷ ᠭᠦᠢᠴᠡᠳᠬᠡᠵᠦ᠂ ᠪᠠᠲᠤᠯᠠᠪᠤᠷᠢ ᠶᠢᠨ ᠡᠭᠦᠷᠭᠡ ᠴᠢᠳᠠᠪᠬᠢ ᠪᠠᠨ ᠦᠨᠡᠨᠬᠦ ᠰᠠᠶᠢᠲᠤᠷ ᠭᠦᠢᠴᠡᠳᠬᠡᠵᠦ᠂ ᠨᠠᠰᠤᠵᠢᠯ ᠤᠨ ᠦᠢᠯᠡᠰ ᠢ ᠪᠦᠬᠦ ᠲᠠᠯ᠎ᠠ ᠪᠠᠷ ᠬᠠᠮᠠᠭᠠᠯᠠᠵᠤ᠂ ᠨᠠᠰᠤᠲᠠᠶᠢᠴᠤᠳ ᠲᠤ ᠨᠡᠩ ᠴᠢᠨᠠᠷ ᠰᠠᠶᠢᠲᠠᠢ᠂ ᠳᠥᠭᠦᠮ ᠳᠥᠲᠡ ᠦᠢᠯᠡᠴᠢᠯᠡᠭᠡ ᠬᠠᠩᠭᠠᠬᠤ ᠬᠡᠷᠡᠭᠲᠡᠢ ᠭᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号