ᠲᠠᠷᠢᠶᠠᠯᠠᠩ ᠤᠨ ᠮᠧᠬᠠᠨᠢᠭ ᠲᠤ ᠰᠢᠨ᠎ᠡ ᠶᠢ ᠡᠭᠦᠳᠴᠦ ᠠᠮᠤ ᠲᠣᠰᠣ ᠶᠢᠨ ᠨᠢᠭᠡᠴᠢ ᠭᠠᠷᠤᠯᠲᠠ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2025/4/18
    ︽ᠬᠠᠪᠤᠷ ᠤᠨ ᠤᠯᠠᠷᠢᠯ ᠳᠤ ᠨᠢᠭᠡ ᠮᠥᠬᠦᠯᠢᠭ ᠨᠠᠷᠢᠮᠤ ᠲᠠᠷᠢᠵᠦ᠂ ᠨᠠᠮᠤᠷ ᠤᠨ ᠬᠤᠷᠢᠶᠠᠯᠲᠠ ᠳᠤ ᠲᠦᠮᠡᠨ ᠮᠥᠬᠦᠯᠢᠭ ᠠᠮᠤ ᠬᠤᠷᠢᠶᠠᠨ᠎ᠠ︾᠃  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠦᠶ᠎ᠡ ᠶᠢᠨ ᠳᠠᠪᠠᠯᠭᠠᠨ ᠳᠤᠮᠳᠠ ᠠᠮᠤ ᠪᠤᠳᠠᠭ᠎ᠠ ᠶᠢᠨ ᠠᠮᠤᠷ ᠲᠦᠪᠰᠢᠨ ᠢ ᠪᠠᠲᠤᠯᠠᠵᠤ᠂ ᠠᠮᠤ ᠲᠣᠰᠣ ᠶᠢᠨ ᠨᠢᠭᠡᠴᠢ ᠤᠨᠠᠯᠲᠠ ᠶᠢ ᠳᠡᠭᠡᠭᠰᠢᠯᠡᠭᠦᠯᠬᠦ ᠪᠤᠯ ᠲᠠᠷᠢᠶᠠᠯᠠᠩ ᠤᠨ ᠬᠦᠭᠵᠢᠯᠳᠡ ᠶᠢᠨ ᠭᠤᠤᠯ ᠡᠭᠦᠷᠭᠡ ᠪᠤᠯᠤᠨ᠎ᠠ᠃    2025 ᠣᠨ ᠤ ᠠᠮᠤ ᠪᠤᠳᠠᠭ᠎ᠠ ᠲᠣᠰᠣᠨ ᠤ ᠨᠢᠭᠡᠴᠢ ᠶᠢᠨ ᠪᠦᠲᠦᠭᠡᠭᠳᠡᠬᠦᠨ ᠤ ᠲᠥᠷᠥᠯ ᠵᠦᠢᠯ ᠢ ᠪᠦᠬᠦ ᠲᠠᠯ᠎ᠠ ᠪᠠᠷ ᠥᠷᠨᠢᠭᠦᠯᠬᠦ ᠶᠢ ᠳᠠᠭᠠᠯᠳᠤᠨ᠂ ᠭᠦᠶᠡᠩ ᠰᠢᠶᠠᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠯᠤᠰ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠲᠤᠭᠤᠰᠢᠯᠠᠭᠤᠯᠵᠤ᠂ ᠠᠮᠤ ᠲᠣᠰᠣᠨ ᠤ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃ ᠭᠦᠶᠡᠩ ᠰᠢᠶᠠᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠪᠣᠯᠤᠨ ᠳ᠋ᠠ ᠪᠦᠸᠧ ᠶᠢᠨ ᠲᠢᠶᠠᠨ ᠮᠧᠬᠠᠨᠢᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠭᠠᠷ ᠬᠤᠯᠪᠣᠨ ᠬᠠᠮᠲᠤᠷᠠᠯᠴᠠᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠮᠠᠰᠢᠨ ᠢ ᠰᠤᠳᠤᠯᠤᠨ ᠨᠡᠭᠡᠭᠡᠬᠦ ᠪᠠᠷ ᠴᠢᠷᠮᠠᠶᠢᠵᠤ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠦᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ ᠬᠤᠶᠠᠷ ᠲᠠᠯ᠎ᠠ ᠶᠢᠨ ᠮᠡᠷᠭᠡᠵᠢᠯ ᠤᠨ ᠪᠦᠯᠬᠦᠮ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠠᠭᠤᠢ ᠳᠤ ᠲᠠᠷᠢᠬᠤ ᠪᠠ ᠨᠢᠭᠡ ᠪᠦᠷᠬᠦᠭᠦᠯ ᠭᠤᠷᠪᠠᠨ ᠮᠥᠷ ᠬᠤᠶᠠᠷ ᠵᠦᠢᠯ ᠤᠨ ᠰᠢᠨ᠎ᠡ ᠬᠡᠯᠪᠡᠷᠢ ᠶᠢᠨ ᠲᠠᠷᠢᠬᠤ ᠮᠠᠰᠢᠨ ᠢ ᠠᠮᠵᠢᠯᠲᠠ ᠲᠠᠢ ᠰᠤᠳᠤᠯᠤᠨ ᠪᠦᠲᠦᠭᠡᠪᠡ᠃ ᠣᠶᠢᠷ᠎ᠠ ᠳᠤ᠂ ᠭᠦᠶᠡᠩ ᠰᠢᠶᠠᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠠᠵᠢᠯᠲᠠᠨ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠥᠮᠦᠰ ᠲᠠᠢ ᠬᠠᠮᠲᠤ ᠳ᠋ᠠ ᠪᠦᠸᠧ ᠶᠢᠨ ᠲᠢᠶᠠᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠡᠨᠡ ᠬᠤᠶᠠᠷ ᠰᠢᠨ᠎ᠡ ᠬᠡᠯᠪᠡᠷᠢ ᠶᠢᠨ ᠲᠠᠷᠢᠬᠤ ᠮᠠᠰᠢᠨ ᠢ ᠲᠤᠬᠠᠢ ᠶᠢᠨ ᠭᠠᠵᠠᠷ ᠲᠤᠨᠢ ᠲᠤᠷᠰᠢᠨ ᠲᠣᠬᠢᠷᠠᠭᠤᠯᠵᠤ ᠪᠠᠶᠢᠨ᠎ᠠ᠃ ᠲᠤᠬᠠᠢ ᠶᠢᠨ ᠲᠠᠯᠠᠪᠠᠢ ᠳᠤ᠂ ᠮᠡᠷᠭᠡᠵᠢᠯᠲᠡᠳ ᠤᠷᠢᠳᠴᠢᠯᠠᠨ ᠲᠣᠭᠲᠠᠭᠠᠭᠰᠠᠨ ᠲᠥᠰᠦᠯ ᠢ ᠴᠢᠩᠭ᠎ᠠ ᠵᠢᠷᠤᠮᠯᠠᠨ᠂ ᠲᠠᠷᠢᠬᠤ ᠮᠠᠰᠢᠨ ᠤ ᠠᠳᠠᠯᠢ ᠪᠤᠰᠤ ᠭᠠᠵᠠᠷ ᠤᠨ ᠪᠠᠶᠢᠴᠠ᠂ ᠬᠥᠷᠥᠰᠥ ᠰᠢᠷᠣᠢ ᠶᠢᠨ ᠨᠥᠬᠦᠴᠡᠯ ᠳᠣᠣᠷᠠᠬᠢ ᠦᠷ᠎ᠡ ᠪᠦᠲᠦᠮᠵᠢ ᠳᠤ ᠴᠢᠭᠯᠡᠭᠦᠯᠦᠨ ᠲᠣᠬᠢᠷᠠᠭᠤᠯᠤᠨ ᠲᠤᠷᠰᠢᠬᠤ ᠠᠵᠢᠯ ᠢ ᠥᠷᠨᠢᠭᠦᠯᠪᠡ᠃    ᠡᠨᠡ ᠬᠤᠶᠠᠷ ᠵᠦᠢᠯ ᠤᠨ ᠰᠢᠨ᠎ᠡ ᠬᠡᠯᠪᠡᠷᠢ ᠶᠢᠨ ᠦᠷ᠎ᠡ ᠰᠠᠴᠤᠬᠤ ᠮᠠᠰᠢᠨ ᠨᠢ ᠵᠢᠷᠤᠭ ᠲᠥᠯᠥᠪᠯᠡᠭᠡ ᠶᠢᠨ ᠲᠠᠯ᠎ᠠ ᠪᠠᠷ ᠥᠪᠡᠷᠮᠢᠴᠡ ᠣᠨᠴᠠᠯᠢᠭ ᠲᠠᠢ ᠪᠠᠶᠢᠵᠤ᠂ ᠲᠠᠷᠢᠮᠠᠯ ᠤᠨ ᠤᠷᠭᠤᠴᠠ ᠳᠤ ᠮᠠᠰᠢ ᠣᠯᠠᠨ ᠠᠰᠢᠭ ᠲᠤᠰᠠ ᠠᠪᠴᠢᠷᠠᠪᠠ᠃ ᠲᠡᠳᠡᠭᠡᠷ ᠨᠢ ᠲᠠᠷᠢᠮᠠᠯ ᠤᠨ ᠭᠡᠷᠡᠯ ᠲᠤᠰᠤᠯᠲᠠ ᠪᠠ ᠰᠠᠯᠬᠢ ᠨᠡᠪᠲᠡᠷᠡᠬᠦ ᠨᠥᠬᠦᠴᠡᠯ ᠢ ᠪᠦᠲᠦᠮᠵᠢᠲᠡᠢ ᠰᠠᠶᠢᠵᠢᠷᠠᠭᠤᠯᠪᠠ᠃ ᠨᠢᠭᠡ ᠪᠦᠷᠬᠦᠪᠴᠢ ᠭᠤᠷᠪᠠᠨ ᠮᠥᠷ ᠢᠶᠠᠷ ᠲᠠᠷᠢᠬᠤ ᠮᠠᠰᠢᠨ ᠢᠶᠠᠷ ᠵᠢᠱᠢᠶ᠎ᠡ ᠪᠣᠯᠭᠠᠵᠤ᠂ ᠲᠡᠭᠦᠨ ᠤ ᠰᠢᠨ᠎ᠡ ᠶᠢ ᠡᠭᠦᠳᠬᠦ ᠵᠢᠷᠤᠭ ᠲᠥᠯᠥᠪᠯᠡᠭᠡ ᠨᠢ ᠣᠯᠠᠨ ᠲᠥᠷᠥᠯ ᠤᠨ ᠵᠢᠵᠢᠭ ᠮᠥᠬᠦᠯᠢᠭᠲᠦ ᠦᠷ᠎ᠡ ᠲᠠᠷᠢᠬᠤ ᠳᠤ ᠲᠣᠬᠢᠷᠠᠭᠰᠠᠨ ᠢᠶᠠᠷ ᠪᠠᠷᠠᠬᠤ ᠦᠭᠡᠢ ᠪᠠᠰᠠ ᠭᠠᠵᠠᠷ ᠰᠢᠷᠣᠢ ᠶᠢᠨ ᠠᠰᠢᠭᠯᠠᠯᠲᠠ ᠶᠢᠨ ᠨᠣᠷᠮ᠎ᠠ ᠶᠢ ᠶᠡᠭᠡ ᠪᠠᠷ ᠳᠡᠭᠡᠭᠰᠢᠯᠡᠭᠦᠯᠵᠡᠢ᠃ ᠲᠠᠷᠢᠮᠠᠯ ᠤᠨ ᠨᠢᠭᠲᠠᠴᠠ ᠶᠢ ᠵᠦᠢ ᠵᠣᠬᠢᠰᠲᠠᠢ ᠨᠡᠮᠡᠭᠳᠡᠭᠦᠯᠬᠦ ᠪᠠᠷ ᠳᠠᠮᠵᠢᠭᠤᠯᠤᠨ᠂ ᠭᠠᠵᠠᠷ ᠰᠢᠷᠣᠢ ᠶᠢᠨ ᠦᠢᠯᠡᠳᠪᠦᠷᠢᠯᠡᠯ ᠤᠨ ᠳᠠᠯᠳᠠ ᠬᠦᠴᠦᠨ ᠢ ᠭᠦᠢᠴᠡᠳ ᠠᠭᠤᠳᠠᠯᠠᠵᠠᠢ᠃ ᠡᠭᠦᠨ ᠤ ᠬᠠᠮᠲᠤ᠂ ᠲᠤᠰ ᠲᠠᠷᠢᠬᠤ ᠮᠠᠰᠢᠨ ᠨᠢ ᠬᠤᠣᠰ ᠨᠣᠣᠰᠣᠨ ᠬᠤᠭᠤᠯᠠᠢ ᠳᠡᠪᠢᠰᠬᠦ ᠠᠷᠭ᠎ᠠ ᠮᠠᠶ᠋ᠢᠭ ᠢ ᠬᠡᠷᠡᠭᠯᠡᠨ᠂ ᠤᠰᠤ ᠪᠣᠷᠳᠣᠭᠤᠷ ᠤᠨ ᠬᠠᠩᠭᠠᠯᠭ᠎ᠠ ᠶᠢ ᠨᠠᠷᠢᠯᠢᠭ ᠣᠨᠣᠴᠠᠲᠠᠢ ᠪᠠᠷ ᠬᠢᠵᠠᠭᠠᠷᠯᠠᠵᠤ᠂ ᠤᠰᠤ ᠪᠣᠷᠳᠣᠭᠤᠷ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠠᠷᠢᠮᠠᠯ ᠤᠨ ᠢᠳᠡᠷᠡᠭᠦᠨ ᠢᠶᠠᠷ ᠥᠰᠦᠨ ᠪᠤᠶᠢᠵᠢᠬᠤ ᠳᠤ ᠭᠦᠢᠴᠡᠳ ᠰᠢᠮ᠎ᠡ ᠲᠡᠵᠢᠭᠡᠯ ᠬᠠᠩᠭᠠᠵᠤ᠂ ᠡᠴᠦᠰ ᠲᠡᠭᠡᠨ ᠲᠠᠷᠢᠮᠠᠯ ᠤᠨ ᠤᠨᠠᠯᠲᠠ ᠶᠢ ᠢᠯᠡᠳᠲᠡ ᠨᠡᠮᠡᠭᠳᠡᠭᠦᠯᠬᠦ ᠶᠢ ᠪᠡᠶᠡᠯᠡᠭᠦᠯᠪᠡ᠃ ᠪᠣᠳᠠᠲᠠᠢ ᠬᠡᠷᠡᠭᠯᠡᠯᠲᠡ ᠶᠢᠨ ᠦᠷ᠎ᠡ ᠪᠦᠲᠦᠮᠵᠢ ᠠᠴᠠ ᠦᠵᠡᠪᠡᠯ᠂ ᠰᠢᠨ᠎ᠡ ᠬᠡᠯᠪᠡᠷᠢ ᠶᠢᠨ ᠲᠠᠷᠢᠬᠤ ᠮᠠᠰᠢᠨ ᠢ ᠬᠡᠷᠡᠭᠯᠡᠭᠰᠡᠨ ᠤ ᠳᠠᠷᠠᠭ᠎ᠠ᠂ ᠴᠢᠬᠢᠯᠡᠬᠦ ᠨᠣᠷᠮ᠎ᠠ ᠶᠡᠭᠡ ᠪᠠᠷ ᠳᠡᠭᠡᠭᠰᠢᠯᠡᠵᠦ᠂ ᠮᠦ ᠪᠦᠷᠢ ᠶᠢᠨ ᠴᠢᠬᠢ ᠶᠢ ᠬᠠᠮᠠᠭᠠᠯᠠᠬᠤ ᠲᠤᠭ᠎ᠠ ᠴᠤ ᠢᠯᠡᠳᠲᠡ ᠨᠡᠮᠡᠭᠳᠡᠵᠦ᠂ ᠲᠠᠷᠢᠶᠠᠴᠢᠳ ᠲᠤ ᠦᠨᠡᠨ ᠪᠣᠳᠠᠲᠠᠢ ᠠᠰᠢᠭ ᠬᠦᠷᠲᠡᠭᠡᠪᠡ᠃    ᠲᠤᠰ ᠤᠳᠠᠭᠠᠨ ᠤ ᠰᠢᠨ᠎ᠡ ᠬᠡᠯᠪᠡᠷᠢ ᠶᠢᠨ ᠲᠠᠷᠢᠬᠤ ᠮᠠᠰᠢᠨ ᠢ ᠰᠤᠳᠤᠯᠤᠨ ᠨᠡᠭᠡᠭᠡᠬᠦ ᠪᠠ ᠲᠤᠷᠰᠢᠯᠲᠠ ᠬᠢᠵᠦ ᠲᠣᠬᠢᠷᠠᠭᠤᠯᠤᠨ ᠲᠤᠷᠰᠢᠬᠤ ᠨᠢ ᠭᠦᠶᠡᠩ ᠰᠢᠶᠠᠨ ᠤ ᠠᠮᠤ ᠲᠣᠰᠣᠨ ᠤ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠢ ᠲᠦᠯᠬᠢᠨ ᠠᠬᠢᠭᠤᠯᠵᠤ᠂ ᠲᠠᠷᠢᠶᠠᠯᠠᠩ ᠤᠨ ᠮᠠᠰᠢᠨ ᠤ ᠮᠡᠷᠭᠡᠵᠢᠯ ᠤᠨ ᠳᠠᠪᠬᠤᠷᠭ᠎ᠠ ᠳᠤ ᠲᠠᠷᠢᠮᠠᠯ ᠤᠨ ᠡᠷᠦᠬᠡ ᠶᠢᠨ ᠭᠠᠷᠤᠯᠲᠠ ᠶᠢ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠬᠦ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠪᠣᠯᠤᠨ᠎ᠠ᠃ ᠬᠤᠶᠢᠰᠢᠳᠠ ᠭᠦᠶᠡᠩ ᠰᠢᠶᠠᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠦᠷᠭᠦᠯᠵᠢᠯᠡᠨ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ ᠲᠠᠢ ᠨᠢᠭᠲᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠭᠠᠵᠠᠷ ᠤᠨ ᠲᠠᠷᠢᠶᠠᠯᠠᠩ ᠤᠨ ᠬᠥᠭᠵᠢᠯᠲᠡ ᠳᠤ ᠵᠣᠬᠢᠴᠠᠬᠤ ᠰᠢᠨ᠎ᠡ ᠬᠡᠯᠪᠡᠷᠢ ᠶᠢᠨ ᠲᠠᠷᠢᠶᠠᠯᠠᠩ ᠤᠨ ᠮᠠᠰᠢᠨ ᠢ ᠥᠭᠡᠷᠡᠴᠢᠯᠡᠨ ᠰᠤᠳᠤᠯᠵᠤ ᠨᠡᠭᠡᠭᠡᠨ᠎ᠡ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号