4 ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ | ᠬᠤᠷᠢᠶᠠᠨ ᠤ ᠤᠬᠠᠭᠤᠯᠬᠤ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠡ᠂ ᠤᠯᠤᠰ ᠤᠨ ᠠᠮᠤᠷ | ᠲᠦᠪᠰᠢᠨ ᠤ ᠠᠵᠢᠯ ᠤᠨ ᠠᠯᠪᠠᠨ ᠭᠡᠷ᠂ ᠠᠵᠢᠯᠴᠢᠨ ᠤ ᠶᠡᠷᠦᠩᠬᠡᠢ ᠡᠪᠯᠡᠯ᠂ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ᠬᠠᠮᠲᠤᠷᠠᠨ ᠡᠷᠬᠢᠯᠡᠭᠰᠡᠨ ᠭᠦᠶᠡᠩ ᠰᠢᠶᠠᠨ ᠤ ᠠᠵᠢᠯᠲᠠᠨ ᠠᠵᠢᠯᠴᠢᠨ ᠤ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃ | ᠶᠢᠨ ᠬᠤᠤ ᠪᠠᠯᠭᠠᠰᠤᠨ ᠤ ᠤᠷᠤᠯᠳᠤᠭᠠᠨ ᠳᠤ ᠣᠷᠣᠯᠴᠠᠭᠰᠠᠳ ᠰᠢᠯᠢᠳᠡᠭ ᠢᠯᠡᠷᠡᠯ ᠲᠠᠢ ᠪᠠᠶᠢᠵᠤ᠂ ᠯᠠᠪᠳᠠᠭᠤᠨ | ᠪᠠᠲᠤᠲᠠᠢ ᠠᠭᠤᠯᠭ᠎ᠠ ᠪᠠ ᠴᠢᠩ ᠰᠡᠳᠬᠢᠯ ᠤᠨ ᠢᠯᠡᠳᠬᠡᠯ ᠳᠡᠭᠡᠨ ᠲᠦᠰᠢᠭᠯᠡᠨ᠂ ᠰᠢᠯᠢᠳᠡᠭ ᠱᠠᠩᠨᠠᠯ ᠬᠦᠷᠲᠡᠪᠡ᠃ | ᠶᠢᠨ ᠬᠤᠤ ᠪᠠᠯᠭᠠᠰᠤᠨ ᠤ ᠲᠥᠯᠥᠭᠡᠯᠡᠭᠴᠢ ᠣᠳᠣᠬᠠᠨ ᠤ ᠤᠯᠤᠰ ᠤᠨ ᠠᠮᠤᠷ ᠲᠦᠪᠰᠢᠨ ᠤ ᠠᠵᠢᠯ ᠤᠨ | ᠭᠤᠣᠯᠳᠠᠯᠭ᠎ᠠ ᠶᠢᠨ ᠲᠣᠭᠤᠷᠢᠨ ᠳᠤ᠂ ︽ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠪᠢᠳᠡ ᠪᠦᠬᠦᠨ | ᠬᠠᠮᠲᠤ ᠪᠠᠷ ᠤᠷᠤᠭᠰᠢᠯᠠᠶ᠎ᠠ︾ ᠭᠡᠬᠦ ᠰᠡᠳᠦᠪ ᠢᠶᠠᠷ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ᠂ ᠬᠦᠨᠳᠦ | ᠶᠡᠭᠡ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠮᠡᠳᠡᠭᠡ ᠵᠠᠩᠭᠢ ᠶᠢᠨ ᠠᠮᠤᠷ | ᠲᠦᠪᠰᠢᠨ ᠤ ᠨᠢᠭᠤᠴᠠ ᠶᠢ ᠬᠠᠮᠠᠭᠠᠯᠠᠬᠤ ᠠᠵᠢᠯ ᠵᠡᠷᠭᠡ ᠭᠤᠷᠪᠠᠨ ᠶᠡᠭᠡ ᠲᠠᠯ᠎ᠠ ᠶᠢᠨ ᠲᠣᠭᠤᠷᠢᠨ ᠳᠤ᠂ ᠲᠤᠰ | ᠪᠡᠶ᠎ᠡ ᠶᠢᠨ ᠠᠵᠢᠯ ᠤᠨ ᠦᠢᠯᠡᠳᠦᠯᠭᠡ ᠲᠠᠢ ᠪᠠᠨ ᠤᠶᠠᠯᠳᠤᠭᠤᠯᠤᠨ᠂ ᠦᠵᠡᠭᠴᠢᠳ ᠲᠤ ︽ᠤᠯᠤᠰ ᠤᠨ ᠠᠮᠤᠷ | ᠲᠦᠪᠰᠢᠨ ᠮᠢᠨᠦ ᠬᠠᠵᠠᠭᠤ ᠳᠤ ᠪᠠᠶᠢᠨ᠎ᠠ︾ ᠭᠡᠰᠡᠨ ᠭᠦᠨᠵᠡᠭᠡᠢ ᠣᠶᠢᠯᠠᠭᠠᠯᠲᠠ ᠪᠠᠨ ᠠᠮᠢᠳᠤᠯᠢᠭ ᠢᠶᠠᠷ ᠶᠠᠷᠢᠵᠤ ᠥᠭᠪᠡ᠃ | ︽ᠴᠠᠬᠢᠯᠭᠠᠨ ᠬᠤᠯᠪᠣᠭ᠎ᠠ ᠪᠠᠷ ᠮᠡᠬᠡᠯᠡᠯ ᠢ ᠡᠰᠡᠷᠭᠦᠴᠡᠬᠦ︾ ᠪᠠᠷ ᠰᠡᠷᠡᠮᠵᠢ ᠶᠢᠨ ᠳᠣᠬᠢᠶᠡ ᠪᠣᠯᠭᠠᠵᠤ᠂ ᠦᠨᠳᠦᠰᠦᠨ | ᠱᠠᠲᠤᠨ ᠤ ᠺᠠᠳ᠋ᠷ ᠬᠡᠷᠬᠢᠨ ᠣᠯᠠᠨ ᠲᠦᠮᠡᠨ ᠢ ᠬᠠᠪᠰᠤᠷᠤᠨ ᠮᠡᠬᠡᠯᠡᠯ ᠢ ᠢᠯᠭᠠᠨ ᠲᠠᠨᠢᠬᠤ᠂ ᠠᠶᠤᠯ ᠲᠦᠭᠰᠢᠭᠦᠷᠢ ᠶᠢ | ᠠᠷᠢᠯᠭᠠᠬᠤ᠂ ᠵᠣᠭᠤᠰᠣᠨ ᠤᠭᠤᠲᠠ ᠪᠠᠨ ᠰᠠᠶᠢᠲᠤᠷ ᠰᠠᠬᠢᠬᠤ ᠲᠤᠬᠠᠢ ᠶᠠᠷᠢᠪᠠ᠃ | ︽ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ︾ ᠪᠠᠷ ᠬᠤᠷᠢᠭ᠎ᠠ ᠱᠤᠭᠤᠮ ᠪᠣᠯᠭᠠᠵᠤ᠂ ᠶᠢᠨ ᠬᠤᠤ | ᠪᠠᠯᠭᠠᠰᠤᠨ ᠤ ᠦᠶᠡᠷ ᠢ ᠰᠡᠷᠭᠡᠶᠢᠯᠡᠬᠦ᠂ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠪᠠᠴᠢᠮ ᠪᠠᠶᠢᠳᠠᠯ ᠢ ᠠᠷᠭᠠᠴᠠᠭᠠᠬᠤ | ᠠᠵᠢᠯ ᠤᠨ ᠳᠤᠮᠳᠠᠬᠢ ᠠᠷᠭᠠᠴᠠᠬᠤ ᠲᠤᠷᠰᠢᠯᠭ᠎ᠠ ᠶᠢ ᠬᠤᠪᠢᠶᠠᠯᠴᠠᠵᠤ᠂ ᠦᠨᠳᠦᠰᠦᠨ ᠱᠠᠲᠤᠨ ᠤ ᠨᠢᠭᠡᠳᠦᠭᠡᠷ | ᠹᠷᠣᠨᠲ ᠤᠨ ᠰᠠᠬᠢᠨ ᠬᠠᠮᠠᠭᠠᠯᠠᠬᠤ ᠡᠭᠦᠷᠭᠡᠯᠡᠯ ᠢ ᠢᠯᠡᠷᠡᠭᠦᠯᠪᠡ᠃ | ︽ᠮᠡᠳᠡᠭᠡ ᠵᠠᠩᠭᠢ ᠶᠢᠨ ᠠᠮᠤᠷ ᠲᠦᠪᠰᠢᠨ︾ ᠢᠶᠠᠷ ᠵᠢᠭᠰᠠᠭᠠᠯ ᠤᠨ ᠭᠠᠵᠠᠷ ᠪᠣᠯᠭᠠᠵᠤ᠂ ᠠᠵᠢᠯᠲᠠᠨ ᠠᠵᠢᠯᠴᠢᠨ ᠤ | ᠡᠳᠦᠷ ᠲᠤᠲᠤᠮ ᠤᠨ ᠠᠯᠪᠠᠯᠠᠬᠤ ᠳᠤᠮᠳᠠ ᠪᠠᠨ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠬᠤ ᠶᠢ | ᠰᠠᠨᠠᠭᠠᠴᠢᠯᠠᠵᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠪᠠᠲᠤ | ᠴᠣᠭᠴᠠᠯᠠᠵᠤ᠂ ᠪᠠᠶᠢᠭᠤᠯᠭ᠎ᠠ ᠨᠢᠭᠡᠴᠡ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ︽ᠬᠤᠷᠢᠭ᠎ᠠ ᠱᠤᠭᠤᠮ︾ ᠢ | ᠪᠠᠲᠤ ᠰᠠᠬᠢᠬᠤ ᠬᠡᠷᠡᠭᠲᠡᠢ᠃ | ᠲᠤᠰ ᠤᠳᠠᠭᠠᠨ ᠤ ᠤᠷᠤᠯᠳᠤᠭᠠᠨ ᠨᠢ ᠨᠢᠭᠡ ᠤᠳᠠᠭᠠᠨ ᠤ ᠭᠤᠶᠢᠳᠠ ᠰᠠᠶᠢᠬᠠᠨ ᠤᠬᠠᠭᠤᠯᠤᠨ | ᠲᠠᠶᠢᠯᠪᠤᠷᠢᠯᠠᠯᠲᠠ ᠶᠢ ᠠᠳᠠᠯᠢᠳᠬᠠᠨ ᠰᠢᠯᠭᠠᠷᠠᠭᠤᠯᠵᠤ ᠪᠠᠶᠢᠬᠤ ᠪᠠᠷ ᠪᠠᠷᠠᠬᠤ ᠦᠭᠡᠢ᠂ ᠨᠡᠩ ᠴᠤ ᠪᠦᠬᠦ ᠠᠷᠠᠳ ᠤᠨ | ᠤᠯᠤᠰ ᠤᠨ ᠠᠮᠤᠷ ᠲᠦᠪᠰᠢᠨ ᠤ ᠬᠥᠮᠦᠵᠢᠯ ᠤᠨ ︽ᠬᠢᠴᠢᠶᠡᠯ ᠤᠨ ᠲᠠᠩᠬᠢᠮ︾ ᠪᠣᠯᠤᠨ᠎ᠠ᠃ ᠶᠢᠨ ᠬᠤᠤ ᠪᠠᠯᠭᠠᠰᠤ | ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠬᠠᠭᠤᠯᠤᠨ ᠲᠠᠶᠢᠯᠪᠤᠷᠢᠯᠠᠬᠤ ᠬᠥᠮᠦᠵᠢᠯ ᠤᠨ | ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ | ᠠᠭᠤᠯᠭ᠎ᠠ ᠶᠢᠨ ᠬᠡᠯᠪᠡᠷᠢ ᠶᠢ ᠪᠠᠶᠠᠯᠢᠭᠵᠢᠭᠤᠯᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠣᠯᠠᠨ | ᠲᠦᠮᠡᠨ ᠤ ᠳᠡᠷᠭᠡᠳᠡ ᠬᠦᠷᠭᠡᠵᠦ᠂ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠨ᠂ ᠪᠦᠬᠦ ᠠᠷᠠᠳ ᠤᠨ | ᠤᠯᠤᠰ ᠤᠨ ᠠᠮᠤᠷ ᠲᠦᠪᠰᠢᠨ ᠤ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ ᠪᠠᠬᠢᠵᠢᠭᠦᠯᠪᠡ᠃ | ᠳᠠᠷᠠᠭᠠᠴᠢ ᠶᠢᠨ ᠠᠯᠬᠤᠮ ᠳᠤ᠂ ᠶᠢᠨ ᠬᠤᠤ ᠪᠠᠯᠭᠠᠰᠤ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠤᠯᠤᠰ ᠤᠨ ᠠᠮᠤᠷ | ᠲᠦᠪᠰᠢᠨ ᠤ ᠬᠥᠮᠦᠵᠢᠯ ᠢ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ | ᠤᠯᠤᠰ ᠤᠨ ᠠᠮᠤᠷ ᠲᠦᠪᠰᠢᠨ ᠤ ᠤᠬᠠᠮᠰᠠᠷ ᠢ ᠠᠵᠢᠯᠲᠠᠨ ᠨᠢᠭᠡᠪᠦᠷᠢ᠂ ᠣᠯᠠᠨ ᠲᠦᠮᠡᠨ ᠨᠢᠭᠡᠪᠦᠷᠢ ᠶᠢᠨ ᠦᠵᠡᠯ | ᠰᠠᠨᠠᠭᠠᠨ ᠤ ᠬᠠᠮᠲᠤ ᠶᠢᠨ ᠲᠠᠨᠢᠯᠲᠠ ᠪᠠ ᠠᠵᠢᠯᠯᠠᠭ᠎ᠠ ᠶᠢᠨ ᠤᠬᠠᠮᠰᠠᠷ ᠪᠣᠯᠭᠠᠨ᠎ᠠ᠃ | |