ᠨᠢᠭᠡ ᠬᠥᠮᠦᠨ ᠨᠢᠭᠡ ᠵᠠᠮ ᠢ ᠭᠡᠷᠡᠯᠲᠦᠭᠦᠯᠵᠦ ᠪᠣᠯᠤᠨ᠎ᠠ᠂ ᠨᠢᠭᠡ ᠪᠦᠯᠦᠭ ᠬᠥᠮᠦᠨ ᠨᠢᠭᠡ ᠬᠤᠲᠠ ᠶᠢ | ᠳᠤᠯᠠᠭᠠᠴᠠᠭᠤᠯᠵᠤ ᠪᠣᠯᠤᠨ᠎ᠠ᠃ | ᠣᠳᠣ ᠭᠦᠶᠡᠩ ᠳᠤ ᠬᠥᠮᠦᠨ ᠳᠤ ᠦᠯᠦ ᠮᠡᠳᠡᠭᠳᠡᠬᠦ ᠪᠤᠶᠠᠨ ᠤ ᠦᠢᠯᠡ ᠠᠵᠢᠯᠯᠠᠭ᠎ᠠ ᠡᠳᠦᠷ ᠪᠦᠷᠢ ᠭᠠᠷᠴᠤ | ᠪᠠᠶᠢᠨ᠎ᠠ᠃ ᠡᠨᠡᠬᠦ ᠬᠦᠰᠡᠯ ᠡᠷᠡᠮᠡᠯᠵᠡᠯ ᠢᠶᠠᠷ ᠪᠢᠯᠬᠠᠭᠰᠠᠨ ᠰᠢᠮᠡᠳᠦ ᠬᠥᠷᠥᠰᠥᠨ ᠳᠤ ᠰᠢᠶᠠᠨ ᠤ ᠬᠡᠪᠴᠢᠶᠡᠨ ᠤ | ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠬᠥᠭᠵᠢᠭᠡᠵᠦ᠂ ᠥᠷᠨᠢᠭᠦᠨ ᠬᠥᠭᠵᠢᠯᠲᠡ ᠶᠢᠨ ᠠᠭᠤᠷ ᠠᠮᠢᠰᠬᠤᠯ ᠢ | ᠳᠡᠯᠭᠡᠨ ᠦᠵᠡᠭᠦᠯᠵᠦ᠂ ᠬᠤᠲᠠ ᠶᠢᠨ ᠪᠣᠯᠪᠠᠰᠤᠨ ᠴᠢᠨᠠᠷ ᠴᠢᠨᠰᠠᠭ᠎ᠠ ᠶᠢ ᠪᠣᠢ ᠪᠣᠯᠭᠠᠬᠤ ᠶᠠᠪᠤᠴᠠ ᠳᠤ᠂ ᠡᠶᠢᠮᠦ ᠨᠢᠭᠡ | ᠪᠦᠯᠦᠭ ᠡᠷᠡᠯᠬᠡᠭ ᠪᠠᠭᠠᠲᠤᠷᠯᠢᠭ᠂ ᠬᠠᠯᠠᠭᠤᠨ ᠰᠡᠳᠬᠢᠯᠭᠡ᠂ ᠠᠵᠢᠯ ᠦᠢᠯᠡᠰ ᠢᠶᠠᠨ ᠳᠡᠭᠡᠳᠦᠯᠡᠬᠦ᠂ ᠦᠨᠡᠨᠴᠢ | ᠢᠲᠡᠭᠡᠮᠵᠢᠲᠡᠢ᠂ ᠨᠥᠬᠦᠷᠰᠡᠭ ᠬᠥᠮᠦᠰ ᠪᠠᠶᠢᠵᠤ᠂ ᠲᠡᠳᠡ ᠬᠠᠶᠢᠷ᠎ᠠ ᠪᠠᠷ ᠢᠶᠠᠨ ᠪᠦᠬᠦ᠋ᠢᠯᠡ ᠬᠤᠲᠠ ᠶᠢ ᠳᠤᠯᠠᠭᠠᠨ | ᠪᠣᠯᠭᠠᠵᠠᠢ᠃ | ᠲᠠᠩᠰᠤᠭ ᠰᠠᠶᠢᠬᠠᠨ ᠭᠦᠶᠡᠩ᠂ ᠵᠢᠱᠢᠶᠡᠴᠢ ᠰᠠᠶᠢᠨ ᠬᠥᠮᠦᠨ ᠬᠤᠶᠢᠨ᠎ᠠ ᠬᠤᠶᠢᠨ᠎ᠠ ᠠᠴᠠ ᠪᠠᠨ ᠭᠠᠷᠴᠤ᠂ | ᠪᠣᠯᠪᠠᠰᠤᠨ ᠭᠦᠶᠡᠩ᠂ ᠰᠡᠳᠬᠢᠯ ᠬᠥᠳᠡᠯᠭᠡᠮ᠎ᠡ ᠦᠯᠢᠭᠡᠷ ᠨᠢ ᠬᠥᠮᠦᠰ ᠤᠨ ᠰᠡᠳᠬᠢᠯ ᠳᠤ ᠭᠦᠨ ᠰᠠᠭᠤᠭᠳᠠᠪᠠ᠃ 3 | ᠰᠠᠷ᠎ᠠ ᠶᠢᠨ 28 ᠤ ᠡᠳᠦᠷ᠂ ︽ᠭᠦᠶᠡᠩ ᠤᠨ ᠦᠯᠢᠭᠡᠷ ᠳᠠᠭᠤᠷᠢᠶᠠᠯ ᠤᠨ ᠬᠦᠴᠦᠨ︾ ᠭᠡᠬᠦ ᠨᠡᠶᠢᠲᠡᠯᠢᠭ ᠬᠥᠮᠦᠰ ᠤᠨ | ᠨᠡᠷᠡᠰ ᠢ ᠨᠡᠶᠢᠲᠡᠯᠡᠪᠡ᠂ ᠶᠠᠩ ᠸᠧᠨ ᠰᠢᠩ ᠵᠡᠷᠭᠡ 10 ᠨᠥᠬᠦᠳ ᠭᠦᠶᠡᠩ ᠤᠨ ᠳᠠᠭᠤᠷᠢᠶᠠᠯ ᠤᠨ ᠢᠷᠠᠭᠤ | ᠠᠯᠳᠠᠷ ᠤᠨ ᠴᠣᠯᠠ ᠶᠢ ᠬᠦᠷᠲᠡᠵᠦ᠂ ᠲᠡᠳᠡ ᠪᠣᠳᠠᠲᠤ ᠠᠵᠢᠯᠯᠠᠭ᠎ᠠ ᠪᠠᠷ ᠢᠶᠠᠨ ᠭᠦᠶᠡᠩ ᠤᠨ ᠬᠥᠮᠦᠨ ᠤ ᠪᠣᠷᠣᠭᠵᠢᠭᠤᠨ | ᠭᠦᠨ ᠵᠤᠵᠠᠭᠠᠨ ᠣᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠶᠣᠰᠣ ᠮᠣᠷᠠᠯ ᠵᠠᠩ ᠴᠢᠨᠠᠷ ᠢ ᠢᠯᠡᠷᠡᠭᠦᠯᠵᠦ᠂ | ᠭᠦᠶᠡᠩ ᠤᠨ ᠨᠡᠶᠢᠭᠡᠮ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠢᠳᠡᠪᠬᠢ ᠬᠦᠴᠦᠨ ᠨᠡᠮᠡᠷᠢᠯᠡᠵᠡᠢ᠃ | ᠵᠢᠱᠢᠶᠡᠴᠢ ᠬᠠᠵᠠᠭᠤ ᠳᠤ ᠪᠠᠶᠢᠨ᠎ᠠ᠂ ᠰᠠᠶᠢᠨ ᠬᠥᠮᠦᠨ ᠪᠣᠯ ᠳᠠᠷᠤᠢ ᠴᠢ ᠪᠢ ᠪᠣᠯᠤᠨ᠎ᠠ᠃ ᠭᠦᠶᠡᠩ ᠰᠢᠶᠠᠨ ᠤ | ᠬᠠᠮ ᠵᠠᠭᠤᠴᠢᠯᠠᠭᠤᠷ ᠤᠨ ᠲᠥᠪ ︽ᠭᠦᠶᠡᠩ ᠤᠨ ᠦᠯᠢᠭᠡᠷ ᠳᠠᠭᠤᠷᠢᠶᠠᠯ ᠤᠨ ᠴᠤᠭ ᠵᠢᠪᠬᠤᠭ᠎ᠠ ᠶᠢ ᠳᠡᠯᠭᠡᠨ | ᠦᠵᠡᠭᠦᠯᠵᠦ᠂ ᠪᠣᠯᠪᠠᠰᠤᠨ ᠢᠶᠠᠷ ᠡᠷᠡᠯᠬᠡᠭᠯᠡᠨ ᠤᠷᠤᠭᠰᠢᠯᠠᠬᠤ ᠬᠦᠴᠦᠨ ᠢ ᠲᠥᠪᠯᠡᠷᠡᠭᠦᠯᠦᠶ᠎ᠡ︾ ᠭᠡᠬᠦ ᠭᠦᠶᠡᠩ ᠤᠨ | ᠦᠯᠢᠭᠡᠷ ᠳᠠᠭᠤᠷᠢᠶᠠᠯ ᠤᠨ ᠬᠦᠴᠦᠨ ᠤ ᠴᠤᠭ ᠵᠢᠪᠬᠤᠭ᠎ᠠ ᠶᠢ ᠳᠡᠯᠭᠡᠨ ᠦᠵᠡᠭᠦᠯᠬᠦ ᠲᠤᠰᠬᠠᠢ ᠪᠤᠯᠤᠩ ᠭᠠᠷᠭᠠᠵᠤ᠂ | ᠭᠦᠶᠡᠩ ᠤᠨ ᠦᠯᠢᠭᠡᠷ ᠳᠠᠭᠤᠷᠢᠶᠠᠯ ᠤᠨ ᠰᠡᠳᠬᠢᠯ ᠬᠥᠳᠡᠯᠭᠡᠮ᠎ᠡ ᠦᠯᠢᠭᠡᠷ ᠢ ᠲᠥᠪᠯᠡᠷᠡᠭᠦᠯᠦᠨ ᠨᠡᠪᠲᠡᠷᠡᠭᠦᠯᠪᠡ᠃ | ᠪᠢᠳᠡ ᠬᠠᠮᠲᠤ ᠪᠠᠷ ᠡᠭᠡᠯ ᠵᠢᠷ ᠤᠨ ᠭᠡᠷᠡᠯ ᠭᠢᠯᠪᠠᠭ᠎ᠠ ᠰᠠᠴᠤᠷᠠᠨ᠂ ᠴᠡᠪᠡᠷ ᠰᠠᠶᠢᠬᠠᠨ ᠦᠢᠯᠡ ᠠᠵᠢᠯᠯᠠᠭ᠎ᠠ ᠶᠢᠨ | ᠬᠠᠯᠠᠭᠤᠨ ᠳᠤᠯᠠᠭᠠᠨ ᠢ ᠣᠶᠢᠯᠠᠭᠠᠵᠤ᠂ ᠦᠯᠢᠭᠡᠷ ᠳᠠᠭᠤᠷᠢᠶᠠᠯ ᠤᠨ ᠬᠦᠴᠦᠨ ᠪᠣᠯᠤᠨ ᠬᠤᠲᠠ ᠶᠢᠨ ᠵᠣᠷᠢᠭ | ᠰᠠᠨᠠᠭᠠᠨ ᠤ ᠬᠠᠮᠲᠤ ᠶᠢᠨ ᠴᠤᠤᠷᠢᠶ᠎ᠠ ᠶᠢ ᠮᠡᠳᠡᠷᠡᠵᠦ ᠪᠠᠶᠢᠨ᠎ᠠ᠃ | ᠬᠤᠸᠠᠢ ᠱᠦᠸᠧ ᠪᠠᠯᠭᠠᠰᠤᠨ ᠤ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠭᠰᠠᠨ ᠵᠢᠱᠢᠶᠡᠴᠢ ᠸᠠᠩ ᠯᠠ | ᠰᠦᠸᠧ | ᠭᠦᠶᠡᠩ ᠰᠢᠶᠠᠨ ᠤ ᠬᠤᠸᠠᠢ ᠱᠦᠸᠧ ᠪᠠᠯᠭᠠᠰᠤᠨ ᠤ ᠰᠧ ᠹᠧᠨ ᠽᠢ ᠲᠣᠰᠬᠤᠨ ᠳᠤ᠂ ᠸᠠᠩ ᠯᠠ ᠰᠦᠸᠧ ᠶᠢᠨ | ᠨᠡᠷ᠎ᠡ ᠶᠢ ᠲᠤᠷᠠᠳᠪᠠᠯ᠂ ᠲᠣᠰᠬᠤᠨ ᠤ ᠠᠷᠠᠳ ᠤᠨ ᠴᠢᠷᠠᠢ ᠳᠤ ᠰᠡᠳᠬᠢᠯ ᠳᠤᠯᠠᠭᠠᠴᠠᠭᠤᠯᠤᠮᠠ ᠢᠨᠢᠶᠡᠮᠰᠦᠭᠯᠡᠯ | ᠲᠣᠳᠣᠷᠠᠵᠤ᠂ ᠡᠨᠡ ᠬᠦ ᠪᠣᠷᠣᠭᠵᠢᠭᠤᠨ ᠲᠠᠷᠢᠶᠠᠴᠢᠳ ᠬᠡᠳᠦᠨ ᠠᠷᠪᠠᠨ ᠵᠢᠯ ᠢ ᠨᠢᠭᠡ ᠡᠳᠦᠷ ᠮᠡᠲᠦ ᠰᠠᠶᠢᠨ ᠦᠢᠯᠡ | ᠠᠵᠢᠯᠯᠠᠭ᠎ᠠ ᠪᠠᠷ ᠬᠤᠸᠠᠢ ᠱᠦᠸᠧ ᠪᠠᠯᠭᠠᠰᠤᠨ ᠤ ᠬᠥᠳᠡᠭᠡ ᠲᠣᠰᠬᠤᠨ ᠤ ᠰᠤᠷᠲᠠᠯ ᠤᠨ ᠪᠣᠯᠪᠠᠰᠤᠨ ᠤ | ᠪᠠᠶᠢᠭᠤᠯᠤᠯᠲᠠ ᠳᠤ ᠰᠡᠳᠬᠢᠯ ᠬᠥᠳᠡᠯᠭᠡᠮ᠎ᠡ ᠲᠠᠶᠢᠯᠪᠤᠷᠢ ᠪᠣᠯᠤᠭᠰᠠᠨ ᠪᠠᠶᠢᠨ᠎ᠠ᠃ | ᠲᠦᠷᠭᠡᠨ ᠭᠤᠪᠢᠭᠤᠯᠭ᠎ᠠ ᠶᠢᠨ ᠬᠥᠭᠦᠷᠭᠡ ᠪᠤᠯᠤᠭᠰᠠᠨ | ︽ᠲᠦᠷᠭᠡᠨ ᠬᠦᠷᠭᠡᠯᠲᠡ ᠶᠢᠨ ᠠᠵᠢᠯ ᠳᠤ ᠲᠣᠰᠬᠤᠨ ᠤ ᠠᠷᠠᠳ ᠬᠢᠬᠦ ᠬᠦᠮᠦᠨ ᠦᠭᠡᠢ ᠪᠣᠯ ᠪᠢ | ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠬᠥᠷᠰᠢ ᠵᠡᠷᠭᠡᠯᠡᠳᠡᠭᠡ ᠳᠤ ᠬᠠᠪᠰᠤᠷᠬᠤ ᠶᠢ ᠬᠦᠰᠡᠵᠦ ᠪᠠᠶᠢᠨ᠎ᠠ︾ ᠭᠡᠵᠦ | ᠬᠡᠯᠡᠪᠡ᠃ ᠸᠠᠩ ᠯᠠ ᠰᠦᠸᠧ ᠶᠢᠨ ᠡᠨᠡ ᠬᠦ ᠪᠣᠷᠣᠭᠵᠢᠭᠤᠨ ᠶᠠᠷᠢᠶ᠎ᠠ ᠨᠢ ᠲᠡᠭᠦᠨ ᠤ ᠲᠦᠷᠭᠡᠨ ᠬᠦᠷᠭᠡᠯᠲᠡ ᠶᠢ | ᠣᠷᠣᠯᠠᠨ ᠬᠤᠷᠢᠶᠠᠬᠤ ᠤᠭ ᠰᠠᠨᠠᠭ᠎ᠠ ᠶᠢ ᠢᠯᠡᠷᠡᠭᠦᠯᠪᠡ᠃ ᠲᠣᠰᠬᠤᠨ ᠳᠤ ᠲᠦᠷᠭᠡᠨ ᠬᠦᠷᠭᠡᠯᠲᠡ ᠶᠢ ᠬᠠᠳᠠᠭᠠᠯᠠᠬᠤ | ᠲᠤᠰᠬᠠᠢ ᠲᠠᠯᠠᠪᠤᠷ ᠳᠤᠲᠠᠭᠳᠠᠵᠤ ᠪᠠᠶᠢᠨ᠎ᠠ᠂ ᠲᠡᠷᠡ ᠥᠪᠡᠷ ᠤᠨ ᠭᠡᠷ ᠢᠶᠠᠨ ᠰᠤᠯᠠᠯᠠᠨ ᠭᠠᠷᠭᠠᠵᠤ᠂ ᠲᠦᠷᠭᠡᠨ | ᠬᠦᠷᠭᠡᠯᠲᠡ ᠶᠢᠨ ᠳ᠋ᠤᠭᠠᠷ ᠢ ᠲᠡᠭᠰᠢᠯᠡᠨ ᠪᠠᠭᠤᠯᠭᠠᠨ ᠠᠪᠴᠤ ᠪᠠᠷᠠᠭᠠᠨ ᠤ ᠭᠦᠢᠯᠭᠡᠭᠡᠨ ᠤ ᠡᠬᠡ ᠳᠠᠩᠰᠠ ᠳᠡᠭᠡᠷ᠎ᠡ | ᠬᠠᠭᠤᠯᠵᠤ᠂ ᠨᠠᠷᠢᠨ ᠨᠢᠮᠪᠠᠢ ᠠᠵᠢᠯᠯᠠᠨ᠎ᠠ᠃ | ᠨᠢᠭᠡᠨ ᠡᠳᠦᠷ᠂ ᠲᠤᠰᠬᠤᠨ ᠤ ᠸᠠᠩ ᠡᠪᠦᠭᠡ ᠶᠢᠨ ᠬᠥᠪᠡᠭᠦᠨ ᠭᠠᠳᠠᠷ ᠣᠷᠣᠨ ᠠᠴᠠ ᠶᠠᠪᠤᠭᠤᠯᠤᠭᠰᠠᠨ ᠣᠨᠴᠠ | ᠭᠠᠷᠤᠯᠲᠠ ᠶᠢᠨ ᠪᠣᠭᠤᠳᠠᠯ ᠬᠦᠷᠴᠦ ᠢᠷᠡᠬᠦ ᠳᠤ᠂ ᠸᠠᠩ ᠯᠠ ᠰᠦᠸᠧ ᠲᠤᠰᠬᠤᠨ ᠤ ᠠᠷᠠᠳ ᠢ ᠬᠠᠪᠰᠤᠷᠴᠤ | ᠲᠠᠷᠢᠶᠠᠯᠠᠩ ᠤᠨ ᠪᠠᠭᠠᠵᠢ ᠶᠢ ᠨᠢ ᠵᠠᠰᠠᠵᠤ ᠪᠠᠶᠢᠵᠠᠢ᠃ ᠲᠦᠷᠭᠡᠨ ᠬᠦᠷᠭᠡᠯᠲᠡ ᠶᠢᠨ ᠬᠠᠭᠤᠳᠠᠰᠤᠨ ᠲᠡᠭᠡᠷᠡᠬᠢ ︽ | ᠠᠮᠠᠷᠬᠠᠨ ᠡᠪᠳᠡᠷᠡᠬᠦ︾ ᠭᠡᠰᠡᠨ ᠦᠰᠦᠭ ᠢ ᠦᠵᠡᠵᠦ᠂ ᠲᠡᠷᠡ ᠳᠠᠷᠦ᠋ᠢᠬᠠᠨ ᠭᠠᠷ ᠲᠠᠬᠢ ᠠᠵᠢᠯ ᠢᠶᠠᠨ ᠬᠠᠶᠠᠵᠤ᠂ | ᠪᠣᠭᠤᠳᠠᠯ ᠪᠠᠭᠯᠠᠭ᠎ᠠ ᠪᠠᠨ ᠠᠪᠴᠤ ᠶᠠᠪᠠᠭᠠᠨ ᠢᠶᠠᠷ ᠭᠤᠷᠪᠠᠨ ᠭᠠᠵᠠᠷ ᠠᠶᠠᠯᠠᠨ᠂ ᠡᠨᠡᠬᠦ ᠲᠦᠷᠭᠡᠨ ᠬᠦᠷᠭᠡᠯᠲᠡ ᠶᠢᠨ | ᠪᠤᠭᠤᠯᠳᠠ ᠶᠢ ᠲᠠᠷᠢᠶᠠᠨ ᠳᠤᠮᠳᠠ ᠬᠦᠷᠭᠡᠪᠡ᠃ ᠸᠠᠩ ᠨᠠᠰᠤᠲᠠᠨ ᠤ ᠪᠣᠭᠤᠳᠠᠯ ᠢᠶᠠᠨ ᠵᠠᠳᠠᠯᠵᠤ ᠰᠠᠯᠭᠠᠬᠤ ᠳᠤ | ᠨᠢᠳᠦᠨ ᠳᠤ ᠨᠢ ᠡᠷᠬᠢᠯᠳᠦᠵᠦ ᠪᠠᠶᠢᠭ᠎ᠠ ᠨᠢᠯᠪᠤᠰᠤ ᠶᠢ ᠬᠠᠷᠠᠭᠠᠳ᠂ ᠦᠪᠡᠷ ᠤᠨ ᠬᠢᠵᠦ ᠪᠠᠶᠢᠭ᠎ᠠ ᠠᠵᠢᠯ ᠤᠨ ᠢᠶᠠᠨ | ᠤᠳᠬ᠎ᠠ ᠠᠭᠤᠯᠭ᠎ᠠ ᠶᠢ ᠨᠡᠩ ᠬᠦᠨᠵᠡᠭᠡᠢ ᠤᠶᠢᠯᠠᠭᠠᠪᠠ᠃ | ᠤᠶᠢᠷ᠎ᠠ ᠰᠠᠭᠠᠬᠠᠯᠳᠠ ᠳᠤ ᠪᠠᠨ ᠬᠠᠯᠠᠭᠤᠨ ᠲᠤᠯᠠᠭᠠᠨ ᠦᠢᠯᠡᠴᠢᠯᠡᠭᠡ ᠬᠠᠩᠭᠠᠪᠠ | ᠯᠠ ᠰᠠᠷ᠎ᠠ ᠶᠢᠨ ᠨᠠᠢᠮᠠᠨ ᠳᠤ᠂ ᠲᠡᠷᠡ ᠡᠬᠡᠨᠡᠷ ᠲᠠᠢ ᠪᠠᠨ ᠲᠩᠷᠢ ᠭᠡᠭᠡᠷᠡᠬᠦ ᠠᠴᠠ ᠡᠮᠦᠨ᠎ᠡ ᠥᠳᠬᠡᠨ ᠰᠢᠩᠭᠡᠨ | ᠪᠤᠳᠠᠭ᠎ᠠ ᠴᠢᠨᠠᠵᠤ᠂ ᠡᠷᠦᠬᠡ ᠳᠠᠷᠠᠭᠠᠯᠠᠨ ᠭᠠᠭᠴᠠᠭᠠᠷ ᠠᠮᠢᠳᠤᠷᠠᠵᠤ ᠪᠠᠶᠢᠭ᠎ᠠ ᠨᠠᠰᠤᠳᠠᠳ ᠲᠤ ᠬᠦᠷᠭᠡᠪᠡ︔ ᠨᠢᠭᠡ | ᠲᠣᠰᠬᠤᠨ ᠤ ᠠᠷᠠᠳ ᠤᠨ ᠥᠬᠢᠨ ᠨᠢ ᠮᠡᠳᠡᠷᠡᠯ ᠤᠨ ᠡᠪᠡᠳᠴᠢᠨ ᠳᠤ ᠨᠡᠷᠪᠡᠭᠳᠡᠭᠰᠡᠨ ᠢ ᠣᠯᠵᠤ ᠮᠡᠳᠡᠭᠡᠳ᠂ ᠸᠠᠩ ᠯᠠ | ᠰᠦᠸᠧ ᠰᠠᠨᠠᠭᠠᠴᠢᠯᠠᠭ᠎ᠠ ᠠᠴᠠ ᠪᠠᠨ ᠲᠡᠳᠡᠨ ᠢ ᠬᠠᠪᠰᠤᠷᠤᠨ ᠲᠦᠷ ᠴᠠᠭ ᠤᠨ ᠠᠪᠤᠷᠠᠨ ᠲᠤᠰᠠᠯᠠᠯᠲᠠ ᠭᠤᠶᠤᠴᠢᠯᠠᠵᠤ᠂ | ᠡᠳᠦᠷ ᠲᠤᠲᠤᠮ ᠤᠨ ᠠᠮᠢᠳᠤᠷᠠᠯ ᠤᠨ ᠳᠤᠮᠳᠠ ᠰᠠᠨᠠᠭᠠᠴᠢᠯᠠᠭ᠎ᠠ ᠠᠴᠠ ᠪᠠᠨ ᠡᠨᠡ ᠭᠡᠷ ᠤᠨ ᠬᠥᠮᠦᠨ ᠢ ᠬᠠᠷᠠᠭᠠᠯᠵᠠᠪᠠ᠃ | ᠴᠠᠭᠠᠨ ᠰᠠᠷ᠎ᠠ ᠶᠢᠨ ᠪᠠᠶᠠᠷ ᠤᠨ ᠡᠳᠦᠷ ᠣᠶᠢᠷᠠᠳᠴᠤ᠂ ᠴᠠᠭᠠᠨ ᠰᠠᠷ᠎ᠠ ᠶᠢᠨ ᠬᠤᠣᠰ ᠤᠶᠠᠩᠭ᠎ᠠ ᠶᠢ ᠪᠢᠴᠢᠵᠦ | ᠰᠡᠶᠢᠷᠡᠭᠦᠯᠦᠨ᠂ ᠥᠯᠵᠡᠢ ᠪᠡᠯᠭᠡ ᠲᠠᠢ ᠢᠷᠥᠭᠡᠯ ᠢ ᠡᠭᠦᠳᠡ ᠳᠦᠭᠦᠷᠡᠩ ᠨᠠᠭᠠᠨ᠎ᠠ᠃ ᠲᠣᠰᠬᠤᠨ ᠠᠴᠠ ᠬᠥᠳᠡᠯᠵᠦ | ᠪᠠᠷᠢᠬᠤ ᠳᠤ ᠳᠥᠭᠦᠮ ᠦᠭᠡᠢ ᠨᠠᠰᠤᠲᠠᠨ ᠰᠡᠳᠬᠢᠯ ᠲᠤᠭᠳᠤᠯᠤᠨ᠄ ︽ᠡᠨᠡ ᠬᠡᠦᠬᠡᠳ ᠰᠢᠭᠡᠰᠦ ᠶᠢ ᠴᠤ ᠪᠦᠷ | ᠴᠡᠪᠡᠷᠯᠡᠵᠦ ᠦᠭᠭᠦᠨ᠎ᠡ᠃ ᠲᠦᠷᠦᠭᠰᠡᠨ ᠬᠡᠥᠬᠡᠳ ᠠᠴᠠ ᠴᠤ ᠨᠠᠷᠢᠨ ᠨᠢᠮᠪᠠᠢ ᠬᠠᠨᠳᠤᠳᠠᠭ︾ ᠭᠡᠵᠦ ᠶᠠᠷᠢᠨ᠎ᠠ᠃ | ᠬᠤᠸᠠᠢ ᠱᠦᠸᠧ ᠪᠠᠯᠭᠠᠰᠤᠨ ᠤ ᠡᠪᠦᠯ ᠤᠨ ᠤᠯᠠᠷᠢᠯ ᠤᠨ ᠠᠭᠠᠷ ᠤᠨ ᠳᠤᠯᠠᠭᠠᠨ ᠬᠠᠬᠢᠷ ᠬᠦᠢᠲᠡᠨ᠂ ᠸᠠᠩ ᠯᠠ | ᠰᠦᠸᠧ ᠬᠦᠢᠳᠡᠨ ᠲᠡᠮᠦᠷ ᠬᠦᠷᠵᠡ ᠪᠠᠷᠢᠵᠤ ᠴᠠᠰᠤ ᠠᠷᠢᠯᠭᠠᠬᠤ ᠴᠡᠪᠡᠷᠯᠡᠭᠡ ᠬᠢᠨ᠎ᠡ᠃ ᠸᠠᠩ ᠯᠠ ᠰᠦᠸᠧ ᠶᠢᠨ | ᠳᠠᠭᠠᠭᠤᠯᠭ᠎ᠠ ᠳᠣᠣᠷ᠎ᠠ ᠰᠧ ᠹᠧᠨ ᠽᠢ ᠲᠣᠰᠬᠤᠨ ᠳᠤ ᠲᠣᠰᠬᠤᠨ ᠤ ᠠᠷᠠᠳ ᠤᠨ ᠴᠠᠰᠤ ᠠᠷᠢᠯᠭᠠᠬᠤ ᠠᠩᠭᠢ | ᠪᠠᠶᠢᠭᠤᠯᠵᠤ᠂ ᠤᠯᠠᠮ ᠠᠴᠠ ᠤᠯᠠᠮ ᠣᠯᠠᠨ ᠲᠣᠰᠬᠤᠨ ᠤ ᠠᠷᠠᠳ ᠬᠠᠷᠢᠯᠴᠠᠨ ᠬᠠᠪᠰᠤᠷᠤᠯᠴᠠᠬᠤ ᠡᠩᠨᠡᠭᠡᠨ ᠳᠤ | ᠣᠷᠣᠵᠤ᠂ ᠬᠤᠸᠠᠢ ᠱᠦᠸᠧ ᠪᠠᠯᠭᠠᠰᠤᠨ ᠤ ᠪᠣᠯᠪᠠᠰᠤᠨ ᠨᠤᠲᠤᠭ ᠤᠨ ᠰᠤᠷᠲᠠᠯ ᠤᠨ ᠳᠠᠭᠠᠭᠤᠯᠤᠭᠴᠢ᠂ | ᠦᠢᠯᠡᠳᠦᠯᠭᠡᠵᠢᠭᠦᠯᠦᠭᠴᠢ ᠪᠣᠯᠵᠠᠢ᠃ ᠲᠠᠯ᠎ᠠ ᠨᠤᠲᠤᠭ ᠤᠨ ᠨᠣᠮ ᠤᠨ ᠥᠷᠥᠭᠡ ᠳᠤ ᠲᠡᠷᠡ ᠪᠣᠯ ᠳᠠᠭᠠᠭᠤᠯᠤᠨ | ᠤᠩᠰᠢᠭᠴᠢ ᠮᠥᠨ᠂ ᠪᠣᠷᠣᠭᠵᠢᠭᠤᠨ ᠨᠤᠲᠤᠭ ᠤᠨ ᠠᠶᠠᠯᠭᠤ ᠪᠠᠷ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ | ᠪᠠᠶᠢᠨ᠎ᠠ︔ ᠲᠣᠰᠬᠤᠨ ᠤ ᠶᠠᠪᠤᠳᠠᠯ ᠤᠨ ᠬᠤᠷᠠᠯ ᠳᠡᠭᠡᠷ᠎ᠡ᠂ ᠲᠡᠷᠡ ᠶᠡᠷᠦ ᠨᠢ ᠶᠡᠭᠡ ᠶᠣᠰᠣ ᠶᠢ ᠣᠯᠠᠨ ᠲᠦᠮᠡᠨ ᠲᠠᠢ | ᠣᠶᠢᠷᠠᠲᠤᠭᠰᠠᠨ ︽ᠰᠠᠶᠢᠨ ᠠᠷᠭ᠎ᠠ︾ ᠪᠣᠯᠭᠠᠨ ᠬᠤᠪᠢᠷᠠᠭᠤᠯᠵᠤ ᠴᠢᠳᠠᠨ᠎ᠠ᠃ ᠵᠠᠷᠢᠮ ᠬᠥᠮᠦᠨ ᠲᠡᠭᠦᠨ ᠢ ᠶᠠᠭᠤᠨ ᠳᠤ | ᠡᠶᠢᠮᠦ ᠠᠷᠪᠢᠨ ᠬᠢᠭᠰᠡᠨ ᠢ ᠠᠰᠠᠭᠤᠬᠤ ᠳᠤ᠂ ᠡᠨᠡ ᠬᠦ ᠪᠤᠷᠤᠭᠵᠢᠭᠤᠨ ᠲᠠᠷᠢᠶᠠᠴᠢᠨ ᠡᠷ᠎ᠡ ᠬᠠᠷᠢᠨ ᠲᠣᠯᠣᠭᠠᠢ ᠳᠣᠬᠢᠨ | ᠄ ︽ᠣᠯᠠᠨ ᠢᠶᠠᠷ ᠢᠶᠠᠨ ᠰᠠᠶᠢᠨ ᠪᠣᠯᠴᠢᠬᠠᠪᠠᠯ ᠮᠢᠨᠦ ᠰᠡᠳᠬᠢᠯ ᠲᠤᠩ ᠠᠭᠤᠵᠢᠷᠠᠴᠢᠬᠠᠨᠠ︾ ᠭᠡᠪᠡ᠃ | ᠭᠦᠶᠡᠩ ᠳᠠᠭᠤᠷᠢᠶᠠᠯ ᠤᠨ ᠬᠦᠴᠦᠨ ᠱᠠᠩᠨᠠᠯ ᠣᠯᠭᠤᠭᠰᠠᠨ ᠦᠭᠡ | ᠸᠠᠩ ᠯᠠ ᠰᠦᠸᠧ᠄ ᠡᠭᠡᠯ ᠪᠤᠷᠤᠭᠵᠢᠭᠤᠨ ᠬᠤᠶᠠᠷ ᠭᠠᠷ ᠢᠶᠠᠷ᠂ ᠭᠡᠷ ᠪᠦᠯᠢ ᠶᠢᠨ ᠬᠦᠨᠳᠦ ᠡᠭᠦᠷᠭᠡ ᠶᠢ | ᠡᠭᠦᠷᠭᠡᠯᠡᠵᠦ︔ ᠨᠢᠭᠡ ᠰᠡᠳᠬᠢᠯ ᠨᠢᠭᠡ ᠵᠤᠷᠢᠭ ᠢᠶᠠᠷ᠂ ᠬᠥᠳᠡᠭᠡ ᠲᠤᠰᠬᠤᠨ ᠤ ᠨᠠᠮ ᠲᠠᠢᠪᠤᠩ ᠢ ᠬᠠᠮᠠᠭᠠᠯᠠᠵᠤ ᠪᠠᠶᠢᠨ᠎ᠠ | ᠃ ᠦᠭᠡ ᠲᠠᠭᠤᠨ ᠦᠬᠡᠢ ᠤᠨ ᠰᠠᠷ᠎ᠠ ᠳᠤ᠂ ᠲᠡᠭᠦᠨ ᠤ ᠡᠬᠡ ᠨᠤᠳᠤᠭ ᠤᠨ ᠢᠶᠠᠨ ᠭᠦᠨ ᠵᠤᠵᠠᠭᠠᠨ ᠬᠠᠶᠢᠷ᠎ᠠ | ᠰᠡᠳᠬᠢᠯᠭᠡ ᠪᠠ ᠪᠠᠲᠤ ᠪᠠᠷᠢᠮᠲᠠᠯᠠᠯ ᠢ ᠭᠡᠷᠡᠴᠢᠯᠡᠪᠡ᠃ ᠡᠭᠡᠯ ᠵᠢᠷ ᠤᠨ ᠳᠤᠮᠳᠠ ᠠᠭᠤᠤ ᠶᠡᠭᠡ ᠶᠢ ᠪᠢᠴᠢᠭᠯᠡᠵᠦ︔ | ᠨᠠᠷᠢᠨ ᠵᠦᠢᠯᠡᠰ ᠢᠶᠠᠷ ᠦᠨᠡᠨ ᠰᠡᠳᠬᠢᠯᠭᠡ ᠪᠠᠨ ᠢᠯᠡᠷᠡᠭᠦᠯᠵᠦ᠂ ᠲᠡᠷᠡ ᠪᠣᠯ ᠬᠥᠳᠡᠭᠡ ᠲᠣᠰᠬᠤᠨ ᠢ ᠰᠠᠬᠢᠨ | ᠬᠠᠮᠠᠭᠠᠯᠠᠵᠤ ᠪᠠᠶᠢᠭ᠎ᠠ ᠬᠥᠮᠦᠨ ᠪᠠᠶᠢᠵᠤ᠂ ᠬᠥᠮᠦᠨ ᠤ ᠶᠢᠷᠲᠢᠨᠴᠦ ᠶᠢᠨ ᠬᠠᠶᠢᠷ᠎ᠠ ᠰᠡᠳᠬᠢᠯᠭᠡ ᠶᠢ ᠳᠠᠮᠵᠢᠭᠤᠯᠵᠤ | ᠪᠠᠶᠢᠳᠠᠭ᠃ | |