ᠪᠥᠬᠦ ᠰᠢᠶᠠᠨ ᠤ ᠨᠠᠮ ᠵᠠᠰᠠᠭ ᠤᠨ ᠪᠠᠶᠢᠭᠤᠯᠭ᠎ᠠ ᠨᠢᠭᠡᠴᠢ ᠶᠢᠨ ᠬᠥᠮᠦᠰ᠄ | ᠤᠯᠤᠰ ᠤᠨ ᠠᠮᠤᠷ ᠲᠦᠪᠰᠢᠨ ᠪᠣᠯ ᠲᠠᠶᠢᠱᠠᠨ ᠠᠭᠤᠯᠠ ᠰᠢᠭ᠋ ᠬᠦᠨᠳᠦ ᠶᠤᠮ᠃ ᠡᠨᠡ ᠵᠢᠯ ᠪᠣᠯ ᠪᠦᠬᠦ ᠠᠷᠠᠳ ᠤᠨ | ᠤᠯᠤᠰ ᠤᠨ ᠠᠮᠤᠷ ᠲᠦᠪᠰᠢᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠭᠰᠠᠨ 10 ᠵᠢᠯ ᠤᠨ ᠣᠢ ᠮᠥᠨ᠂ | ᠪᠠᠰᠠ ᠴᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ | ᠨᠢᠭᠤᠴᠠ ᠶᠢ ᠬᠠᠮᠠᠭᠠᠯᠠᠬᠤ ᠬᠠᠤᠯᠢ︾ ᠶᠢ ᠨᠡᠶᠢᠲᠡᠯᠡᠨ ᠬᠡᠷᠡᠭᠵᠢᠭᠦᠯᠦᠭᠰᠡᠨ 1 ᠵᠢᠯ ᠤᠨ ᠣᠢ ᠮᠥᠨ᠃ ᠤᠯᠤᠰ ᠤᠨ ᠶᠡᠷᠦᠩᠬᠡᠢ | ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠪᠠᠶᠢᠭᠤᠯᠭ᠎ᠠ | ᠨᠢᠭᠡᠴᠡ ᠶᠢᠨ ᠠᠵᠢᠯᠲᠠᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠰᠠᠨᠠᠭᠠᠴᠢᠯᠠᠭᠠᠲᠤ ᠴᠢᠨᠠᠷ᠂ ᠤᠬᠠᠮᠰᠠᠷᠲᠤ ᠴᠢᠨᠠᠷ ᠢ | ᠦᠨᠡᠨ ᠬᠦ ᠴᠢᠩᠭᠠᠳᠬᠠᠵᠤ᠂ ᠨᠠᠮ ᠪᠠ ᠤᠯᠤᠰ ᠤᠨ ᠨᠢᠭᠤᠴᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ | ᠲᠥᠯᠥᠭᠡ᠂ ᠪᠢᠳᠡ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄ | ᠨᠢᠭᠡ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ | ᠤᠯᠤᠰ ᠤᠨ ᠠᠮᠤᠷ ᠲᠦᠪᠰᠢᠨ ᠪᠣᠯ ᠤᠯᠤᠰ ᠢ ᠠᠮᠤᠷᠵᠢᠭᠤᠯᠤᠨ ᠤᠯᠤᠰ ᠢ ᠲᠦᠪᠰᠢᠳᠬᠡᠬᠦ ᠶᠢᠨ ᠴᠢᠬᠤᠯᠠ ᠰᠠᠭᠤᠷᠢ | ᠮᠥᠨ᠃ ᠶᠡᠷᠦᠩᠬᠡᠢ ᠱᠦᠵᠢ ᠰᠢ ᠶᠢᠨ ᠫᠢᠩ᠄ ︽ᠠᠮᠤᠷ ᠲᠦᠪᠰᠢᠨ ᠪᠠ ᠲᠣᠭᠲᠠᠭᠤᠨ ᠪᠠᠶᠢᠳᠠᠯ ᠪᠠᠶᠢᠬᠤ ᠦᠭᠡᠢ ᠪᠣᠯ ᠠᠯᠢᠪᠠ | ᠪᠦᠬᠦᠨ ᠴᠥᠮ ᠶᠠᠷᠢᠬᠤ ᠠᠷᠭ᠎ᠠ ᠦᠭᠡᠢ ᠶᠤᠮ︾ ᠭᠡᠵᠦ ᠴᠢᠬᠤᠯᠠᠴᠢᠯᠠᠪᠠ᠃ ᠤᠯᠤᠰ ᠤᠨ ᠠᠮᠤᠷ ᠲᠦᠪᠰᠢᠨ ᠪᠠ ᠠᠰᠢᠭ | ᠲᠤᠰᠠ ᠶᠢ ᠬᠠᠮᠠᠭᠠᠯᠠᠬᠤ ᠳᠤ ᠡᠷᠬᠡᠪᠰᠢ ᠶᠠᠭᠤᠨ ᠤ ᠡᠮᠦᠨ᠎ᠡ ᠤᠯᠤᠰ ᠤᠨ ᠨᠢᠭᠤᠴᠠ ᠶᠢ ᠰᠠᠶᠢᠲᠤᠷ ᠬᠠᠮᠠᠭᠠᠯᠠᠬᠤ ᠬᠡᠷᠡᠭᠲᠡᠢ᠃ | ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ︽ᠨᠢᠭᠤᠴᠠ ᠶᠢ ᠬᠠᠮᠠᠭᠠᠯᠠᠬᠤ ᠪᠣᠯ ᠠᠮᠤᠷ | ᠲᠦᠪᠰᠢᠨ ᠢ ᠪᠠᠲᠤᠯᠠᠬᠤ᠂ ᠬᠥᠭᠵᠢᠯᠲᠡ ᠶᠢ ᠪᠠᠲᠤᠯᠠᠬᠤ︾ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠤᠯᠤᠰ ᠣᠷᠣᠨ ᠤ | ᠥᠨᠢ ᠤᠳᠠᠭᠠᠨ ᠠᠮᠤᠷ ᠲᠦᠪᠰᠢᠨ ᠢ ᠪᠠᠲᠤᠯᠠᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ᠂ ᠠᠷᠠᠳ ᠲᠦᠮᠡᠨ ᠤ | ᠠᠮᠤᠷ ᠲᠠᠶᠢᠪᠤᠩ ᠠᠵᠤ ᠲᠦᠷᠦᠭᠦ ᠶᠢ ᠬᠠᠮᠠᠭᠠᠯᠠᠬᠤ ᠠᠵᠢᠯ ᠤᠨ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠪᠣᠯᠭᠠᠬᠤ | ᠬᠡᠷᠡᠭᠲᠡᠢ᠃ | ᠬᠤᠶᠠᠷ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠰᠠᠶᠢᠲᠤᠷ ᠰᠤᠷᠤᠯᠴᠠᠵᠤ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠴᠢᠳᠠᠪᠤᠷᠢ ᠪᠠᠨ ᠴᠢᠩᠭᠠᠷᠠᠭᠤᠯᠬᠤ ᠬᠡᠷᠡᠭᠲᠡᠢ | ᠪᠥᠬᠦ ᠰᠢᠶᠠᠨ ᠤ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠵᠡᠷᠭᠡ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠶᠢᠨ | ᠮᠡᠳᠡᠯᠭᠡ ᠶᠢ ᠨᠠᠷᠢᠨ ᠬᠢᠨᠠᠮᠠᠭᠠᠢ ᠰᠤᠷᠤᠯᠴᠠᠵᠤ᠂ ︽ᠨᠢᠭᠤᠴᠠ ᠶᠢ ᠬᠠᠮᠠᠭᠠᠯᠠᠬᠤ ᠦᠵᠡᠯᠲᠡ︾᠂ ︽ᠪᠤᠭᠤᠲᠤ ᠶᠢᠨ | ᠨᠢᠭᠤᠴᠠ ᠶᠢ ᠬᠠᠮᠠᠭᠠᠯᠠᠬᠤ︾ ᠵᠡᠷᠭᠡ ᠸᠢᠴᠠᠲ ᠤᠨ ᠨᠡᠶᠢᠲᠡ ᠶᠢᠨ ᠳ᠋ᠤᠭᠠᠷ ᠢ ᠠᠩᠬᠠᠷᠬᠤ ᠪᠠᠷ ᠳᠠᠮᠵᠢᠭᠤᠯᠤᠨ᠂ ᠬᠠᠮᠤᠭ ᠤᠨ | ᠰᠢᠨ᠎ᠡ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ᠂ ᠨᠡᠶᠢᠲᠡᠯᠢᠭ ᠬᠡᠷᠡᠭ ᠤᠨ ᠵᠢᠱᠢᠶ᠎ᠡ ᠶᠢ ᠰᠤᠷᠤᠯᠴᠠᠵᠤ᠂ ᠨᠢᠭᠤᠴᠠ ᠶᠢ | ᠬᠠᠮᠠᠭᠠᠯᠠᠬᠤ ︽ᠬᠤᠶᠠᠷ ᠮᠡᠳᠡᠯᠭᠡ︾ ᠶᠢᠨ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠲᠤᠰ ᠪᠡᠶ᠎ᠡ ᠶᠢᠨ ᠠᠵᠢᠯ ᠤᠨ | ᠪᠠᠶᠢᠷᠢ ᠶᠢᠨ ᠨᠢᠭᠤᠴᠠ ᠶᠢ ᠬᠠᠮᠠᠭᠠᠯᠠᠬᠤ ᠱᠠᠭᠠᠷᠳᠠᠯᠭ᠎ᠠ ᠪᠠ ᠵᠢᠷᠤᠮᠵᠢᠭᠤᠯᠬᠤ ᠶᠠᠪᠤᠴᠠ ᠶᠢ ᠰᠠᠶᠢᠨ ᠣᠶᠢᠯᠠᠭᠠᠵᠤ᠂ ᠤᠯᠤᠰ ᠤᠨ | ᠠᠮᠤᠷ ᠲᠦᠪᠰᠢᠨ ᠪᠠ ᠠᠰᠢᠭ ᠲᠤᠰᠠ ᠶᠢ ᠬᠠᠮᠠᠭᠠᠯᠠᠬᠤ ᠬᠠᠷᠢᠭᠤᠴᠠᠯᠭ᠎ᠠ ᠪᠠ ᠡᠭᠦᠷᠭᠡ ᠶᠢ ᠢᠳᠡᠪᠬᠢᠲᠡᠢ ᠭᠦᠢᠴᠡᠳᠬᠡᠵᠦ᠂ ᠨᠠᠮ | ᠪᠠ ᠤᠯᠤᠰ ᠤᠨ ᠨᠢᠭᠤᠴᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠬᠢᠵᠢᠭᠦᠯᠬᠦ ᠬᠡᠷᠡᠭᠲᠡᠢ᠃ | ᠭᠤᠷᠪᠠ᠂ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠢᠭᠤᠴᠠ ᠶᠢ ᠬᠠᠮᠠᠭᠠᠯᠠᠬᠤ ᠬᠥᠪᠴᠢ ᠪᠠᠨ | ᠴᠢᠩᠭᠠᠯᠠᠬᠤ ᠬᠡᠷᠡᠭᠲᠡᠢ | ᠬᠠᠤᠯᠢ ᠰᠠᠬᠢᠯᠭ᠎ᠠ ᠶᠢᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠵᠤ᠂ ᠳᠤᠷ᠎ᠠ ᠪᠠᠷ ᠢᠶᠠᠨ ᠨᠢᠭᠤᠴᠠᠯᠠᠬᠤ ᠪᠢᠴᠢᠭ | ᠮᠠᠲ᠋ᠧᠷᠢᠶᠠᠯ᠂ ᠮᠠᠲ᠋ᠧᠷᠢᠶᠠᠯ ᠢ ᠪᠠᠭᠤᠯᠭᠠᠬᠤ᠂ ᠭᠠᠳᠠᠭᠰᠢ ᠳᠠᠮᠵᠢᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠦᠭᠡ ᠶᠠᠷᠢᠶ᠎ᠠ | ᠦᠢᠯᠡ ᠠᠵᠢᠯᠯᠠᠭ᠎ᠠ ᠪᠠᠨ ᠴᠠᠭ ᠢᠮᠠᠭᠲᠠ ᠪᠠᠶᠢᠴᠠᠭᠠᠨ ᠦᠵᠡᠵᠦ᠂ ᠨᠡᠶᠢᠭᠡᠮ ᠤᠨ ᠬᠠᠷᠢᠯᠴᠠᠭᠠᠨ ᠤ ᠦᠶ᠎ᠡ ᠳᠤ ᠨᠢᠭᠤᠴᠠ ᠳᠤ | ᠬᠤᠯᠪᠣᠭᠳᠠᠬᠤ ᠰᠡᠷᠭᠡᠭ ᠮᠡᠳᠡᠭᠡ ᠵᠠᠩᠭᠢ ᠶᠢᠨ ᠲᠤᠬᠠᠢ ᠶᠠᠷᠢᠯᠴᠠᠬᠤ ᠦᠭᠡᠢ ᠪᠠᠶᠢᠵᠤ᠂ ᠨᠢᠭᠤᠴᠠ ᠶᠢ ᠬᠠᠮᠠᠭᠠᠯᠠᠬᠤ ᠴᠢᠬᠤᠯᠠ | ᠭᠠᠵᠠᠷ᠂ ᠴᠡᠷᠢᠭ ᠤᠨ ᠶᠠᠪᠤᠳᠠᠯ ᠤᠨ ᠲᠥᠬᠦᠭᠡᠷᠦᠮᠵᠢ ᠶᠢᠨ ︽ᠺᠠᠷᠲ ᠢᠶᠠᠷ ᠰᠡᠭᠦᠳᠡᠷᠯᠡᠬᠦ︾ ᠦᠭᠡᠢ ᠪᠠᠶᠢᠬᠤ ᠬᠡᠷᠡᠭᠲᠡᠢ᠃ ︽ | ᠨᠢᠭᠤᠴᠠ ᠳᠤ ᠬᠤᠯᠪᠣᠭᠳᠠᠪᠠᠯ ᠂ ᠰᠦᠯᠵᠢᠶᠡᠨ ᠳᠤ ᠭᠠᠷᠭᠠᠬᠤ ᠦᠭᠡᠢ︾ ᠪᠠᠶᠢᠬᠤ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ | ᠢᠨᠲ᠋ᠧᠷ ᠰᠦᠯᠵᠢᠶᠡᠨ ᠤ ᠺᠣᠮᠫᠢᠦ᠋ᠲ᠋ᠧᠷ ᠢ ᠬᠠᠳᠠᠭᠠᠯᠠᠬᠤ ᠦᠭᠡᠢ᠂ ᠤᠯᠤᠰ ᠤᠨ ᠨᠢᠭᠤᠴᠠ ᠶᠢ ᠰᠢᠢᠳᠪᠦᠷᠢᠯᠡᠬᠦ ᠦᠭᠡᠢ᠂ | ᠸᠢᠴᠠᠲ᠂ ᠴᠤᠤᠷᠢᠶ᠎ᠠ ᠵᠡᠷᠭᠡ ᠨᠡᠶᠢᠭᠡᠮ ᠤᠨ ᠬᠠᠷᠢᠯᠴᠠᠭᠠᠨ ᠤ ᠵᠥᠭᠡᠯᠡᠨ ᠲᠣᠨᠤᠭ ᠢᠶᠠᠷ ᠳᠠᠮᠵᠢᠭᠤᠯᠤᠨ ᠨᠢᠭᠤᠴᠠ ᠳᠤ | ᠬᠤᠯᠪᠣᠭᠳᠠᠬᠤ ᠰᠡᠷᠭᠡᠭ ᠮᠡᠳᠡᠭᠡ ᠵᠠᠩᠭᠢ ᠳᠠᠮᠵᠢᠭᠤᠯᠬᠤ ᠦᠭᠡᠢ᠂ ᠵᠢᠷᠤᠭ ᠦᠰᠦᠭ ᠢᠯᠭᠠᠨ ᠲᠠᠨᠢᠬᠤ ᠵᠥᠭᠡᠯᠡᠨ ᠲᠣᠨᠤᠭ ᠢ | ᠬᠡᠷᠡᠭᠯᠡᠬᠦ ᠦᠭᠡᠢ᠂ ᠬᠦᠷᠦᠯᠴᠡᠭᠰᠡᠨ ᠨᠢᠭᠤᠴᠠ ᠳᠤ ᠬᠤᠯᠪᠣᠭᠳᠠᠬᠤ᠂ ᠳᠣᠲᠣᠭᠠᠳᠤ ᠶᠢᠨ ᠪᠢᠴᠢᠭ ᠮᠠᠲ᠋ᠧᠷᠢᠶᠠᠯ ᠢ ᠰᠢᠢᠳᠪᠦᠷᠢᠯᠡᠬᠦ | ᠦᠭᠡᠢ᠂ ᠵᠣᠬᠢᠶᠠᠮᠠᠯ ᠣᠶᠤᠨᠴᠢ ᠶᠡᠭᠡ ᠵᠠᠭᠪᠤᠷ ᠠᠴᠠ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠣᠷᠣᠭᠤᠯᠬᠤ ᠦᠭᠡᠢ᠂ | ᠠᠵᠢᠯ ᠤᠨ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠳᠤ ᠳᠤᠷ᠎ᠠ ᠪᠠᠷ ᠢᠶᠠᠨ ᠨᠡᠶᠢᠲᠡᠯᠡᠬᠦ ᠦᠭᠡᠢ᠂ ᠨᠢᠭᠤᠴᠠ ᠶᠢ | ᠬᠠᠮᠠᠭᠠᠯᠠᠬᠤ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠡᠭᠦᠰᠬᠦ ᠶᠢ ᠡᠷᠡᠰ ᠰᠡᠷᠭᠡᠶᠢᠯᠡᠵᠦ᠂ ᠨᠢᠭᠤᠴᠠ ᠶᠢ ᠵᠠᠳᠠᠷᠠᠭᠤᠯᠬᠤ | ᠠᠶᠤᠯ ᠲᠦᠭᠰᠢᠭᠦᠷᠢ ᠶᠢᠨ ᠳᠠᠯᠳᠠ ᠭᠡᠮ ᠢ ᠦᠨᠡᠨ ᠬᠦ ᠠᠷᠢᠯᠭᠠᠬᠤ ᠬᠡᠷᠡᠭᠲᠡᠢ᠃ | ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠪᠠᠯ᠂ ᠠᠷᠠᠳ ᠢᠷᠭᠡᠨ ᠬᠥᠮᠦᠨ | ᠪᠦᠬᠦᠨ ᠬᠠᠷᠢᠭᠤᠴᠠᠯᠭ᠎ᠠ ᠲᠠᠢ᠃ ᠪᠢᠳᠡ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠴᠢᠩᠭ᠎ᠠ ᠨᠢᠭᠲᠠ | ᠰᠡᠷᠭᠡᠶᠢᠯᠡᠬᠦ ᠠᠷᠭ᠎ᠠ ᠬᠡᠮᠵᠢᠶ᠎ᠡ᠂ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠨᠢᠭᠤᠴᠠ ᠶᠢ ᠬᠠᠮᠠᠭᠠᠯᠠᠬᠤ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠦᠶᠡᠩ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠬᠠᠮᠠᠭᠠᠯᠠᠶ᠎ᠠ︕ | ᠭᠦᠶᠡᠩ ᠰᠢᠶᠠᠨ ᠤ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ | 2025 ᠣᠨ ᠤ 4 ᠰᠠᠷ᠎ᠠ ᠶᠢᠨ 17 ᠤ ᠡᠳᠦᠷ | |