2025 ᠣᠨ ᠤ 4 ᠰᠠᠷ᠎ᠠ ᠶᠢᠨ 17 ᠤ ᠡᠳᠦᠷ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ ᠲᠣᠭᠲᠠᠭᠠᠯ ᠤᠨ ᠲᠤᠬᠠᠢ ᠪᠤᠭᠤᠲᠤ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠭᠦᠶᠡᠩ ᠰᠢᠶᠠᠨ ᠤ ᠬᠤᠪᠢᠶᠠᠷᠢ ᠲᠣᠪᠴᠢᠶ᠎ᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2025/4/17
    ᠪᠥᠲᠥᠭᠡᠨ ᠪᠠᠶᠢᠭᠤᠯᠤᠯᠲᠠ ᠶᠢᠨ ᠵᠦᠢᠯᠡᠰ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠵᠦ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠬᠢᠨᠠᠨ ᠪᠠᠶᠢᠴᠠᠭᠠᠬᠤ ᠪᠠᠷ ᠳᠡᠮᠵᠢᠨ᠂ 2025 ᠣᠨ ᠤ 4 ᠰᠠᠷ᠎ᠠ ᠶᠢᠨ 17 ᠤ ᠡᠳᠦᠷ ᠮᠠᠨ ᠤ ᠬᠤᠪᠢᠶᠠᠷᠢ ᠲᠣᠪᠴᠢᠶ᠎ᠠ ᠠᠴᠠ 2 ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠬᠦ ᠪᠢᠴᠢᠭ ᠮᠠᠲ᠋ᠧᠷᠢᠶᠠᠯ ᠳᠤ ᠬᠢᠨᠠᠨ ᠵᠥᠪᠰᠢᠶᠡᠷᠡᠬᠦ ᠲᠣᠭᠲᠠᠭᠠᠯ ᠭᠠᠷᠭᠠᠪᠠ᠃ ᠡᠳᠦᠭᠡ ᠭᠠᠷᠭᠠᠬᠤ ᠪᠠᠷ ᠪᠠᠶᠢᠭ᠎ᠠ ᠬᠢᠨᠠᠨ ᠵᠥᠪᠰᠢᠶᠡᠷᠡᠬᠦ ᠪᠠᠷ ᠪᠠᠶᠢᠭ᠎ᠠ ᠲᠣᠭᠲᠠᠭᠠᠯ ᠤᠨ ᠪᠠᠶᠢᠳᠠᠯ ᠢ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 2025 ᠣᠨ ᠤ 4 ᠳ᠋ᠦ᠋ᠭᠡᠷ ᠰᠠᠷ᠎ᠠ ᠶᠢᠨ 17 ᠤ ᠡᠳᠦᠷ - 2025 ᠣᠨ ᠤ 4 ᠳ᠋ᠦ᠋ᠭᠡᠷ ᠰᠠᠷ᠎ᠠ ᠶᠢᠨ 23 ᠤ ᠡᠳᠦᠷ ︵5 ᠠᠵᠢᠯᠯᠠᠬᠤ ᠡᠳᠦᠷ︶ ᠪᠣᠯᠤᠨ᠎ᠠ᠃    ᠵᠠᠰᠠᠭ ᠵᠠᠬᠢᠷᠭᠠᠨ ᠤ ᠳᠡᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠶᠢᠨ ᠡᠷᠬᠡ ᠮᠡᠳᠡᠯ ᠤᠨ ᠮᠡᠳᠡᠭᠳᠡᠯ᠄ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠡᠬᠢᠨ ᠵᠥᠪᠯᠡᠬᠦ ᠬᠠᠤᠯᠢ︾ ᠪᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠠᠷᠭᠤ ᠶᠢᠨ ᠬᠠᠤᠯᠢ︾ ᠶᠢ ᠦᠨᠳᠦᠰᠦᠯᠡᠪᠡᠯ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠷᠯᠠᠨ ᠦᠵᠡᠭᠰᠡᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠭᠰᠡᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠭᠰᠡᠨ ᠲᠣᠭᠲᠠᠭᠠᠯ ᠢ ᠪᠣᠯ ᠵᠠᠷᠯᠠᠨ ᠨᠡᠶᠢᠲᠡᠯᠡᠬᠦ ᠬᠤᠭᠤᠴᠠᠭ᠎ᠠ ᠨᠢ ᠳᠠᠭᠤᠰᠤᠭᠰᠠᠨ ᠡᠳᠦᠷ ᠠᠴᠠ ᠡᠬᠢᠯᠡᠨ ᠵᠢᠷᠠᠨ ᠡᠳᠦᠷ ᠤᠨ ᠳᠣᠲᠣᠷ᠎ᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠣᠯᠤᠨ᠎ᠠ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ ᠳᠠᠭᠤᠰᠤᠭᠰᠠᠨ ᠡᠳᠦᠷ ᠠᠴᠠ ᠡᠬᠢᠯᠡᠨ ᠭᠤᠷᠪᠠᠨ ᠰᠠᠷ᠎ᠠ ᠶᠢᠨ ᠳᠣᠲᠣᠷ᠎ᠠ ᠵᠠᠰᠠᠭ ᠵᠠᠬᠢᠷᠭᠠᠨ ᠤ ᠵᠠᠷᠭᠤ ᠬᠢᠭᠰᠡᠨ ᠴᠦ ᠪᠣᠯᠤᠨ᠎ᠠ᠃    ᠬᠠᠷᠢᠯᠴᠠᠬᠤ ᠤᠲᠠᠰᠤ᠄ 0472 - 6111018    ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠭᠦᠶᠡᠩ ᠰᠢᠶᠠᠨ ᠤ ᠬᠤᠪᠢᠶᠠᠷᠢ ᠲᠣᠪᠴᠢᠶ᠎ᠠ ︵014200︶   ᠨᠢᠭᠡᠳᠦᠭᠡᠷ ᠲᠦᠷᠦᠯ ᠵᠦᠢᠯ ᠄  ᠨᠡᠷᠡᠶᠢᠳᠦᠯ᠄    ᠭᠦᠶᠡᠩ ᠰᠢᠶᠠᠨ ᠤ ᠵᠢᠨᠱᠠᠨ ᠪᠠᠯᠭᠠᠰᠤᠨ ᠤ ᠰᠢᠶᠤᠤ ᠱᠢ ᠡᠯ ᠹᠧᠨ ᠼᠦᠨ ᠲᠣᠰᠬᠤᠨ ᠤ ᠠᠵᠤ ᠠᠬᠤᠢ ᠶᠢᠨ ᠬᠤᠷᠰᠢᠶ᠎ᠠ    ᠰᠢᠪᠠᠷ ᠰᠢᠢᠳᠪᠦᠷᠢᠯᠡᠬᠦ ᠲᠦᠷᠦᠯ ᠵᠦᠢᠯᠪᠦᠲᠦᠭᠡᠨ ᠪᠠᠶᠢᠭᠤᠯᠤᠯᠲᠠ ᠶᠢᠨ ᠭᠠᠵᠠᠷ᠄    ᠪᠤᠭᠤᠲᠤ ᠬᠤᠲᠠ ᠶᠢᠨ ᠭᠦᠶᠡᠩ ᠰᠢᠶᠠᠨ ᠤ ᠵᠢᠨᠱᠠᠨ ᠪᠠᠯᠭᠠᠰᠤᠨ ᠤ ᠵᠣᠣ ᠭᠧᠦ ᠲᠣᠰᠬᠤᠨ ᠤ ᠸᠠᠩ ᠡᠯ ᠭᠧᠦᠪᠦᠲᠦᠭᠡᠨ ᠪᠠᠶᠢᠭᠤᠯᠤᠯᠲᠠ ᠶᠢᠨ ᠨᠢᠭᠡᠴᠡ᠄    ᠭᠦᠶᠡᠩ ᠰᠢᠶᠠᠨ ᠤ ᠵᠢᠨᠱᠠᠨ ᠪᠠᠯᠭᠠᠰᠤᠨ ᠤ ᠰᠢᠶᠤᠤ ᠱᠢ ᠡᠯ ᠹᠧᠨ ᠼᠦᠨ ᠲᠣᠰᠬᠤᠨ ᠤ ᠠᠵᠤ ᠠᠬᠤᠢ ᠶᠢᠨ ᠬᠤᠷᠰᠢᠶ᠎ᠠᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠬᠦ ᠪᠠᠢᠭᠤᠯᠤᠮᠵᠢ᠄    ᠪᠤᠭᠤᠲᠤ ᠬᠤᠲᠠ ᠶᠢᠨ ᡂᠢ ᠾᠧᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠡᠷᠭᠡᠵᠢᠯ ᠤᠨ ᠠᠰᠠᠭᠤᠨ ᠯᠠᠪᠯᠠᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢᠲᠦᠷᠦᠯ ᠵᠦᠢᠯ ᠤᠨ ᠲᠦᠢᠮᠤ ᠪᠠᠶᠢᠳᠠᠯ᠄    ᠦᠢᠯᠡᠳᠪᠦᠷᠢᠯᠡᠯ ᠤᠨ ᠲᠠᠰᠤᠭ᠂ ᠲᠦᠭᠦᠬᠡᠢ ᠮᠠᠲ᠋ᠧᠷᠢᠶᠠᠯ ᠤᠨ ᠬᠥᠮᠥᠷᠭᠡ᠂ ᠦᠢᠯᠡᠳᠬᠦᠨ ᠣᠪᠣᠭᠠᠯᠠᠬᠤ ᠲᠠᠯᠠᠪᠠᠢ᠂ ᠤᠰᠤ ᠴᠤᠭᠯᠠᠭᠤᠯᠬᠤ ᠴᠦᠬᠦᠷᠦᠮ᠂ ᠠᠶᠤᠯᠲᠠᠢ ᠬᠠᠶᠠᠭᠳᠠᠮᠠᠯ ᠪᠣᠳᠠᠰ ᠢ ᠲᠦᠷ ᠬᠠᠳᠠᠭᠠᠯᠠᠬᠤ ᠲᠠᠰᠤᠭ ᠵᠢᠴᠢ ᠪᠤᠰᠤᠳ ᠠᠯᠪᠠᠨ ᠤ ᠪᠠ ᠲᠤᠰᠠᠯᠠᠬᠤ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠤᠨ᠎ᠠ᠃ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 95 ᠲᠦᠮᠡᠨ ᠲᠥᠭᠦᠷᠢᠭ ᠪᠠᠶᠢᠵᠤ᠂ ᠡᠭᠦᠨ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠣᠷᠣᠭᠤᠯᠤᠯᠲᠠ ᠨᠢ 20 ᠲᠦᠮᠡᠨ ᠲᠥᠭᠦᠷᠢᠭ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠶᠢᠨ 21% ᠶᠢ ᠡᠵᠡᠯᠡᠨ᠎ᠡ᠃ᠭᠤᠤᠯ ᠪᠤᠯᠬᠤ ᠤᠷᠴᠢᠨ ᠲᠤᠭᠤᠷᠢᠨ ᠤ ᠨᠦᠯᠦᠭᠡ ᠵᠢᠴᠢ ᠤᠷᠴᠢᠨ ᠲᠤᠭᠤᠷᠢᠨ ᠤ ᠨᠦᠯᠦᠭᠡ ᠶᠢ ᠰᠡᠷᠭᠡᠶᠢᠯᠡᠬᠦ ᠪᠤᠶᠤ ᠪᠠᠭᠠᠰᠬᠠᠬᠤ ᠠᠷᠭ᠎ᠠ ᠪᠤᠳᠤᠯᠭ᠎ᠠ ︵ᠡᠰᠡᠬᠦᠯ᠎ᠡ ᠵᠦᠪᠰᠢᠶᠡᠷᠡᠬᠦ ᠦᠭᠡᠢ ᠪᠤᠯᠤᠭᠰᠠᠨ ᠰᠢᠯᠳᠠᠭᠠᠨ︶ ᠄    1. ᠪᠠᠷᠢᠯᠭ᠎ᠠ ᠪᠠᠷᠢᠬᠤ ᠬᠤᠭᠤᠴᠠᠭᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠪᠠᠷᠢᠬᠤ ᠬᠤᠭᠤᠴᠠᠭᠠᠨ ᠤ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠨ᠂ ᠪᠣᠬᠢᠷᠲᠤᠯ ᠪᠣᠳᠠᠰ ᠤᠨ ᠣᠷᠴᠢᠨ ᠲᠣᠭᠤᠷᠢᠨ ᠳᠤ ᠦᠵᠡᠭᠦᠯᠬᠦ ᠠᠰᠢᠭ ᠦᠭᠡᠶ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃    2. ᠲᠤᠰ ᠲᠥᠷᠥᠯ ᠵᠦᠢᠯ ᠤᠨ ᠲᠦᠭᠦᠬᠡᠢ ᠮᠠᠲ᠋ᠧᠷᠢᠶᠠᠯ ᠵᠢᠴᠢ ᠪᠦᠲᠦᠭᠡᠭᠳᠡᠬᠦᠨ ᠨᠢ ᠴᠥᠮ ᠤᠰᠤ ᠡᠯᠪᠡᠭ ᠪᠠᠶᠢᠵᠤ᠂ ᠲᠦᠭᠦᠬᠡᠢ ᠮᠠᠲ᠋ᠧᠷᠢᠶᠠᠯ ᠪᠠ ᠬᠠᠲᠠᠭᠤ ᠪᠡᠶᠡᠲᠦ ᠬᠠᠶᠠᠭᠳᠠᠮᠠᠯ ᠰᠢᠪᠠᠷ ᠢ ᠬᠠᠳᠠᠭᠠᠯᠠᠬᠤ ᠳᠤ ᠴᠥᠮ ᠪᠢᠲᠡᠭᠦᠮᠵᠢᠯᠡᠭᠰᠡᠨ ᠬᠡᠯᠪᠡᠷᠢ ᠶᠢᠨ ᠦᠢᠯᠡᠳᠪᠦᠷᠢ ᠶᠢᠨ ᠪᠠᠶᠢᠰᠢᠩ ᠭᠠᠷᠭᠠᠵᠤ᠂ ᠤᠰᠤ ᠤᠬᠢᠶᠠᠬᠤ ᠡᠯᠡᠰᠦᠨ ᠤ ᠦᠢᠯᠡᠳᠬᠦᠨ ᠣᠪᠣᠭᠠᠯᠠᠬᠤ ᠲᠠᠯᠠᠪᠠᠢ ᠶᠢ ᠪᠦᠷᠬᠦᠵᠦ᠂ ᠲᠣᠭᠤᠰᠣ ᠭᠠᠷᠭᠠᠬᠤ ᠬᠡᠮᠵᠢᠶ᠎ᠡ ᠨᠢ ᠨᠡᠯᠢᠶᠡᠳ ᠳᠣᠣᠷ᠎ᠠ ᠪᠣᠯᠬᠤᠷ ᠲᠣᠭᠲᠠᠭᠰᠠᠨ ᠬᠡᠮᠵᠢᠶᠡᠨ ᠤ ᠵᠠᠳᠠᠯᠤᠯᠲᠠ ᠬᠢᠭᠰᠡᠨ ᠦᠭᠡᠢ︔ ᠲᠥᠷᠥᠯ ᠵᠦᠢᠯ ᠤᠨ ᠨᠦᠯᠦᠮᠡᠯ ᠰᠢᠪᠠᠷ ᠲᠤ ᠣᠷᠭᠠᠨᠢᠭ ᠪᠣᠳᠠᠰ ᠤᠨ ᠠᠭᠤᠯᠤᠭᠳᠠᠴᠠ ᠨᠢ ᠨᠡᠯᠢᠶᠡᠳ ᠳᠣᠣᠷ᠎ᠠ᠂ ᠲᠦᠭᠦᠬᠡᠢ ᠮᠠᠲ᠋ᠧᠷᠢᠶᠠᠯ ᠤᠨ ᠬᠥᠮᠥᠷᠭᠡ ᠪᠠ ᠰᠢᠪᠠᠷ ᠰᠢᠪᠠᠷ ᠤᠨ ᠬᠤᠭᠤᠷᠣᠨᠳᠤ ᠲᠦᠷ ᠬᠠᠳᠠᠭᠠᠯᠠᠬᠤ ᠶᠠᠪᠤᠴᠠ ᠳᠤ ᠪᠠᠭ᠎ᠠ ᠬᠡᠮᠵᠢᠶᠡᠨ ᠤ ᠦᠮᠡᠬᠡᠢ ᠬᠡᠢ ᠭᠠᠷᠴᠤ ᠮᠡᠳᠡᠬᠦ ᠪᠣᠯᠪᠠᠴᠤ ᠲᠦᠷ ᠬᠠᠳᠠᠭᠠᠯᠠᠬᠤ ᠬᠤᠭᠤᠴᠠᠭ᠎ᠠ ᠨᠢ ᠨᠡᠯᠢᠶᠡᠳ ᠣᠬᠤᠷ᠂ ᠪᠠᠰᠠ ᠦᠮᠡᠬᠡᠢ ᠦᠨᠦᠷ ᠰᠦᠷᠴᠢᠬᠦ ᠪᠠᠷ ᠳᠠᠮᠵᠢᠭᠤᠯᠤᠨ ᠦᠮᠡᠬᠡᠢ ᠬᠡᠢ ᠶᠢᠨ ᠲᠠᠷᠬᠠᠬᠤ ᠶᠢ ᠪᠠᠭᠠᠰᠬᠠᠵᠤ᠂ ᠲᠣᠭᠲᠠᠭᠰᠠᠨ ᠬᠡᠮᠵᠢᠶᠡᠨ ᠤ ᠵᠠᠳᠠᠯᠤᠯᠲᠠ ᠬᠢᠭᠰᠡᠨ ᠦᠭᠡᠢ᠃ ᠦᠢᠯᠡᠳᠪᠦᠷᠢ ᠶᠢᠨ ᠵᠠᠭᠠᠭ ᠤᠨ ᠮᠦᠬᠦᠯᠢᠭᠲᠦ ᠪᠤᠳᠠᠰ ︽ᠠᠭᠠᠷ ᠮᠠᠨᠳᠠᠯ ᠤᠨ ᠪᠤᠬᠢᠷᠳᠣᠯ ᠡᠳ᠋ ᠢ ᠶᠡᠷᠦᠩᠬᠡᠶᠢᠯᠡᠨ ᠭᠠᠳᠠᠭᠰᠢᠯᠠᠭᠤᠯᠬᠤ ᠪᠠᠷᠢᠮᠵᠢᠶ᠎ᠠ︾ ︵gb16297-1996︶ ᠬᠦᠰᠦᠨᠦᠭᠲᠦ ᠶᠢᠨ 2 ᠰᠢᠨ᠎ᠡ ᠪᠤᠬᠢᠷᠳᠣᠯ ᠤᠨ ᠡᠬᠢ ᠰᠤᠷᠪᠤᠯᠵᠢ ᠶᠢᠨ ᠠᠭᠠᠷ ᠮᠠᠨᠳᠠᠯ ᠤᠨ ᠪᠤᠬᠢᠷᠳᠣᠯ ᠡᠳ᠋ ᠢ ᠭᠠᠳᠠᠭᠰᠢᠯᠠᠭᠤᠯᠬᠤ ᠬᠢᠵᠠᠭᠠᠷ ᠬᠡᠮᠵᠢᠭᠳᠡᠯ ᠤᠨ ᠲᠤᠮᠳᠠᠬᠢ ᠵᠤᠬᠢᠶᠠᠨ ᠪᠠᠶᠢᠭᠤᠯᠤᠯᠳᠠ ᠦᠭᠡᠢ ᠪᠠᠷ ᠭᠠᠳᠠᠭᠰᠢᠯᠠᠭᠤᠯᠤᠭᠰᠠᠨ ᠦᠳᠭᠡᠴᠡ ᠶᠢᠨ ᠬᠢᠵᠠᠭᠠᠷ ᠬᠡᠮᠵᠢᠭᠳᠡᠯ︔ ᠦᠢᠯᠡᠳᠪᠦᠷᠢ ᠶᠢᠨ ᠵᠠᠭᠠᠭ ᠰᠢᠪᠲᠦᠷ᠂ ᠬᠦᠬᠦᠷᠲᠦ ᠤᠰᠤᠳᠦ᠋ᠷᠦᠭᠴᠢ᠂ ᠦᠮᠡᠬᠡᠢ ᠬᠡᠢ ᠶᠢᠨ ᠦᠳᠭᠡᠴᠡ ᠳᠤ ︽ᠦᠮᠡᠬᠡᠢ ᠪᠤᠬᠢᠷᠳᠣᠯ ᠡᠳ᠋ ᠢ ᠭᠠᠳᠠᠭᠰᠢᠯᠠᠭᠤᠯᠬᠤ ᠪᠠᠷᠢᠮᠵᠢᠶ᠎ᠠ︾ ︵gb14554-1993︶ ᠬᠦᠰᠦᠨᠦᠭᠲᠦ ᠶᠢᠨ 1 ᠦᠮᠡᠬᠡᠢ ᠪᠤᠬᠢᠷᠳᠣᠯ ᠤᠨ ᠦᠢᠯᠡᠳᠪᠦᠷᠢ ᠶᠢᠨ ᠵᠠᠭᠠᠭ ᠤᠨ ᠪᠠᠷᠢᠮᠵᠢᠶ᠎ᠠ ᠬᠡᠮᠵᠢᠭᠳᠡᠯ ᠢ ᠬᠡᠷᠡᠭᠵᠢᠬᠦᠯᠦᠨ᠎ᠡ᠃    3. ᠲᠣᠰ ᠲᠥᠷᠥᠯ ᠵᠦᠢᠯ ᠤᠨ ᠡᠵᠡᠩᠨᠡᠯᠲᠡ ᠶᠢᠨ ᠬᠤᠭᠤᠴᠠᠭᠠᠨ ᠳᠠᠬᠢ ᠬᠠᠶᠠᠭᠳᠠᠮᠠᠯ ᠤᠰᠤ ᠪᠣᠯ ᠡᠯᠡᠰᠦ ᠤᠬᠢᠶᠠᠬᠤ ᠪᠣᠬᠢᠷ ᠤᠰᠤ ᠪᠠ ᠠᠮᠢᠳᠤᠷᠠᠯ ᠤᠨ ᠪᠣᠬᠢᠷ ᠤᠰᠤ ᠪᠣᠯᠤᠨ᠎ᠠ᠂ ᠡᠯᠡᠰᠦ ᠤᠬᠢᠶᠠᠬᠤ ᠬᠠᠶᠠᠭᠳᠠᠮᠠᠯ ᠤᠰᠤ ᠶᠢ ᠡᠷᠭᠢᠯᠳᠦᠭᠦᠯᠦᠨ ᠬᠡᠷᠡᠭᠯᠡᠬᠦ ᠨᠢ ᠭᠠᠳᠠᠭᠰᠢ ᠭᠠᠷᠭᠠᠬᠤ ᠦᠭᠡᠢ᠂ ᠠᠮᠢᠳᠤᠷᠠᠯ ᠤᠨ ᠪᠣᠬᠢᠷ ᠤᠰᠤ ᠶᠢ ᠬᠢᠮᠢ ᠶᠢᠨ ᠭᠠᠳᠠᠭᠰᠢᠯᠠᠭᠤᠷ ᠤᠨ ᠴᠥᠭᠦᠷᠥᠮ ᠳᠤ ᠭᠠᠳᠠᠭᠰᠢᠯᠠᠭᠤᠯᠵᠤ᠂ ︽ᠪᠣᠬᠢᠷ ᠤᠰᠤ ᠶᠢ ᠶᠡᠷᠦᠩᠬᠡᠶᠢᠯᠡᠨ ᠭᠠᠳᠠᠭᠰᠢᠯᠠᠭᠤᠯᠬᠤ ᠪᠠᠷᠢᠮᠵᠢᠶ᠎ᠠ︾ ︵gb8978 - 1996︶ ᠳᠤᠮᠳᠠ ᠭᠤᠷᠪᠠᠳᠤᠭᠠᠷ ᠳᠡᠰ ᠤᠨ ᠪᠠᠷᠢᠮᠵᠢᠶ᠎ᠠ ᠶᠢᠨ ᠬᠢᠵᠠᠭᠠᠷ ᠢ ᠬᠠᠩᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠢᠨᠱᠠᠨ ᠪᠠᠯᠭᠠᠰᠤᠨ ᠳᠤ ᠲᠡᠭᠡᠭᠡᠪᠦᠷᠢᠯᠡᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠᠶᠢᠭᠤᠯᠤᠨ᠎ᠠ᠃     4. ᠲᠣᠰ ᠲᠥᠷᠥᠯ ᠵᠦᠢᠯ ᠤᠨ ᠲᠠᠭᠤ ᠱᠤᠤᠭᠢᠶᠠᠨ ᠡᠭᠦᠰᠬᠡᠭᠴᠢ ᠨᠢ ᠰᠠᠭᠤᠷᠢ ᠬᠠᠰᠤᠭᠳᠠᠯ ᠪᠠ ᠦᠢᠯᠡᠳᠪᠦᠷᠢ ᠶᠢᠨ ᠪᠠᠶᠢᠰᠢᠩ ᠤᠨ ᠳᠠᠭᠤ ᠱᠤᠤᠭᠢᠶᠠᠨ ᠭᠠᠷᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠰᠠᠨ ᠤ ᠳᠠᠷᠠᠭ᠎ᠠ᠂ ᠦᠢᠯᠡᠳᠪᠦᠷᠢ ᠶᠢᠨ ᠵᠠᠭᠠᠭ ᠤᠨ ᠱᠤᠤᠭᠢᠶᠠᠨ ︽ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢ ᠶᠢᠨ ᠡᠲᠡᠭᠡᠳ ᠤᠨ ᠣᠷᠴᠢᠨ ᠲᠣᠭᠤᠷᠢᠨ ᠤ ᠱᠤᠤᠭᠢᠶᠠᠨ ᠭᠠᠳᠠᠭᠰᠢᠯᠠᠭᠤᠯᠬᠤ ᠪᠠᠷᠢᠮᠵᠢᠶ᠎ᠠ︾ ︵gb 12348 - 2008 ᠣᠨ︶ ᠳᠤᠮᠳᠠᠬᠢ 1 ᠳ᠋ᠦ᠋ᠭᠡᠷ ᠲᠥᠷᠥᠯ ᠤᠨ ᠪᠠᠷᠢᠮᠵᠢᠶ᠎ᠠ ᠶᠢᠨ ᠬᠢᠵᠠᠭᠠᠷᠯᠠᠬᠤ ᠱᠠᠭᠠᠷᠳᠠᠯᠭ᠎ᠠ ᠶᠢ ᠬᠡᠷᠡᠭᠵᠢᠭᠦᠯᠦᠨ᠎ᠡ᠃    5. ᠲᠣᠰ ᠲᠥᠷᠥᠯ ᠵᠦᠢᠯ ᠤᠨ ᠲᠡᠭᠡᠭᠡᠪᠦᠷᠢᠯᠡᠨ ᠡᠵᠡᠩᠨᠡᠬᠦ ᠬᠤᠭᠤᠴᠠᠭᠠᠨ ᠳᠤ ᠡᠭᠦᠰᠦᠭᠰᠡᠨ ᠠᠶᠤᠯᠲᠠᠶ ᠬᠠᠶᠠᠭᠳᠠᠮᠠᠯ ᠪᠣᠳᠠᠰ ᠤᠨ ᠭᠤᠯᠭᠤᠭᠤᠷ ᠲᠣᠰᠣ᠂ ᠬᠠᠶᠠᠭᠳᠠᠮᠠᠯ ᠲᠣᠰᠣᠨ ᠤ ᠰᠠᠭᠤᠯᠠᠭ᠎ᠠ᠂ ᠬᠠᠶᠠᠭᠳᠠᠮᠠᠯ ᠭᠤᠯᠭᠤᠭᠤᠷ ᠲᠣᠰᠣ ᠶᠢ ᠬᠠᠶᠠᠭᠳᠠᠮᠠᠯ ᠲᠣᠰᠣᠨ ᠤ ᠰᠠᠪᠠᠨ ᠳᠤ ᠲᠦᠷ ᠬᠠᠳᠠᠭᠠᠯᠠᠵᠤ᠂ ᠠᠶᠤᠯᠲᠠᠶ ᠬᠠᠶᠠᠭᠳᠠᠮᠠᠯ ᠪᠣᠳᠠᠰ ᠢ ᠲᠦᠷ ᠬᠠᠳᠠᠭᠠᠯᠠᠬᠤ ᠲᠠᠰᠤᠯᠭ᠎ᠠ ᠳᠤ ᠲᠦᠷ ᠬᠠᠳᠠᠭᠠᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠢᠷᠢ ᠴᠢᠳᠠᠮᠵᠢ ᠲᠠᠢ ᠨᠢᠭᠡᠴᠢ ᠠᠴᠠ ᠰᠢᠢᠳᠪᠦᠷᠢᠯᠡᠨ᠎ᠡ︔ ᠪᠣᠶ ᠪᠣᠯᠤᠭᠰᠠᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠨᠢ ᠲᠣᠮᠣ ᠮᠥᠬᠦᠯᠢᠭᠲᠦ ᠴᠢᠯᠠᠭᠤ᠂ ᠲᠡᠮᠦᠷ ᠤᠨ ᠬᠠᠶᠢᠷ ᠴᠢᠯᠠᠭᠤ᠂ ᠨᠦᠯᠦᠮᠡᠯ ᠰᠢᠪᠠᠷ᠂ ᠲᠣᠮᠣ ᠮᠥᠬᠦᠯᠢᠭᠲᠦ ᠴᠢᠯᠠᠭᠤ᠂ ᠲᠡᠮᠦᠷ ᠤᠨ ᠬᠠᠶᠢᠷ ᠴᠢᠯᠠᠭᠤ ᠵᠡᠷᠭᠡ ᠶᠢ ᠴᠤᠭᠯᠠᠭᠤᠯᠵᠤ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠲᠦᠷ ᠬᠠᠳᠠᠭᠠᠯᠠᠬᠤ ᠲᠠᠯᠠᠪᠠᠶ ᠳᠤ ᠬᠠᠳᠠᠭᠠᠯᠠᠵᠤ᠂ ᠰᠢᠪᠠᠷ ᠰᠢᠪᠡᠷ ᠴᠢᠯᠠᠭᠤ ᠶᠢ ᠲᠦᠷ ᠬᠠᠳᠠᠭᠠᠯᠠᠬᠤ ᠣᠷᠣᠨ ᠳᠤ ᠬᠠᠳᠠᠭᠠᠯᠠᠵᠤ᠂ ᠰᠢᠪᠡᠷ ᠰᠢᠪᠠᠷ ᠢᠶᠠᠷ ᠲᠤᠬᠠᠢ ᠶᠢᠨ ᠡᠳᠦᠷ ᠲᠤ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠶᠠᠩ ᠱᠤ᠋ ᠭᠧᠤ ᠲᠡᠮᠦᠷ ᠤᠨ ᠠᠭᠤᠷᠬᠠᠶ ᠶᠢᠨ 8 ᠳ᠋ᠤᠭᠠᠷ ᠨᠣᠮᠧᠷᠲᠤ ᠬᠠᠶᠠᠭᠳᠠᠮᠠᠯ ᠨᠦᠬᠡᠨ ᠳᠤ ᠠᠪᠠᠴᠢᠵᠤ ᠪᠥᠭᠯᠡᠨ ᠰᠢᠢᠳᠪᠦᠷᠢᠯᠡᠨ᠎ᠡ᠃    6. ᠲᠠᠨ ᠤ ᠺᠣᠮᠫᠠᠨᠢ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠵᠤ᠂ ᠡᠯ᠎ᠡ ᠵᠦᠢᠯ ᠤᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠢᠴᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠬᠢᠨᠠᠨ ᠬᠡᠮᠵᠢᠬᠦ ᠪᠠ ᠬᠢᠨᠠᠨ ᠡᠵᠡᠮᠳᠡᠬᠦ ᠴᠢᠳᠠᠪᠤᠷᠢ ᠪᠠᠨ ᠴᠢᠩᠭᠠᠳᠬᠠᠵᠤ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠠᠳᠡᠯ ᠭᠠᠷᠬᠤ ᠶᠢ ᠰᠡᠷᠭᠡᠶᠢᠯᠡᠵᠦ᠂ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ᠬᠤᠶᠠᠳᠤᠭᠠᠷ ᠲᠦᠷᠦᠯ ᠵᠦᠢᠯ ᠄    ᠬᠤᠩ ᠨᠢ ᠬᠤᠳᠳᠤᠭ ᠤᠨ ᠰᠠᠯᠬᠢᠨ ᠬᠦᠴᠦᠨ ᠤ ᠴᠠᠬᠢᠯᠭᠠᠨ ᠤ ᠲᠠᠯᠠᠪᠠᠢ ᠠᠶᠤᠯᠲᠠᠢ ᠬᠠᠶᠠᠭᠳᠠᠮᠠᠯ ᠪᠣᠳᠠᠰ ᠤᠨ ᠬᠥᠮᠥᠷᠭᠡ ᠶᠢᠨ ᠲᠦᠷᠦᠯ ᠵᠦᠢᠯᠨᠡᠷᠡᠶᠢᠳᠦᠯ᠄    ᠪᠤᠭᠤᠲᠤ ᠬᠤᠲᠠ ᠶᠢᠨ ᠭᠦᠶᠡᠩ ᠰᠢᠶᠠᠨ ᠤ ᠬᠤᠩ ᠨᠢ ᠵᠢᠩ ᠨᠤᠲᠤᠭ ᠤᠨ ᠴᠠᠬᠢᠯᠭᠠᠨ ᠲᠠᠯᠠᠪᠠᠢ ᠶᠢᠨ 220 kv ᠬᠦᠴᠦᠳᠡᠯ ᠳᠡᠭᠡᠭᠰᠢᠯᠡᠭᠦᠯᠬᠦ ᠥᠷᠲᠡᠭᠡ ᠶᠢᠨ ᠳᠣᠲᠣᠷᠠᠬᠢ ᠬᠥᠮᠥᠷᠭᠡ ᠶᠢᠨ ᠪᠠᠷᠠᠭᠤᠨ ᠬᠤᠶᠢᠲᠤ ᠲᠠᠯ᠎ᠠ ᠶᠢᠨ ᠬᠤᠭᠤᠰᠣᠨ ᠭᠠᠵᠠᠷᠪᠦᠲᠦᠭᠡᠨ ᠪᠠᠶᠢᠭᠤᠯᠤᠯᠲᠠ ᠶᠢᠨ ᠭᠠᠵᠠᠷ᠄    ᠥᠪᠥᠷ ᠮᠣᠩᠭᠤᠯ ᠤᠨ ᠬᠤᠸᠠ ᠳ᠋ᠢᠶᠠᠨ ᠬᠤᠩ ᠨᠢ ᠵᠢᠩ ᠰᠠᠯᠬᠢᠨ ᠬᠦᠴᠦᠨ ᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠬᠦ ᠪᠠᠢᠭᠤᠯᠤᠮᠵᠢ᠄    ᠥᠪᠥᠷ ᠮᠣᠩᠭᠤᠯ ᠤᠨ ᠺᠠᠢ ᠶᠤᠸᠠᠢ ᠢᠨᠵᠧᠨᠧᠷᠢᠩ ᠤᠨ ᠯᠠᠪᠯᠠᠯᠲᠠ ᠶᠢᠨ ᠬᠢᠵᠠᠭᠠᠷᠲᠤ ᠺᠣᠮᠫᠠᠨᠢᠲᠦᠷᠦᠯ ᠵᠦᠢᠯ ᠤᠨ ᠲᠦᠢᠮᠤ ᠪᠠᠶᠢᠳᠠᠯ᠄    18m2 ᠤᠨ ᠠᠶᠤᠯᠲᠠᠢ ᠬᠠᠶᠠᠭᠳᠠᠮᠠᠯ ᠪᠣᠳᠠᠰ ᠢ ᠲᠦᠷ ᠬᠠᠳᠠᠭᠠᠯᠠᠬᠤ ᠬᠥᠮᠥᠷᠭᠡ ᠶᠢ ᠰᠢᠨ᠎ᠡ ᠪᠠᠷ ᠪᠠᠶᠢᠭᠤᠯᠵᠤ᠂ ᠥᠪᠥᠷ ᠮᠣᠩᠭᠤᠯ ᠤᠨ ᠬᠤᠸᠠ ᠳ᠋ᠢᠶᠠᠨ ᠬᠤᠩ ᠨᠢ ᠵᠢᠩ ᠰᠠᠯᠬᠢᠨ ᠬᠦᠴᠦᠨ ᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠠᠯᠠᠪᠠᠢ ᠪᠠ ᠳᠠᠷᠤᠯᠲᠠ ᠳᠡᠭᠡᠭᠰᠢᠯᠡᠭᠦᠯᠬᠦ ᠥᠷᠲᠡᠭᠡ ᠶᠢᠨ ᠠᠵᠢᠯᠯᠠᠭᠤᠯᠵᠤ ᠪᠠᠶᠢᠭ᠎ᠠ ᠬᠤᠭᠤᠴᠠᠭᠠᠨ ᠳᠤ ᠡᠭᠦᠰᠦᠭᠰᠡᠨ ᠠᠶᠤᠯᠲᠠᠶ ᠬᠠᠶᠠᠭᠳᠠᠮᠠᠯ ᠪᠣᠳᠠᠰ ᠢ ᠬᠠᠳᠠᠭᠠᠯᠠᠨ᠎ᠠ᠂ ᠡᠭᠦᠨ ᠳᠤ ᠬᠠᠶᠠᠭᠳᠠᠮᠠᠯ ᠭᠤᠯᠭᠤᠭᠤᠷ ᠲᠣᠰᠣ᠂ ᠬᠠᠶᠠᠭᠳᠠᠮᠠᠯ ᠡᠷᠦᠳᠡᠰᠦ ᠶᠢᠨ ᠲᠣᠰᠣᠨ ᠰᠠᠭᠤᠯᠠᠭ᠎ᠠ᠂ ᠬᠠᠶᠠᠭᠳᠠᠮᠠᠯ ᠭᠤᠯᠭᠤᠭᠤᠷ ᠲᠣᠰᠣ ᠱᠦᠭᠦᠬᠦ ᠭᠤᠣᠯ᠂ ᠬᠠᠶᠠᠭᠳᠠᠮᠠᠯ ᠬᠠᠷ᠎ᠠ ᠲᠤᠭᠤᠯᠭᠠᠨ ᠬᠦᠴᠢᠯ ᠤᠨ ᠴᠠᠬᠢᠯᠭᠠᠨ ᠬᠤᠷᠢᠶᠠᠭᠤᠷ᠂ ᠬᠠᠶᠠᠭᠳᠠᠮᠠᠯ ᠪᠡᠭᠡᠯᠡᠶ ᠪᠠ ᠵᠦᠯᠭᠦᠭᠦᠷ ᠵᠡᠷᠭᠡ ᠶᠢ ᠪᠠᠭᠲᠠᠭᠠᠵᠤ᠂ ᠭᠠᠳᠠᠨᠠᠬᠢ ᠠᠵᠤ ᠠᠬᠤᠶᠢᠯᠠᠯ ᠠᠴᠠ ᠴᠤᠭᠯᠠᠭᠤᠯᠤᠨ ᠬᠠᠳᠠᠭᠠᠯᠠᠬᠤ ᠦᠭᠡᠢ᠂ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 10 ᠲᠦᠮᠡᠨ ᠲᠥᠭᠦᠷᠢᠭ ᠪᠠᠶᠢᠵᠤ᠂ ᠪᠦᠬᠦᠨ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠯᠠ ᠣᠷᠣᠭᠤᠯᠤᠯᠲᠠ ᠪᠣᠯᠤᠨ᠎ᠠ᠃ᠭᠤᠤᠯ ᠪᠤᠯᠬᠤ ᠤᠷᠴᠢᠨ ᠲᠤᠭᠤᠷᠢᠨ ᠤ ᠨᠦᠯᠦᠭᠡ ᠵᠢᠴᠢ ᠤᠷᠴᠢᠨ ᠲᠤᠭᠤᠷᠢᠨ ᠤ ᠨᠦᠯᠦᠭᠡ ᠶᠢ ᠰᠡᠷᠭᠡᠶᠢᠯᠡᠬᠦ ᠪᠤᠶᠤ ᠪᠠᠭᠠᠰᠬᠠᠬᠤ ᠠᠷᠭ᠎ᠠ ᠪᠤᠳᠤᠯᠭ᠎ᠠ ︵ᠡᠰᠡᠬᠦᠯ᠎ᠡ ᠵᠦᠪᠰᠢᠶᠡᠷᠡᠬᠦ ᠦᠭᠡᠢ ᠪᠤᠯᠤᠭᠰᠠᠨ ᠰᠢᠯᠳᠠᠭᠠᠨ︶ ᠄    1. ᠪᠠᠷᠢᠯᠭ᠎ᠠ ᠪᠠᠷᠢᠬᠤ ᠬᠤᠭᠤᠴᠠᠭᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠪᠠᠷᠢᠬᠤ ᠬᠤᠭᠤᠴᠠᠭᠠᠨ ᠤ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠨ᠂ ᠪᠣᠬᠢᠷᠲᠤᠯ ᠪᠣᠳᠠᠰ ᠤᠨ ᠣᠷᠴᠢᠨ ᠲᠣᠭᠤᠷᠢᠨ ᠳᠤ ᠦᠵᠡᠭᠦᠯᠬᠦ ᠠᠰᠢᠭ ᠦᠭᠡᠶ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃    2᠂ ᠲᠤᠰ ᠲᠥᠷᠥᠯ ᠵᠦᠢᠯ ᠨᠢ ᠬᠠᠶᠠᠭᠳᠠᠮᠠᠯ ᠲᠣᠰᠣ ᠶᠢ ᠬᠠᠳᠠᠭᠠᠯᠠᠭᠠᠳ ᠪᠤᠶ ᠪᠣᠯᠤᠭᠰᠠᠨ ᠮᠧᠲ᠋ᠠᠨ ᠪᠤᠰᠤ ᠶᠡᠷᠦᠩᠬᠡᠶ ᠨᠡᠭᠦᠷᠦᠭᠴᠢ ᠨᠢ ᠦᠯᠢᠶᠡᠭᠦᠷ ᠮᠠᠰᠢᠨ ᠤᠭᠰᠠᠷᠠᠬᠤ ᠪᠠᠷ ᠳᠠᠮᠵᠢᠭᠤᠯᠤᠨ ᠠᠭᠠᠷ ᠤᠨ ᠭᠦᠢᠯᠭᠡᠭᠡᠨ ᠢ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠦᠭᠡᠶ ᠭᠠᠳᠠᠭᠰᠢᠯᠠᠭᠤᠯᠬᠤ ᠬᠡᠷᠡᠭᠲᠡᠶ᠃ ᠦᠢᠯᠡᠳᠪᠦᠷᠢ ᠶᠢᠨ ᠶᠢᠷᠲᠢᠨᠴᠦ ᠶᠢᠨ ᠵᠣᠬᠢᠶᠠᠨ ᠪᠠᠶᠢᠭᠤᠯᠤᠯᠲᠠ ᠥᠬᠡᠶ vocs  ︽ᠠᠭᠠᠷ ᠮᠠᠨᠳᠠᠯ ᠤᠨ ᠪᠣᠬᠢᠷᠲᠤᠯ ᠪᠣᠳᠠᠰ ᠢ ᠶᠡᠷᠦᠩᠬᠡᠶᠢᠯᠡᠨ ᠭᠠᠳᠠᠭᠰᠢᠯᠠᠭᠤᠯᠬᠤ ᠪᠠᠷᠢᠮᠵᠢᠶ᠎ᠠ︾︵gb16297 - 1996︶ ᠶᠢᠨ ᠬᠦᠰᠦᠨᠦᠭᠲᠦ ᠶᠢᠨ 2 ᠰᠢᠨ᠎ᠡ ᠪᠣᠬᠢᠷᠲᠤᠯ ᠤᠨ ᠡᠬᠢ ᠰᠤᠷᠪᠤᠯᠵᠢ ᠶᠢᠨ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠵᠣᠬᠢᠶᠠᠨ ᠪᠠᠶᠢᠭᠤᠯᠤᠯᠲᠠ ᠥᠬᠡᠶ ᠭᠠᠳᠠᠭᠰᠢᠯᠠᠭᠤᠯᠤᠯᠲᠠ ᠶᠢ ᠬᠢᠨᠠᠨ ᠡᠵᠡᠮᠳᠡᠬᠦ ᠥᠳᠬᠡᠴᠡ ᠶᠢᠨ ᠬᠢᠵᠠᠭᠠᠷ ᠬᠡᠮᠵᠢᠶ᠎ᠡ ᠶᠢ ᠬᠡᠷᠡᠭᠵᠢᠭᠦᠯᠵᠦ᠂ ᠦᠢᠯᠡᠳᠪᠦᠷᠢ ᠶᠢᠨ ᠣᠷᠣᠨ ᠤ ᠳᠣᠲᠣᠷᠠᠬᠢ vocs  ︽ᠳᠡᠭᠳᠡᠮᠡᠬᠡᠢ ᠴᠢᠨᠠᠷᠲᠠᠶ ᠣᠷᠭᠠᠨᠢᠭ ᠪᠣᠳᠠᠰ ᠤᠨ ᠵᠣᠬᠢᠶᠠᠨ ᠪᠠᠶᠢᠭᠤᠯᠤᠯᠲᠠ ᠥᠬᠡᠶ ᠭᠠᠳᠠᠭᠰᠢᠯᠠᠭᠤᠯᠤᠯᠲᠠ ᠶᠢ ᠡᠵᠡᠮᠳᠡᠬᠦ ᠪᠠᠷᠢᠮᠵᠢᠶ᠎ᠠ︾ ︵gb37822 - 2019︶ ᠶᠢᠨ ᠳᠠᠭᠠᠯᠳᠤᠭᠤᠯᠤᠭᠰᠠᠨ ᠬᠦᠰᠦᠨᠦᠭᠲᠦ ᠶᠢᠨ a.1 ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠱᠠᠭᠠᠷᠳᠠᠯᠭ᠎ᠠ ᠶᠢ ᠬᠡᠷᠡᠭᠵᠢᠭᠦᠯᠦᠨ᠎ᠡ᠃    3. ᠲᠣᠰ ᠲᠥᠷᠥᠯ ᠵᠦᠢᠯ ᠤᠨ ᠡᠵᠡᠩᠨᠡᠯᠲᠡ ᠶᠢᠨ ᠬᠤᠭᠤᠴᠠᠭᠠᠨ ᠳᠤ ᠦᠢᠯᠡᠳᠪᠦᠷᠢᠯᠡᠯ ᠤᠨ ᠬᠠᠶᠠᠭᠳᠠᠮᠠᠯ ᠤᠰᠤ ᠭᠠᠷᠭᠠᠬᠤ ᠦᠭᠡᠢ︔ ᠬᠥᠳᠡᠯᠮᠦᠷᠢ ᠶᠢᠨ ᠣᠷᠣᠨ ᠲᠤᠭ᠎ᠠ ᠶᠢ ᠰᠢᠨ᠎ᠡ ᠪᠠᠷ ᠨᠡᠮᠡᠭᠳᠡᠭᠦᠯᠬᠦ ᠦᠭᠡᠢ᠂ ᠠᠮᠢᠳᠤᠷᠠᠯ ᠤᠨ ᠪᠣᠬᠢᠷ ᠤᠰᠤ ᠰᠢᠨ᠎ᠡ ᠪᠠᠷ ᠨᠡᠮᠡᠭᠳᠡᠭᠦᠯᠬᠦ ᠦᠭᠡᠢ᠃    4᠂ ᠲᠣᠰ ᠲᠥᠷᠥᠯ ᠵᠦᠢᠯ ᠤᠨ ᠲᠠᠭᠤ ᠱᠤᠤᠭᠢᠶᠠᠨ ᠤ ᠡᠬᠢ ᠰᠤᠷᠪᠤᠯᠵᠢ ᠨᠢ ᠲᠡᠭᠡᠭᠡᠪᠦᠷᠢ ᠶᠢᠨ ᠲᠡᠷᠭᠡ ᠬᠥᠰᠬᠡ ᠶᠢᠨ ᠬᠤᠷᠳᠤᠴᠠ ᠤᠳᠠᠭᠠᠰᠢᠷᠠᠭᠤᠯᠬᠤ᠂ ᠯᠢᠩᠪᠤ ᠳᠤᠤᠭᠠᠷᠬᠤ ᠶᠢ ᠴᠠᠭᠠᠵᠠᠯᠠᠬᠤ᠂ ᠠᠴᠢᠶᠠᠯᠠᠵᠤ ᠪᠠᠭᠤᠯᠭᠠᠬᠤ ᠶᠢ ᠵᠢᠷᠤᠮᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠡᠮᠵᠢᠭᠰᠡᠨ ᠤ ᠳᠠᠷᠠᠭ᠎ᠠ᠂ ᠦᠢᠯᠡᠳᠪᠦᠷᠢ ᠶᠢᠨ ᠡᠲᠡᠭᠡᠳ ᠤᠨ ᠬᠢᠨ ᠳᠤ ︽ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢ ᠶᠢᠨ ᠵᠠᠭᠠᠭ ᠱᠤᠭᠤᠮ ᠤᠨ ᠣᠷᠴᠢᠨ ᠲᠣᠭᠤᠷᠢᠨ ᠤ ᠱᠤᠤᠭᠢᠶᠠᠨ ᠢ ᠭᠠᠳᠠᠭᠰᠢᠯᠠᠭᠤᠯᠬᠤ ᠪᠠᠷᠢᠮᠵᠢᠶ᠎ᠠ︾ ︵gb 12348 - 2008 ᠣᠨ︶ ᠳᠠᠬᠢ 2 ᠳ᠋ᠤᠭᠠᠷ ᠲᠥᠷᠥᠯ ᠤᠨ ᠪᠠᠷᠢᠮᠵᠢᠶ᠎ᠠ ᠶᠢᠨ ᠬᠢᠵᠠᠭᠠᠷ ᠬᠢᠵᠠᠭᠠᠷ ᠤᠨ ᠱᠠᠭᠠᠷᠳᠠᠯᠭ᠎ᠠ ᠶᠢ ᠬᠡᠷᠡᠭᠵᠢᠭᠦᠯᠦᠨ᠎ᠡ᠃    5. ᠲᠤᠰ ᠵᠦᠢᠯ ᠳᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠᠶᠢᠬᠤ ᠦᠭᠡᠢ ᠪᠣᠯ ᠵᠥᠪᠬᠡᠨ ᠠᠶᠤᠯᠲᠠᠢ ᠬᠠᠶᠠᠭᠳᠠᠮᠠᠯ ᠪᠣᠳᠠᠰ ᠬᠠᠳᠠᠭᠠᠯᠠᠨ᠎ᠠ᠃    6. ᠲᠠᠨ ᠤ ᠺᠣᠮᠫᠠᠨᠢ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠵᠤ᠂ ᠡᠯ᠎ᠡ ᠵᠦᠢᠯ ᠤᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠢᠴᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠬᠢᠨᠠᠨ ᠬᠡᠮᠵᠢᠬᠦ ᠪᠠ ᠬᠢᠨᠠᠨ ᠡᠵᠡᠮᠳᠡᠬᠦ ᠴᠢᠳᠠᠪᠤᠷᠢ ᠪᠠᠨ ᠴᠢᠩᠭᠠᠳᠬᠠᠵᠤ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠠᠳᠡᠯ ᠭᠠᠷᠬᠤ ᠶᠢ ᠰᠡᠷᠭᠡᠶᠢᠯᠡᠵᠦ᠂ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号