ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠬᠤᠸᠠᠢ ᠱᠦᠸᠧ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/4/18
    4 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠬᠤᠸᠠᠢ ᠱᠦᠸᠧ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠵᠦ᠂ ᠤᠮᠠᠷᠠᠲᠤ ᠸᠧᠢ ᠶᠢᠨ ᠬᠤᠸᠠᠢ ᠱᠦᠸᠧ ᠬᠠᠭᠤᠴᠢᠨ ᠬᠤᠲᠠ ᠶᠢᠨ ᠮᠦᠽᠧᠢ᠂ ᠲᠦᠭ ᠲᠦᠮᠡᠨ ᠠᠶᠢᠯ ᠡᠷᠦᠬᠡ ᠮᠤ᠋ ᠭᠤᠸᠠᠩ ᠠᠵᠢᠯᠯᠠᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠱᠦᠸᠧ ᠳ᠋ᠡ ᠲᠠᠷᠢᠶᠠᠯᠠᠩ ᠤᠨ ᠮᠠᠰᠢᠨ ᠪᠠᠭᠠᠵᠢ ᠶᠢᠨ ᠺᠣᠮᠫᠠᠨᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠦᠭᠰᠡᠨ ᠪᠠᠶᠢᠳᠠᠯ᠂ ᠰᠢᠩ ᠱᠧᠩ ᠬᠦᠩ ᠬᠦᠷᠢᠶᠡᠨ ᠤ ᠠᠵᠤ ᠠᠬᠤᠢ᠂ ᠰᠢᠪᠠᠷ ᠱᠤᠭᠤᠮᠠᠯ ᠤᠨ ᠣᠷᠳᠣᠨ ᠪᠠ ᠶᠣᠰᠣ ᠰᠤᠷᠲᠠᠬᠤᠨ ᠤ ᠬᠤᠪᠢ ᠬᠤᠷᠠᠮᠳᠤᠭᠤᠯᠬᠤ ᠪᠠᠩᠬᠢ ᠶᠢᠨ ᠠᠵᠢᠯᠯᠠᠭᠠᠨ ᠤ ᠪᠠᠶᠢᠳᠠᠯ᠂ ᠶᠠᠳᠠᠭᠤ ᠠᠴᠠ ᠠᠩᠭᠢᠵᠢᠷᠠᠭᠤᠯᠬᠤ ᠬᠢᠨᠠᠨ ᠬᠡᠮᠵᠢᠯᠲᠡ ᠶᠢᠨ ᠡᠷᠦᠬᠡ ᠶᠢᠨ ᠠᠮᠢᠳᠤᠷᠠᠯ ᠪᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃    ᠶᠣᠣ ᠵᠢᠶᠦ᠋ᠨ ᠵᠢᠶᠧ ᠴᠢᠬᠤᠯᠠᠴᠢᠯᠠᠬᠤ ᠳᠠᠭᠠᠨ᠂ ᠨᠢᠭᠡ ᠳᠤ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠪᠠ ᠣᠯᠠᠨ ᠲᠦᠮᠡᠨ ᠤ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠵᠦ᠂ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢ ᠲᠡᠷᠡ ᠬᠡᠪ ᠢᠶᠠᠷ ᠨᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠢᠯᠠᠩᠭᠤᠶ᠎ᠠ ᠵᠠᠯᠠᠭᠤ ᠺᠠᠳ᠋ᠷᠴᠤᠳ ᠰᠤᠷᠤᠯᠴᠠᠵᠤ᠂ ᠰᠤᠷᠤᠯᠴᠠᠬᠤ ᠳᠤᠷᠠᠲᠠᠢ᠂ ᠴᠢᠳᠠᠮᠠᠭᠠᠢ ᠪᠠᠷ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠬᠤᠶᠠᠷ ᠲᠤ᠂ ᠴᠢᠩᠭ᠎ᠠ ᠠᠩᠬᠠᠷᠴᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠪᠠᠷᠢᠮᠲᠠᠯᠠᠵᠤ᠂ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠪᠠᠷ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠵᠤ᠂ ᠳᠡᠭᠡᠳᠦ ᠱᠠᠲᠤᠨ ᠤ ᠣᠢ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠱᠠᠭᠠᠷᠳᠠᠯᠭ᠎ᠠ ᠶᠣᠰᠣᠭᠠᠷ ᠠᠵᠢᠯ ᠢᠶᠠᠨ ᠥᠷᠨᠢᠭᠦᠯᠬᠦ ᠬᠡᠷᠡᠭᠲᠡᠢ᠃ ᠭᠤᠷᠪᠠ ᠳᠤ᠂ ᠡᠷᠴᠢᠮᠵᠢᠭᠦᠯᠦᠨ ᠭᠠᠮᠨᠠᠨ ᠠᠷᠪᠢᠯᠠᠬᠤ᠂ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠢ ᠪᠠᠶᠢᠬᠤ ᠶᠢ ᠪᠠᠷᠢᠮᠲᠠᠯᠠᠵᠤ᠂ ᠬᠠᠭᠤᠴᠢᠨ ᠬᠤᠲᠠ ᠶᠢᠨ ᠮᠦᠽᠧᠢ ᠶᠢᠨ ᠦᠵᠡᠭᠦᠯᠦᠯᠭᠡ ᠶᠢᠨ ᠲᠢᠩᠬᠢᠮ ᠤᠨ ᠳᠡᠯᠭᠡᠨ ᠦᠵᠡᠭᠦᠯᠬᠦ ᠪᠣᠳᠠᠰ ᠤᠨ ᠳᠡᠯᠭᠡᠨ ᠦᠵᠡᠭᠦᠯᠭᠡ ᠶᠢ ᠨᠠᠷᠢᠨ ᠨᠢᠮᠪᠠᠢ ᠰᠠᠶᠢᠲᠤᠷ ᠬᠢᠵᠦ᠂ ᠱᠠᠯᠠᠪᠳᠠᠨ ᠬᠢᠬᠦ ᠬᠡᠷᠡᠭᠲᠡᠢ᠃ ᠳᠥᠷᠪᠡ ᠳᠤ᠂ ᠳᠤᠲᠠᠭᠳᠠᠬᠤ ᠠᠴᠠ ᠪᠢᠰᠢ ᠬᠠᠮᠢᠶ᠎ᠠ ᠦᠭᠡᠢ᠂ ᠰᠢᠯᠢᠳᠡᠭ ᠢ ᠨᠢ ᠰᠣᠩᠭᠤᠵᠤ ᠬᠦᠴᠦᠷᠬᠡᠭ ᠢ ᠨᠢ ᠲᠤᠬᠢᠷᠠᠭᠤᠯᠬᠤ ᠶᠢ ᠪᠠᠷᠢᠮᠲᠠᠯᠠᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠲᠠᠪᠤ ᠳᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠦᠷ᠎ᠡ ᠠᠰᠢᠭ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠬᠦ ᠵᠠᠷᠴᠢᠮ ᠢᠶᠠᠷ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠶᠢᠨ ᠬᠠᠮᠲᠤ ᠰᠢᠶᠠᠨ ᠤ ᠬᠡᠪᠴᠢᠶᠡᠨ ᠤ ᠬᠥᠲᠥᠴᠢ ᠠᠵᠤ ᠠᠬᠤᠶᠢᠯᠠᠯ ᠤᠨ ᠲᠣᠭᠤᠷᠢᠨ ᠳᠤ ᠬᠠᠮᠵᠢᠯᠴᠠᠨ ᠢᠵᠢ ᠪᠦᠷᠢᠳᠦᠭᠦᠯᠬᠦ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠠᠰᠢᠭ ᠲᠤᠰᠠ ᠶᠢ ᠦᠨᠡᠨ ᠬᠦ ᠬᠠᠮᠠᠭᠠᠯᠠᠬᠤ ᠬᠡᠷᠡᠭᠲᠡᠢ᠃ ᠵᠢᠷᠭᠤᠭ᠎ᠠ ᠳᠤ᠂ ᠬᠠᠤᠯᠢ ᠲᠣᠭᠲᠠᠭᠠᠯ ᠶᠣᠰᠣᠭᠠᠷ᠂ ᠡᠷᠬᠡ ᠲᠡᠭᠰᠢ ᠲᠥᠪ ᠭᠤᠣᠯᠴᠢ ᠪᠠᠶᠢᠬᠤ ᠶᠢ ᠪᠠᠷᠢᠮᠲᠠᠯᠠᠵᠤ᠂ ᠵᠥᠷᠢᠴᠡᠯ ᠲᠤᠯᠭᠠᠷᠠᠪᠠᠯ ᠰᠠᠨᠠᠭᠠᠴᠢᠯᠠᠭ᠎ᠠ ᠠᠴᠠ ᠪᠠᠨ ᠭᠠᠷᠳᠠᠵᠤ᠂ ᠲᠤᠭ ᠲᠡᠮᠳᠡᠭ ᠲᠣᠳᠣᠷᠬᠠᠢ ᠪᠠᠷ ᠣᠪᠣᠷ ᠢᠶᠠᠨ ᠲᠣᠳᠣᠷᠬᠠᠶᠢᠯᠠᠵᠤ᠂ ᠨᠠᠷᠢᠨ ᠬᠢᠨᠠᠮᠠᠭᠠᠢ ᠬᠠᠷᠢᠭᠤᠴᠠᠬᠤ ᠬᠡᠷᠡᠭᠲᠡᠢ᠃ ᠳᠣᠯᠤᠭ᠎ᠠ ᠳᠤ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠬᠦ᠂ ᠤᠷᠢᠳᠠᠪᠠᠷ ᠦᠢᠯᠡᠴᠢᠯᠡᠬᠦ ᠶᠢ ᠪᠠᠷᠢᠮᠲᠠᠯᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠲᠠᠷᠢᠭᠤᠯᠵᠤ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠨᠠᠢᠮᠠ ᠳᠤ᠂ ᠲᠠᠷᠢᠵᠤ ᠲᠡᠵᠢᠭᠡᠨ ᠦᠷᠡᠵᠢᠭᠦᠯᠬᠦ ᠴᠢᠳᠠᠪᠤᠷᠢ ᠬᠢᠭᠡᠳ ᠭᠠᠷᠤᠯᠲᠠ ᠶᠢᠨ ᠦᠷ᠎ᠡ ᠠᠰᠢᠭ ᠢ ᠬᠠᠷᠢᠯᠴᠠᠨ ᠨᠢᠭᠡᠳᠬᠡᠬᠦ ᠵᠠᠷᠴᠢᠮ ᠢ ᠪᠠᠷᠢᠮᠲᠠᠯᠠᠵᠤ᠂ ᠶᠠᠰᠤ ᠴᠢᠨᠠᠷ ᠢ ᠴᠢᠬᠤᠯᠠᠴᠢᠯᠠᠭᠰᠠᠨ ᠰᠠᠭᠤᠷᠢᠨ ᠳᠡᠭᠡᠷ᠎ᠡ ᠪᠠᠯᠭᠠᠰᠤᠨ ᠤ ᠣᠨᠴᠠᠯᠢᠭᠲᠤ ᠠᠵᠤ ᠦᠢᠯᠡᠰ ᠢ ᠰᠠᠶᠢᠲᠤᠷ ᠬᠥᠭᠵᠢᠭᠦᠯᠬᠦ ᠶᠢᠨ ᠬᠠᠮᠲᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠬᠠᠪᠰᠤᠷᠤᠨ ᠲᠡᠳᠬᠦᠬᠦ ᠨᠢᠭᠡᠴᠡ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠠᠪᠰᠤᠷᠤᠨ ᠪᠣᠷᠣᠯᠠᠭᠤᠯᠵᠤ᠂ ᠲᠠᠷᠢᠶᠠᠴᠢᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠶᠢᠰᠦ ᠳᠤ᠂ ᠦᠨᠡᠨ ᠠᠴᠠ ᠵᠥᠪ ᠢ ᠡᠷᠢᠬᠦ ᠪᠣᠯ ᠬᠠᠮᠤᠭ ᠤᠨ ᠰᠠᠶᠢᠨ ᠰᠤᠷᠭᠠᠨ ᠬᠥᠮᠦᠵᠢᠯ ᠤᠨ ᠠᠷᠭ᠎ᠠ ᠬᠡᠯᠪᠡᠷᠢ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠵᠢᠯ ᠢᠶᠠᠨ ᠰᠠᠶᠢᠲᠤᠷ ᠬᠢᠵᠦ᠂ ᠪᠣᠳᠠᠲᠠᠢ ᠠᠳᠬᠤᠨ ᠬᠢᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠢ᠃ ᠠᠷᠪᠠ ᠳᠤ᠂ ᠪᠠᠯᠭᠠᠰᠤᠨ ᠤ ᠠᠵᠤ ᠠᠬᠤᠢ ᠶᠢ ᠬᠥᠭᠵᠢᠭᠦᠯᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ᠂ ᠭᠠᠵᠠᠷ ᠣᠷᠣᠨ ᠤ ᠠᠮᠤᠷ ᠲᠦᠪᠰᠢᠨ ᠢ ᠰᠠᠬᠢᠨ ᠬᠠᠮᠠᠭᠠᠯᠠᠬᠤ ᠪᠠᠷ ᠡᠭᠦᠷᠭᠡ ᠪᠠᠨ ᠪᠣᠯᠭᠠᠬᠤ ᠶᠢ ᠪᠠᠷᠢᠮᠲᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠮᠤᠷ ᠲᠦᠪᠰᠢᠨ ᠲᠣᠭᠲᠠᠭᠤᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠢ᠃    ᠰᠢᠶᠠᠨ ᠤ ᠤᠳᠤᠷᠢᠳᠤᠯᠭ᠎ᠠ ᠭᠦᠸᠧ ᠵᠢᠶᠠᠨ ᠭᠤᠸᠠᠩ᠂ ᠯᠢ ᠷᠦᠢ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠬᠠᠮᠢᠶ᠎ᠠ ᠪᠦᠬᠦᠢ ᠬᠥᠮᠦᠰ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号