ᠡᠨᠡ ᠵᠢᠯ ᠠᠴᠠ ᠨᠠᠰᠢ᠂ ᠰᠢᠶᠠ ᠱᠢ ᠬᠤᠤ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠤᠯᠤᠰ | ᠲᠥᠷᠥ ᠶᠢᠨ ᠬᠢᠨᠠᠯᠲᠠ ᠲᠠᠯᠪᠢᠬᠤ ᠡᠨᠡᠬᠦ ᠭᠤᠣᠯᠳᠠᠯᠭ᠎ᠠ ᠶᠢ ᠠᠳᠬᠤᠵᠤ᠂ ᠤᠯᠤᠰ ᠲᠥᠷᠥ ᠶᠢᠨ ᠡᠭᠦᠷᠭᠡᠯᠡᠯ ᠢᠶᠠᠨ | ᠪᠠᠲᠤᠳᠬᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠭᠤᠣᠯᠳᠠᠯᠭ᠎ᠠ ᠲᠠᠢ ᠠᠭᠤᠯᠭ᠎ᠠ ᠪᠣᠯᠤᠨ ︽ | ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ ᠠᠩᠬᠠᠷᠴᠤ᠂ ︽ᠭᠤᠷᠪᠠ ᠶᠢ ᠲᠥᠪᠯᠡᠷᠡᠭᠦᠯᠬᠦ︾ ᠶᠢ | ᠪᠠᠷᠢᠮᠲᠠᠯᠠᠵᠤ᠂ ᠤᠯᠤᠰ ᠲᠥᠷᠥ ᠶᠢᠨ ᠬᠢᠨᠠᠯᠲᠠ ᠶᠢ ᠪᠣᠳᠠᠲᠠᠢ ᠨᠠᠷᠢᠯᠢᠭ ᠬᠢᠵᠦ᠂ ᠤᠯᠤᠰ ᠲᠥᠷᠥ ᠶᠢᠨ ᠬᠢᠨᠠᠯᠲᠠ ᠶᠢ | ᠪᠣᠳᠠᠲᠠᠶᠢᠵᠢᠭᠤᠯᠵᠤ᠂ ᠪᠠᠶᠢᠩᠭᠤᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ︽ᠬᠤᠶᠠᠷ ᠢ ᠬᠠᠮᠠᠭᠠᠯᠠᠬᠤ︾ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠪᠠ᠃ | 01 ᠰᠤᠷᠤᠯᠴᠠᠯᠭ᠎ᠠ ᠬᠥᠮᠦᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠺᠠᠳ᠋ᠷ ᠤᠨ ᠤᠯᠤᠰ ᠲᠥᠷᠥ ᠶᠢᠨ ᠬᠡᠪ | ᠪᠣᠯᠪᠠᠰᠤᠷᠠᠯ ᠢ ᠳᠡᠭᠡᠭᠰᠢᠯᠡᠭᠦᠯᠪᠡ | ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠺᠠᠳ᠋ᠷᠴᠤᠳ ᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠪᠠᠷᠢᠮᠵᠢᠶ᠎ᠠ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ | ᠰᠤᠷᠤᠯᠴᠠᠯᠭ᠎ᠠ ᠶᠢ ᠦᠷᠭᠦᠯᠵᠢᠯᠡᠨ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠺᠠᠳ᠋ᠷᠴᠤᠳ ᠤᠨ ᠲᠤᠬᠠᠶᠢᠯᠠᠭᠰᠠᠨ | ᠠᠵᠢᠯ ᠤᠨ ᠴᠢᠳᠠᠪᠤᠷᠢ ᠪᠠ ᠬᠡᠷᠡᠭ ᠰᠢᠢᠳᠪᠦᠷᠢᠯᠡᠬᠦ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠶᠢᠨ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠪᠦᠬᠦ | ᠪᠠᠯᠭᠠᠰᠤᠨ ᠳᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠰᠡᠷᠡᠮᠵᠢᠯᠡᠭᠦᠯᠬᠦ ᠬᠥᠮᠦᠵᠢᠯ ᠤᠨ | ᠹᠢᠯᠢᠮ ᠢ ᠦᠵᠡᠵᠦ᠂ ᠬᠡᠷᠡᠭ ᠢᠶᠠᠷ ᠰᠠᠬᠢᠯᠭ᠎ᠠ ᠪᠠᠲᠤ ᠶᠢ ᠲᠠᠶᠢᠯᠪᠤᠷᠢᠯᠠᠬᠤ᠂ ᠬᠡᠷᠡᠭ ᠢᠶᠠᠷ ᠬᠠᠤᠯᠢ ᠶᠢ | ᠲᠠᠶᠢᠯᠪᠤᠷᠢᠯᠠᠬᠤ ᠶᠢ ᠴᠢᠩᠭᠠᠳᠬᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ | ᠬᠡᠷᠡᠭ ᠢᠶᠠᠷ ᠲᠣᠯᠢ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭᠠᠨ ᠤ ᠰᠡᠷᠭᠡᠶᠢᠯᠡᠯᠲᠡ ᠶᠢᠨ | ᠱᠤᠭᠤᠮ ᠢ ᠡᠬᠢ ᠡᠭᠦᠰᠦᠯ ᠠᠴᠠ ᠨᠢ ᠪᠠᠬᠢᠵᠢᠭᠦᠯᠵᠦ᠂ ᠢᠮᠠᠭᠲᠠ ᠰᠡᠷᠡᠮᠵᠢ ᠶᠢᠨ ᠬᠤᠩᠬᠤ ᠶᠢ ᠳᠤᠤᠭᠠᠷᠭᠠᠵᠤ᠂ | ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢ ᠲᠠᠰᠤᠷᠠᠯᠲᠠ ᠦᠭᠡᠢ | ᠴᠢᠩᠭᠠᠳᠬᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠰᠡᠷᠡᠮᠵᠢᠯᠡᠨ ᠰᠡᠷᠭᠡᠶᠢᠯᠡᠵᠦ᠂ ᠬᠤᠷᠢᠭ᠎ᠠ ᠱᠤᠭᠤᠮ ᠢ | ᠰᠠᠬᠢᠬᠤ ᠬᠡᠷᠡᠭᠲᠡᠢ᠃ ᠣᠳᠣᠬᠠᠨ ᠪᠣᠯᠲᠠᠯ᠎ᠠ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠺᠠᠳ᠋ᠷ 3 ᠤᠳᠠᠭ᠎ᠠ | ᠲᠥᠪᠯᠡᠷᠡᠭᠦᠯᠦᠨ ᠰᠤᠷᠤᠯᠴᠠᠵᠤ᠂ ᠪᠦᠬᠦ ᠪᠠᠯᠭᠠᠰᠤᠨ ᠤ ᠺᠠᠳ᠋ᠷᠴᠤᠳ ᠢ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ | 1 ᠤᠳᠠᠭ᠎ᠠ ᠬᠤᠷᠠᠯᠳᠤᠭᠤᠯᠪᠠ᠃ | 02 ᠤᠯᠤᠰ ᠲᠥᠷᠥ ᠶᠢᠨ ᠬᠢᠨᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠴᠢᠩᠭᠠᠳᠬᠠᠪᠠ | ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠭᠤᠣᠯ ᠬᠠᠷᠢᠭᠤᠴᠠᠯᠭ᠎ᠠ ᠭᠤᠣᠯ ᠠᠵᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠬᠤᠷᠢᠶ᠎ᠡ ᠶᠢ ᠬᠠᠮᠵᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠭᠦᠨᠵᠡᠭᠡᠢ ᠠᠬᠢᠭᠤᠯᠵᠤ᠂ ︽ᠬᠤᠶᠠᠷ ᠬᠠᠷᠢᠭᠤᠴᠠᠯᠭ᠎ᠠ︾ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠲᠤᠰᠬᠠᠢ ᠰᠡᠳᠦᠪᠲᠦ | ᠬᠤᠷᠠᠯ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠨᠠᠭᠤᠯᠤᠮᠵᠢ ᠵᠡᠷᠭᠡ ᠠᠷᠭ᠎ᠠ ᠮᠠᠶ᠋ᠢᠭ ᠲᠤ ᠲᠦᠰᠢᠭᠯᠡᠨ᠂ | ᠤᠳᠤᠷᠢᠳᠬᠤ ᠪᠠᠭ ᠤᠨ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ | ᠶᠢ ᠭᠦᠢᠴᠡᠳᠬᠡᠬᠦ ᠶᠢ ᠠᠬᠢᠭᠤᠯᠪᠠ᠃ ᠣᠳᠣᠬᠠᠨ ᠪᠣᠯᠲᠠᠯ᠎ᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠶᠢᠨ ᠲᠤᠰᠬᠠᠢ ᠰᠡᠳᠦᠪᠲᠦ ᠬᠤᠷᠠᠯ ᠢ 1 ᠤᠳᠠᠭ᠎ᠠ ᠬᠤᠷᠠᠯᠳᠤᠭᠤᠯᠪᠠ︔ ︽ᠰᠢᠶᠠ | ᠱᠢ ᠬᠤᠤ ᠪᠠᠯᠭᠠᠰᠤ ᠶᠢᠨ 2025 ᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠵᠢᠴᠢ ᠢᠯᠵᠠᠷᠠᠯ ᠢ ᠡᠰᠡᠷᠭᠦᠴᠡᠬᠦ ᠠᠵᠢᠯ ᠤᠨ ᠲᠥᠯᠥᠪᠯᠡᠭᠡ︾᠂ ︽ᠰᠢᠶᠠ ᠱᠢ ᠬᠤᠤ ᠪᠠᠯᠭᠠᠰᠤ ᠶᠢᠨ | 2025 ᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠯᠴᠠᠬᠤ ᠲᠥᠰᠦᠯ︾ ᠵᠡᠷᠭᠡ ᠳᠦᠷᠢᠮ ᠢ | ᠰᠤᠳᠤᠯᠤᠨ ᠲᠣᠭᠲᠠᠭᠠᠪᠠ︔ ᠤᠯᠤᠰ ᠲᠥᠷᠥ ᠶᠢᠨ ᠬᠢᠨᠠᠯᠲᠠ ᠲᠠᠯᠪᠢᠬᠤ ᠠᠵᠢᠯ ᠢ 116 ᠤᠳᠠᠭ᠎ᠠ ᠥᠷᠨᠢᠭᠦᠯᠵᠦ᠂ | 19 ᠠᠰᠠᠭᠤᠳᠠᠯ ᠢ ᠢᠯᠡᠷᠡᠭᠦᠯᠵᠦ᠂ ᠣᠳᠣ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠪᠠ᠃ | 03 ᠬᠥᠮᠦᠨ ᠰᠤᠷᠲᠠᠯ ᠢ ᠱᠠᠯᠠᠪᠳᠠᠭᠤᠯᠤᠨ ᠪᠠᠶᠢᠴᠠᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠬᠢᠯᠭ᠎ᠠ | ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠱᠤᠭᠤᠮ ᠢ ᠴᠢᠩᠭ᠎ᠠ ᠠᠳᠬᠤᠪᠠ | ︽ᠬᠡᠷᠡᠭ ᠪᠠᠶᠢᠪᠠᠯ ᠵᠠᠪᠠᠯ ᠪᠠᠶᠢᠴᠠᠭᠠᠬᠤ᠂ ᠰᠠᠬᠢᠯᠭ᠎ᠠ ᠪᠠᠲᠤ ᠶᠢ ᠵᠥᠷᠢᠴᠡᠪᠡᠯ ᠵᠠᠪᠠᠯ ᠨᠡᠬᠡᠮᠵᠢᠯᠡᠬᠦ᠂ ᠰᠠᠬᠢᠯᠭ᠎ᠠ | ᠪᠠᠲᠤ ᠶᠢ ᠬᠡᠷᠡᠭᠵᠢᠭᠦᠯᠪᠡᠯ ᠵᠠᠪᠠᠯ ᠴᠢᠩᠭᠠᠯᠠᠬᠤ︾ ᠵᠠᠷᠴᠢᠮ ᠢ ᠪᠠᠷᠢᠮᠲᠠᠯᠠᠵᠤ᠂ ᠪᠠᠯᠭᠠᠰᠤᠨ ᠤ ᠬᠡᠪᠴᠢᠶ᠎ᠡ ᠪᠠ ᠡᠯ᠎ᠡ | ᠲᠣᠰᠬᠤᠨ ᠤ ᠠᠵᠢᠯ ᠳᠤ ᠭᠠᠷᠤᠭᠰᠠᠨ ᠪᠠᠶᠢᠳᠠᠯ ᠢ ᠪᠠᠶᠢᠴᠠᠭᠠᠬᠤ ᠪᠠᠷ ᠳᠠᠮᠵᠢᠭᠤᠯᠤᠨ᠂ ᠺᠠᠳ᠋ᠷᠴᠤᠳ ᠢ ᠭᠡᠳᠡᠷᠭᠦ | ᠰᠢᠬᠠᠮᠳᠠᠭᠤᠯᠵᠤ ᠪᠠᠶᠢᠭᠠᠳ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠎ᠠ᠃ ᠪᠠᠯᠭᠠᠰᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠡ ᠲᠠᠰᠢᠷᠠᠮ ᠢᠶᠠᠷ ᠰᠤᠭᠤᠴᠢᠨ ᠪᠠᠶᠢᠴᠠᠭᠠᠬᠤ᠂ ᠲᠤᠰᠬᠠᠢ ᠬᠢᠨᠠᠯᠲᠠ ᠲᠠᠯᠪᠢᠵᠤ ᠪᠠᠶᠢᠴᠠᠭᠠᠬᠤ | ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠡᠳᠦᠷ ᠲᠤᠲᠤᠮ ᠤᠨ ᠬᠢᠨᠠᠯᠲᠠ ᠲᠠᠯᠪᠢᠬᠤ ᠶᠢ ᠪᠠᠶᠢᠩᠭᠤᠵᠢᠭᠤᠯᠤᠨ | ᠥᠷᠨᠢᠭᠦᠯᠵᠦ᠂ ᠺᠠᠳ᠋ᠷ ᠤᠨ ᠰᠤᠷᠲᠠᠯ ᠤᠨ ᠪᠠᠶᠢᠭᠤᠯᠤᠯᠲᠠ ᠶᠢᠨ ᠲᠣᠭᠤᠷᠢᠨ ᠳᠤ 2 ᠤᠳᠠᠭ᠎ᠠ ᠪᠠᠶᠢᠴᠠᠭᠠᠯᠲᠠ ᠬᠢᠵᠦ᠂ | ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ︽ᠳᠥᠷᠪᠡᠨ ᠵᠦᠢᠯ ᠤᠨ ᠬᠡᠯᠪᠡᠷᠢ ᠪᠠᠶᠢᠳᠠᠯ︾ ᠢ | ᠠᠮᠢᠳᠤᠯᠢᠭ ᠢᠶᠠᠷ ᠬᠡᠷᠡᠭᠯᠡᠨ᠂ ᠨᠢᠭᠡᠨᠲᠡ ᠠᠵᠢᠯ ᠤᠨ ᠰᠤᠷᠲᠠᠯ ᠤᠨ ᠠᠰᠠᠭᠤᠳᠠᠯ ᠳᠤ ᠴᠢᠭᠯᠡᠭᠦᠯᠦᠨ 3 ᠬᠥᠮᠦᠨ | ᠤᠳᠠᠭ᠎ᠠ ᠰᠠᠨᠠᠭᠤᠯᠭ᠎ᠠ ᠳᠤᠷᠠᠳᠪᠠ᠃ | |