ᠲᠥᠷᠥ ᠶᠢᠨ ᠪᠣᠳᠣᠯᠭ᠎ᠠ ᠶᠢ ︽ᠪᠣᠳᠠᠲᠠᠶᠢᠵᠢᠭᠤᠯᠤᠭᠴᠢ︾ ᠰᠦ᠋ ᠮᠢᠩ ᠮᠢᠩ᠄ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠬᠥᠳᠡᠭᠡ ᠲᠣᠰᠬᠤᠨ ᠳᠤ ᠡᠨᠧᠷᠭᠢ ᠣᠯᠭᠤᠭᠰᠠᠨ ᠲᠡᠮᠳᠡᠭᠯᠡᠯ
ᠨᠡᠶᠢᠲᠡᠯᠡᠭᠰᠡᠨ ᠴᠠᠭ᠄
2025/4/2
    ᠭᠦᠶᠡᠩ ᠰᠢᠶᠠᠨ ᠤ ᠬᠤᠸᠠᠢ ᠱᠦᠸᠧ ᠪᠠᠯᠭᠠᠰᠤᠨ ᠤ ᠬᠤᠤ ᠺᠧᠦ ᠲᠣᠰᠬᠤᠨ ᠳᠤ ᠰᠠᠭᠤᠭ᠎ᠠ ᠡᠶᠢᠮᠦ ᠨᠢᠭᠡᠨ ᠨᠢᠭᠡᠳᠦᠭᠡᠷ ᠱᠦᠵᠢ ᠪᠤᠢ᠂ ᠲᠡᠷᠡ ᠦᠨᠳᠦᠰᠦᠨ ᠱᠠᠲᠤᠨ ᠳᠤ ᠦᠨᠳᠦᠰᠦᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠲᠣᠰᠬᠤᠨ ᠤ ᠠᠷᠠᠳ ᠲᠤ ᠦᠨᠡᠨ ᠪᠣᠳᠠᠲᠠᠢ ᠪᠤᠶᠠᠨ ᠵᠢᠷᠭᠠᠯ ᠠᠪᠴᠢᠷᠠᠭᠰᠠᠨ ᠪᠠᠶᠢᠨ᠎ᠠ᠃ ᠲᠡᠷᠡ ᠪᠣᠯ ᠳᠠᠷᠤᠢ ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠᠵᠢᠭᠤᠯᠬᠤ ᠴᠢᠳᠠᠪᠤᠷᠢ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠰᠦ᠋ ᠮᠢᠩ ᠮᠢᠩ᠂ ᠲᠥᠷᠥ ᠶᠢᠨ ᠪᠣᠳᠣᠯᠭ᠎ᠠ ᠶᠢ ᠣᠯᠠᠨ ᠵᠢᠯ ᠬᠡᠷᠡᠭᠵᠢᠭᠦᠯᠦᠭᠴᠢ᠂ ᠲᠣᠰᠬᠤᠨ ᠳᠤ ᠰᠠᠭᠤᠭᠰᠠᠨ ᠤ ᠳᠠᠷᠠᠭ᠎ᠠ ᠪᠠᠰᠠ ᠨᠢᠭᠡ ᠰᠡᠳᠬᠢᠯ ᠢᠶᠠᠷ ᠲᠥᠷᠥ ᠶᠢᠨ ᠪᠣᠳᠣᠯᠭ᠎ᠠ ᠪᠠᠷ ᠲᠣᠰᠬᠤᠨ ᠤ ᠠᠷᠠᠳ ᠲᠤ ᠠᠰᠢᠭ ᠬᠦᠷᠲᠡᠭᠡᠬᠦ ᠶᠢ ᠠᠬᠢᠭᠤᠯᠬᠤ ᠪᠣᠳᠠᠲᠠᠢ ᠠᠵᠢᠯᠯᠠᠭᠴᠢ ᠪᠣᠯᠤᠨ᠎ᠠ᠃    ᠲᠣᠰᠬᠤᠨ ᠳᠤ ᠰᠠᠭᠤᠭ᠎ᠠ ᠱᠦᠵᠢ ᠪᠣᠯᠤᠭᠰᠠᠨ ᠤ ᠬᠤᠪᠢ ᠳᠤ᠂ ᠰᠦ᠋ ᠮᠢᠩ ᠮᠢᠩ ᠭᠦᠨᠵᠡᠭᠡᠢ ᠣᠶᠢᠯᠠᠭᠠᠵᠤ᠂ ᠲᠥᠷᠥ ᠶᠢᠨ ᠪᠣᠳᠣᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠴᠢᠩᠭ᠎ᠠ ᠬᠦᠴᠦᠲᠡᠢ ᠨᠠᠮ ᠤᠨ ᠵᠣᠬᠢᠶᠠᠨ ᠪᠠᠶᠢᠭᠤᠯᠤᠯᠲᠠ ᠠᠴᠠ ᠰᠠᠯᠵᠤ ᠴᠢᠳᠠᠬᠤ ᠦᠭᠡᠢ ᠭᠡᠳᠡᠭ ᠢ ᠣᠶᠢᠯᠠᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠪᠠᠶᠢᠷᠢᠯᠠᠭᠤᠯᠤᠨ ᠬᠡᠷᠡᠭᠵᠢᠭᠦᠯᠦᠭᠰᠡᠨ ᠤ ᠳᠠᠷᠠᠭ᠎ᠠ᠂ ᠲᠡᠷᠡ ᠵᠣᠬᠢᠶᠠᠨ ᠪᠠᠶᠢᠭᠤᠯᠤᠯᠲᠠ ᠶᠢᠨ ᠬᠦᠴᠦᠨ ᠢ ᠳᠡᠭᠡᠭᠰᠢᠯᠡᠭᠦᠯᠬᠦ ᠡᠨᠡ ᠬᠦ ᠵᠠᠩᠭᠢᠯᠠᠭ᠎ᠠ ᠶᠢ ᠬᠤᠷᠴᠠ ᠰᠡᠷᠭᠡᠭ ᠢᠶᠠᠷ ᠠᠳᠬᠤᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠲᠣᠰᠬᠤᠨ ᠤ ᠨᠠᠮ ᠤᠨ ᠡᠭᠦᠷ ᠤᠨ ᠪᠠᠶᠢᠭᠤᠯᠤᠯᠲᠠ ᠳᠤ ᠣᠷᠣᠯᠴᠠᠪᠠ᠃ ᠲᠡᠷᠡ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ︽ᠬᠤᠶᠠᠷ ᠵᠥᠪᠯᠡᠯ︾ ᠤᠨ ᠪᠤᠰᠤᠳ ᠪᠦᠷᠢᠯᠳᠦᠬᠦᠨ ᠵᠢᠴᠢ ᠠᠵᠢᠯᠯᠠᠬᠤ ᠠᠩᠭᠢ ᠶᠢᠨ ᠪᠦᠷᠢᠯᠳᠦᠬᠦᠨ ᠤ ᠬᠦᠴᠦᠨ ᠢ ᠢᠳᠡᠪᠬᠢᠲᠡᠢ ᠨᠢᠭᠲᠠᠷᠠᠭᠤᠯᠵᠤ᠂ ᠣᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠯᠠᠬᠤ ᠴᠢᠳᠠᠪᠤᠷᠢ ᠢᠯᠡᠳᠲᠡ ᠴᠢᠩᠭᠠᠷᠠᠪᠠ᠃ ᠡᠨᠡ ᠬᠦ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠰᠠᠭᠤᠷᠢ ᠨᠢ ᠬᠤᠶᠢᠰᠢᠳᠠ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠤᠷᠤᠭᠰᠢᠲᠠᠢ ᠨᠠᠶᠢᠳᠠᠪᠤᠷᠢᠵᠢᠭᠤᠯᠤᠯᠲᠠ ᠳᠤ ᠬᠦᠴᠦᠲᠡᠢ ᠪᠠᠲᠤᠯᠠᠭ᠎ᠠ ᠬᠠᠩᠭᠠᠵᠤ᠂ ᠬᠤᠤ ᠺᠧᠦ ᠲᠣᠰᠬᠤᠨ ᠤ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠦᠷ ᠪᠣᠯᠵᠠᠢ᠃    2024 ᠣᠨ ᠤ 10 ᠰᠠᠷ᠎ᠠ ᠳᠤ ᠰᠦ᠋ ᠮᠢᠩ ᠮᠢᠩ ᠮᠠᠲ᠋ᠧᠷᠢᠶᠠᠯ ᠢ ᠡᠮᠬᠢᠳᠬᠡᠬᠦ ᠳᠡᠭᠡᠨ᠂ ᠨᠢᠭᠡᠨ ᠨᠠᠷᠢᠨ ᠬᠤᠪᠢᠷᠠᠯᠲᠠ ᠲᠡᠭᠦᠨ ᠤ ᠠᠩᠬᠠᠷᠤᠯ ᠢ ᠲᠠᠲᠠᠪᠠ᠃ ᠬᠤᠤ ᠺᠧᠦ ᠲᠣᠰᠬᠤᠨ ᠤ ᠵᠠᠩ ᠣᠪᠣᠭᠲᠤ ︵ᠨᠡᠷ᠎ᠡ ᠪᠤᠷᠤᠭᠤᠯᠠᠭᠰᠠᠨ ᠨᠡᠷ᠎ᠡ︶ ᠡᠪᠡᠳᠴᠢᠨ ᠤ ᠪᠠᠶᠢᠳᠠᠯ ᠨᠢ ᠲᠦᠷᠦᠭᠦᠦ ᠤᠳᠠᠭ᠎ᠠ ᠲᠠᠢ ᠠᠳᠠᠯᠢ ᠦᠭᠡᠢ᠂ ᠲᠤᠰᠬᠠᠢ ᠮᠡᠷᠭᠡᠵᠢᠯ ᠤᠨ ᠠᠵᠢᠯᠲᠠᠨ ᠠᠰᠠᠭᠤᠨ ᠯᠠᠪᠯᠠᠭᠰᠠᠨ ᠠᠴᠠ ᠡᠨᠡ ᠪᠣᠯ ᠡᠪᠡᠳᠴᠢᠨ ᠤ ᠪᠠᠶᠢᠳᠠᠯ ᠰᠢᠯᠵᠢᠭᠰᠡᠨ ᠭᠡᠳᠡᠭ ᠢ ᠮᠡᠳᠡᠵᠡᠢ᠃ ᠭᠡᠲᠡᠯ᠎ᠡ᠂ ᠵᠠᠩ ᠴᠧᠨ ᠪᠠᠶᠢᠳᠠᠯ ᠢ ᠮᠡᠳᠡᠬᠦ ᠦᠭᠡᠢ᠂ ᠦᠷ᠎ᠡ ᠬᠡᠦᠬᠡᠳ ᠨᠢ ︽ᠰᠠᠶᠢᠨ ᠰᠠᠨᠠᠭᠠᠨ ᠤ ᠦᠵᠦᠭᠦᠷ︾ ᠢᠶᠠᠷ ᠡᠪᠡᠳᠴᠢᠨ ᠤ ᠪᠠᠶᠢᠳᠠᠯ ᠢ ᠨᠢᠭᠤᠨ ᠳᠠᠯᠳᠠᠯᠠᠪᠠ᠃ ᠰᠦ ᠮᠢᠩ ᠮᠢᠩ ᠡᠨᠡ ᠬᠦ ᠨᠠᠷᠢᠨ ᠵᠦᠢᠯᠡᠰ ᠢ ᠣᠮᠲᠣᠭᠠᠶᠢᠯᠠᠭᠰᠠᠨ ᠦᠭᠡᠢ᠂ ᠵᠠᠩ ᠣᠪᠣᠭᠲᠤ ᠶᠢᠨ ᠥᠬᠢᠨ ᠠᠴᠠ ᠪᠣᠳᠠᠲᠠᠢ ᠪᠠᠶᠢᠳᠠᠯ ᠢ ᠭᠦᠢᠴᠡᠳ ᠤᠶᠢᠯᠠᠭᠠᠨ ᠡᠵᠡᠮᠰᠢᠭᠰᠡᠨ ᠤ ᠳᠠᠷᠠᠭ᠎ᠠ᠂ ᠲᠡᠭᠦᠨ ᠢ ᠬᠢᠨᠠᠨ ᠰᠢᠯᠭᠠᠬᠤ ᠡᠲᠡᠭᠡᠳ ᠪᠣᠯᠭᠠᠬᠤ ᠪᠠᠷ ᠡᠷᠡᠰ ᠰᠢᠭᠤᠷᠬᠠᠢ ᠪᠠᠷ ᠳᠤᠷᠠᠳᠪᠠ᠃ ᠳᠡᠰ ᠳᠠᠷᠠᠭᠠᠯᠠᠯ ᠨᠢ ᠬᠢᠨᠠᠨ ᠬᠡᠮᠵᠢᠬᠦ ᠡᠷᠦᠬᠡ ᠳᠤ ᠣᠷᠣᠭᠤᠯᠤᠭᠰᠠᠨ ᠤ ᠳᠠᠷᠠᠭ᠎ᠠ᠂ ᠲᠡᠷᠡ ᠢᠳᠡᠪᠬᠢᠲᠡᠢ ᠤᠷᠤᠭᠰᠢᠯᠠᠵᠤ᠂ ᠵᠠᠩ ᠨᠠᠰᠤᠲᠠᠨ ᠤ ᠭᠡᠷ ᠠᠴᠠ ᠬᠡᠷᠡᠯ ᠴᠡᠨᠡᠭ ᠤᠨ ᠠᠰᠢᠭ ᠣᠷᠣᠯᠭ᠎ᠠ᠂ ᠲᠦᠷ ᠴᠠᠭ ᠤᠨ ᠠᠪᠤᠷᠠᠨ ᠲᠤᠰᠠᠯᠠᠬᠤ ᠵᠡᠷᠭᠡ 3 ᠵᠦᠢᠯ ᠤᠨ ᠲᠥᠷᠥ ᠶᠢᠨ ᠪᠣᠳᠣᠯᠭ᠎ᠠ ᠳᠤ ᠵᠣᠬᠢᠴᠠᠭᠤᠯᠤᠨ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ 10900 ᠲᠥᠭᠦᠷᠢᠭ ᠣᠯᠵᠤ᠂ ᠡᠨᠡ ᠬᠦ ᠪᠡᠯᠡ ᠮᠥᠩᠭᠦ ᠨᠢ ᠨᠢᠭᠡ ᠤᠳᠠᠭᠠᠨ ᠤ ︽  ᠪᠣᠷᠣᠭᠠᠨ︾ ᠪᠤᠯᠵᠤ᠂ ᠵᠠᠩ ᠨᠠᠰᠤᠲᠠᠨ ᠤ ᠡᠮᠴᠢᠯᠡᠭᠡᠨ ᠤ ᠵᠠᠷᠤᠳᠠᠯ ᠠᠴᠠ ᠪᠣᠯᠵᠣ ᠠᠵᠤ ᠠᠬᠤᠢ ᠶᠢᠨ ᠪᠠᠴᠢᠮ ᠪᠠᠶᠢᠳᠠᠯ ᠢ ᠲᠦᠢᠯ ᠤᠨ ᠶᠡᠭᠡ ᠪᠠᠷ ᠨᠠᠮᠳᠠᠭᠤᠯᠵᠤ᠂ ᠰᠣ᠋ ᠮᠢᠩ ᠮᠢᠩ ᠤᠨ ᠴᠢᠷᠮᠠᠶᠢᠯᠭ᠎ᠠ ᠪᠠᠷ᠂ 2024 ᠣᠨ ᠳᠤ ᠬᠤᠤ ᠺᠧᠦ ᠲᠣᠰᠬᠤᠨ ᠨᠡᠶᠢᠲᠡ 3 ᠬᠢᠨᠠᠨ ᠬᠡᠮᠵᠢᠬᠦ ᠡᠷᠦᠬᠡ ᠶᠢ ᠢᠯᠭᠠᠨ ᠲᠠᠨᠢᠵᠤ᠂ ᠴᠥᠮ ᠲᠥᠷᠥ ᠶᠢᠨ ᠪᠣᠳᠣᠯᠭ᠎ᠠ ᠲᠠᠢ ᠣᠨᠣᠪᠴᠢᠲᠠᠢ ᠵᠣᠬᠢᠴᠠᠭᠤᠯᠤᠨ᠂ ᠲᠣᠰᠬᠤᠨ ᠤ ᠠᠷᠠᠳ ᠲᠤ ᠶᠠᠳᠠᠭᠤ ᠶᠢ ᠰᠡᠷᠭᠡᠶᠢᠯᠡᠬᠦ ︽ᠠᠮᠤᠷ ᠲᠦᠪᠰᠢᠨ ᠤ ᠲᠣᠣᠷ ︾ ᠢ ᠪᠠᠲᠤ ᠪᠠᠬᠢ ᠪᠠᠶᠢᠭᠤᠯᠵᠤ ᠥᠭᠴᠡᠢ᠃    ᠰᠦ᠋ ᠮᠢᠩ ᠮᠢᠩ ᠲᠣᠰᠬᠤᠨ ᠤ ︽ᠬᠤᠶᠠᠷ ᠵᠥᠪᠯᠡᠯ︾ ᠤᠨ ᠬᠥᠮᠦᠰ ᠤᠨ ᠲᠣᠰᠬᠤᠨ ᠤ ᠪᠠᠶᠢᠳᠠᠯ ᠢ ᠣᠶᠢᠯᠠᠭᠠᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢ ᠳᠠᠬᠢᠨ ᠳᠠᠪᠲᠠᠨ ᠰᠤᠳᠤᠯᠤᠨ ᠤᠩᠰᠢᠬᠤ᠂ ᠨᠡᠷᠡᠰ ᠢ ᠪᠠᠶᠢᠴᠠᠭᠠᠨ ᠦᠵᠡᠬᠦ᠂ ᠪᠠᠶᠢᠳᠠᠯ ᠢ ᠯᠠᠪᠯᠠᠨ ᠠᠰᠠᠭᠤᠬᠤ ᠪᠠᠷ ᠳᠠᠮᠵᠢᠭᠤᠯᠪᠠ᠃ ᠬᠠᠮᠲᠤ ᠪᠠᠷ ᠵᠥᠪᠳᠡᠯᠴᠡᠬᠦ ᠪᠠᠷ ᠳᠠᠮᠵᠢᠨ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠵᠣᠬᠢᠴᠠᠭᠤᠯᠬᠤ ᠠᠷᠭ᠎ᠠ ᠶᠢ ᠳᠤᠷᠠᠳᠴᠤ᠂ ᠪᠠᠰᠠ ᠠᠵᠢᠯᠯᠠᠬᠤ ᠠᠩᠭᠢ ᠶᠢ ᠵᠣᠬᠢᠶᠠᠨ ᠪᠠᠶᠢᠭᠤᠯᠤᠨ ᠪᠦᠬᠦ ᠬᠦᠴᠦᠨ ᠢᠶᠠᠷ ᠢᠶᠠᠨ ᠬᠡᠷᠡᠭᠵᠢᠭᠦᠯᠪᠡ᠃ 2024 ᠣᠨ ᠳᠤ᠂ ᠠᠵᠢᠯᠯᠠᠬᠤ ᠠᠩᠭᠢ ᠶᠢᠨ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ᠂ ᠡᠪᠡᠰᠦ ᠪᠣᠷᠳᠣᠭᠠᠨ ᠤ ᠨᠥᠬᠦᠪᠥᠷᠢ᠂ ᠲᠡᠵᠢᠭᠡᠨ ᠦᠷᠡᠵᠢᠭᠦᠯᠬᠦ ᠪᠣᠷᠣᠯᠠᠭᠤᠯᠭ᠎ᠠ ᠶᠢᠨ ᠱᠠᠩᠨᠠᠯ᠂ ᠠᠰᠠᠷᠠᠨ ᠲᠡᠵᠢᠭᠡᠬᠦ ᠬᠤᠪᠢ ᠬᠤᠷᠠᠮᠳᠤᠭᠤᠯᠬᠤ᠂ ᠲᠠᠬᠢᠶ᠎ᠡ ᠣᠷᠣᠯᠠᠨ ᠲᠡᠵᠢᠭᠡᠬᠦ   ᠵᠡᠷᠭᠡ 9 ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 92 ᠡᠷᠦᠬᠡ ᠳᠤ ᠠᠰᠢᠭ ᠬᠦᠷᠲᠡᠭᠡᠵᠦ᠂ ᠪᠠᠷᠤᠭ ᠪᠦᠬᠦ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ ᠶᠢᠨ ᠶᠡᠷᠦᠩᠬᠡᠢ ᠲᠣᠭᠠᠨ ᠤ 75% ᠶᠢ ᠡᠵᠡᠯᠡᠵᠦ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ 22 ᠲᠦᠮᠡᠨ ᠲᠥᠭᠦᠷᠢᠭ ᠲᠤ ᠬᠦᠷᠴᠦ᠂ ᠬᠠᠮᠤᠷᠬᠤ ᠬᠡᠪᠴᠢᠶ᠎ᠡ ᠪᠠ ᠪᠡᠯᠡ ᠮᠥᠩᠭᠦ ᠶᠢᠨ ᠬᠡᠪᠴᠢᠶ᠎ᠡ ᠣᠶᠢᠷ᠎ᠠ ᠶᠢᠨ ᠵᠢᠯ ᠤᠨ ᠲᠤᠷᠰᠢᠬᠢ ᠬᠠᠮᠤᠭ ᠤᠨ ᠶᠡᠭᠡ ᠬᠡᠮᠵᠢᠶᠡᠨ ᠳᠤ ᠬᠦᠷᠴᠦ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ ᠶᠢᠨ 2024 ᠣᠨ ᠤ ᠣᠷᠣᠯᠭ᠎ᠠ ᠶᠢᠨ ᠪᠦᠬᠦ ᠣᠷᠣᠯᠭ᠎ᠠ ᠶᠢᠨ ᠨᠡᠮᠡᠭᠳᠡᠯ ᠢ ᠦᠨᠡᠨ ᠬᠦ ᠪᠠᠲᠤᠯᠠᠪᠠ᠃ᠬᠤᠸᠠᠢ ᠱᠦᠸᠧ ᠪᠠᠯᠭᠠᠰᠤ ᠭᠦᠶᠡᠩ ᠰᠢᠶᠠᠨ ᠤ ᠬᠤᠨᠴᠢᠷ ᠤᠨ ᠠᠵᠤ ᠦᠢᠯᠡᠰ ᠤᠨ ᠳᠠᠪᠠᠭᠤᠯᠢᠭ ᠲᠤ ᠲᠦᠰᠢᠭᠯᠡᠨ᠂ ︽ᠬᠤᠨᠴᠢᠷ ᠲᠠᠬᠢᠶ᠎ᠡ︾ ᠶᠢᠨ ᠠᠵᠤ ᠦᠢᠯᠡᠰ ᠤᠨ ᠵᠠᠭᠪᠤᠷ ᠢ ᠬᠠᠶᠢᠨ ᠰᠦᠪᠡᠭᠴᠢᠯᠡᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠭᠰᠡᠨ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠵᠤ ᠴᠢᠳᠠᠬᠤ ᠮᠥᠷᠲᠡᠭᠡᠨ ᠪᠠᠰᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠵᠦ ᠴᠢᠳᠠᠨ᠎ᠠ᠃ ᠰᠦ᠋ ᠮᠢᠩ ᠮᠢᠩ ᠪᠣᠷᠣᠯᠠᠭᠤᠯᠬᠤ ᠭᠤᠭᠴᠤᠭ᠎ᠠ ᠳᠤ ᠢᠳᠡᠪᠬᠢᠲᠡᠢ ᠬᠦᠴᠦᠯᠡᠵᠦ᠂ ᠬᠠᠷᠢᠶ᠎ᠠ ᠠᠵᠢᠯ ᠲᠥᠷᠥᠯ ᠳᠡᠭᠡᠨ ᠥᠷᠭᠡᠨ ᠢᠶᠠᠷ ᠬᠠᠷᠢᠭᠤᠴᠠᠵᠤ ᠪᠠᠶᠢᠨ᠎ᠠ᠃ 2023 ᠣᠨ ᠳᠤ᠂ ᠲᠡᠷᠡ 10 ᠨᠢᠭᠡᠴᠡ ᠲᠠᠢ ᠴᠢᠷᠮᠠᠶᠢᠨ ᠬᠠᠷᠢᠯᠴᠠᠵᠤ᠂ 7200 ᠲᠠᠬᠢᠶ᠎ᠡ ᠶᠢ ᠪᠣᠷᠣᠯᠠᠭᠤᠯᠵᠤ᠂ ᠵᠣᠭᠤᠰ ᠤᠨ ᠲᠤᠭ᠎ᠠ ᠨᠢ 93 ᠲᠦᠮᠡᠨ ᠲᠥᠭᠦᠷᠢᠭ ᠲᠤ ᠬᠦᠷᠴᠡᠢ︔ 2024 ᠣᠨ ᠳᠤ᠂ ᠬᠠᠷᠢᠯᠴᠠᠬᠤ ᠨᠢᠭᠡᠴᠢ ᠶᠢᠨ ᠲᠤᠭ᠎ᠠ 28 ᠪᠣᠯᠵᠤ᠂ 89 ᠰᠠᠭᠤᠷᠢ ᠬᠤᠨᠴᠢᠷ ᠲᠠᠬᠢᠶ᠎ᠡ ᠶᠢ ᠪᠣᠷᠣᠯᠠᠭᠤᠯᠵᠤ᠂ ᠬᠠᠪᠰᠤᠷᠤᠨ ᠲᠡᠳᠬᠦᠭᠰᠡᠨ ᠪᠣᠷᠣᠯᠠᠭᠤᠯᠤᠯᠲᠠ ᠶᠢᠨ ᠵᠣᠭᠤᠰ ᠤᠨ ᠲᠤᠭ᠎ᠠ 113 ᠲᠦᠮᠡᠨ ᠲᠥᠭᠦᠷᠢᠭ ᠲᠤ ᠬᠦᠷᠴᠦ᠂ ᠬᠤᠤ ᠺᠧᠦ ᠲᠣᠰᠬᠤᠨ ᠨᠢᠭᠡ ᠯᠡ ᠳᠡᠭᠡᠷ᠎ᠡ ᠡᠯ᠎ᠡ ᠲᠣᠰᠬᠤᠨ ᠤ ︽ᠪᠣᠷᠣᠯᠠᠭᠤᠯᠬᠤ ᠬᠤᠳᠠᠯᠳᠤᠭ᠎ᠠ︾ ᠪᠣᠯᠪᠠ᠃ ᠬᠡᠷᠡᠭᠯᠡᠭᠡ ᠪᠠᠷ ᠬᠠᠪᠰᠤᠷᠤᠨ ᠲᠡᠳᠬᠦᠬᠦ ᠪᠠᠷ ᠳᠠᠮᠵᠢᠨ᠂ ︽ᠴᠢ ᠯᠢᠨ ᠲᠠᠬᠢᠶ᠎ᠡ︾ ᠶᠢᠨ ᠠᠵᠤ ᠦᠢᠯᠡᠰ ᠥᠷᠨᠢᠩᠭᠦᠢ ᠬᠥᠭᠵᠢᠵᠦ᠂ ᠬᠤᠤ ᠺᠧᠦ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯ ᠴᠡᠴᠡᠭᠯᠡᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃    ᠰᠦ᠋ ᠮᠢᠩ ᠮᠢᠩ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠬᠤᠭᠤᠴᠠᠭᠠᠨ ᠳᠤ᠂ ᠲᠡᠷᠡ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠪᠣᠯᠤᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠡᠮᠦᠨ᠎ᠡ ᠹᠷᠣᠨᠲ ᠲᠤ ᠡᠷᠡᠰ ᠰᠢᠭᠤᠷᠬᠠᠢ ᠪᠠᠷ ᠣᠷᠣᠯᠴᠠᠵᠤ᠂ ᠬᠤᠸᠠᠢ ᠵᠧᠨ ᠤ ᠺᠠᠳ᠋ᠷ ᠣᠯᠠᠨ ᠲᠦᠮᠡᠨ ᠲᠠᠢ ᠵᠢᠷᠭᠠᠯ ᠵᠣᠪᠠᠯᠠᠩ ᠢᠶᠠᠨ ᠬᠠᠮᠲᠤᠳᠬᠠᠵᠤ ᠪᠢᠯᠡ᠃ ᠲᠡᠷᠡ ᠢᠮᠠᠭᠲᠠ ᠠᠷᠠᠳ ᠤᠨ ᠲᠥᠯᠥᠭᠡ ᠪᠠᠶᠢᠬᠤ ᠤᠭ ᠰᠠᠨᠠᠭ᠎ᠠ ᠪᠠᠨ ᠪᠠᠲᠤ ᠰᠠᠬᠢᠵᠤ᠂ ᠨᠢᠭᠡ ᠰᠡᠳᠬᠢᠯ ᠢᠶᠠᠷ ᠠᠷᠠᠳ ᠢ ᠪᠠᠶᠠᠵᠢᠭᠤᠯᠬᠤ ᠰᠠᠶᠢᠨ ᠠᠷᠭ᠎ᠠ ᠪᠣᠳᠣᠯᠭ᠎ᠠ ᠶᠢ ᠰᠦᠪᠡᠭᠴᠢᠯᠡᠵᠦ᠂ ᠠᠷᠠᠳ ᠲᠤ ᠠᠰᠢᠭᠲᠠᠢ ᠠᠷᠭ᠎ᠠ ᠬᠡᠮᠵᠢᠶ᠎ᠡ ᠪᠠᠨ ᠦᠨᠡᠨ ᠬᠦ ᠭᠦᠢᠴᠡᠳᠬᠡᠪᠡ᠃ ᠲᠣᠰᠬᠤᠨ ᠤ ᠪᠠᠶᠢᠳᠠᠯ ᠠᠷᠠᠳ ᠤᠨ ᠰᠠᠨᠠᠭ᠎ᠠ ᠶᠢ ᠪᠦᠬᠦ ᠲᠠᠯ᠎ᠠ ᠪᠠᠷ ᠡᠵᠡᠮᠰᠢᠵᠦ᠂ ᠲᠣᠰᠬᠤᠨ ᠳᠤ ᠰᠠᠭᠤᠭ᠎ᠠ ᠬᠠᠷᠢᠭᠤᠴᠠᠯᠭ᠎ᠠ ᠶᠢ ᠬᠠᠪᠰᠤᠷᠤᠨ ᠲᠡᠳᠬᠦᠬᠦ ᠪᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠰᠦ᠋ ᠮᠢᠩ ᠮᠢᠩ ᠲᠠᠷᠢᠶᠠᠨ ᠭᠠᠵᠠᠷ᠂ ᠲᠠᠷᠢᠶᠠᠴᠢᠨ ᠡᠷᠦᠬᠡ ᠶᠢᠨ ᠭᠡᠷ ᠲᠤ ᠭᠦᠨᠵᠡᠭᠡᠶᠢᠷᠡᠵᠦ᠂ ᠨᠠᠷᠢᠨ ᠨᠢᠭᠲᠠ ᠪᠠᠶᠢᠴᠠᠭᠠᠨ ᠰᠤᠳᠤᠯᠤᠯᠲᠠ ᠬᠢᠪᠡ᠃    ᠪᠣᠳᠠᠲᠤ ᠠᠰᠠᠭᠤᠳᠠᠯ ᠳᠤ ᠴᠢᠭᠯᠡᠭᠦᠯᠦᠨ᠂ 2024 ᠣᠨ ᠳᠤ ᠬᠤᠤ ᠺᠧᠦ ᠶᠢᠨ ᠱᠠ ᠲᠦᠸᠧ ᠭᠦᠸᠧ ᠲᠣᠰᠬᠤᠨ ᠤ ᠠᠷᠠᠳ ᠰᠤᠷᠠᠭ ᠴᠢᠮᠡᠭᠡᠨ ᠤ ᠵᠥᠷᠢᠶ᠎ᠡ ᠪᠠᠶᠢᠬᠤ ᠶᠢ ᠮᠡᠳᠡᠭᠰᠡᠨ ᠤ ᠳᠠᠷᠠᠭ᠎ᠠ᠂ ᠰᠦ᠋ ᠮᠢᠩ ᠮᠢᠩ ᠢᠳᠡᠪᠬᠢᠲᠡᠢ ᠤᠷᠤᠭᠰᠢᠯᠠᠵᠤ᠂ ᠨᠡᠭᠦᠳᠡᠯ ᠺᠣᠮᠫᠠᠨᠢ ᠯᠤᠭ᠎ᠠ ᠣᠯᠠᠨ ᠲᠠᠯ᠎ᠠ ᠪᠠᠷ ᠵᠣᠬᠢᠴᠠᠭᠤᠯᠵᠤ᠂ 130 ᠲᠦᠮᠡᠨ ᠲᠥᠭᠦᠷᠢᠭ ᠤᠨ ᠥᠷᠲᠡᠭ ᠪᠦᠬᠦᠢ ᠳᠣᠬᠢᠶᠠᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠢᠷᠮᠠᠶᠢᠨ ᠣᠯᠵᠤ᠂ ᠲᠣᠰᠬᠤᠨ ᠤ ᠳᠣᠲᠣᠭᠠᠳᠤ ᠴᠢᠮᠡᠭᠡ ᠬᠤᠯᠪᠣᠭᠠᠨ ᠤ ᠬᠦᠴᠢᠷ ᠠᠰᠠᠭᠤᠳᠠᠯ ᠢ ᠨᠢᠭᠡ ᠯᠡ ᠳᠡᠭᠡᠷ᠎ᠡ ᠰᠢᠢᠳᠪᠦᠷᠢᠯᠡᠵᠦ᠂ ᠲᠣᠰᠬᠤᠨ ᠤ ᠠᠷᠠᠳ ᠪᠣᠯᠤᠨ ᠭᠠᠳᠠᠭᠠᠳᠤ ᠶᠢᠨ ᠬᠠᠷᠢᠯᠴᠠᠭ᠎ᠠ ᠶᠢ ᠨᠡᠩ ᠰᠠᠭᠠᠳ ᠦᠭᠡᠢ ᠨᠡᠪᠲᠡᠷᠡᠭᠦᠯᠪᠡ᠃ ᠡᠭᠦᠨ ᠢᠶᠠᠷ ᠪᠠᠷᠠᠬᠤ ᠦᠭᠡᠢ᠂ ᠰᠦ᠋ ᠮᠢᠩ ᠮᠢᠩ ᠪᠠᠰᠠ ᠡᠯ᠎ᠡ ᠲᠥᠷᠥᠯ ᠤᠨ ᠡᠬᠢ ᠪᠠᠶᠠᠯᠢᠭ ᠢ ᠢᠳᠡᠪᠬᠢᠲᠡᠢ ᠡᠮᠬᠢᠯᠡᠨ ᠨᠡᠶᠢᠯᠡᠭᠦᠯᠵᠦ᠂ ᠬᠥᠳᠡᠭᠡ ᠲᠣᠰᠬᠤᠨ ᠤ ᠰᠠᠭᠤᠷᠢ ᠪᠦᠲᠦᠭᠡᠨ ᠪᠠᠶᠢᠭᠤᠯᠤᠯᠲᠠ ᠪᠠ ᠠᠵᠢᠯᠯᠠᠬᠤ ᠨᠥᠬᠦᠴᠡᠯ ᠢ ᠰᠠᠶᠢᠵᠢᠷᠠᠭᠤᠯᠬᠤ ᠳᠤ ᠬᠦᠴᠦᠨ ᠨᠡᠮᠡᠷᠢᠯᠡᠪᠡ᠃ ᠲᠡᠷᠡ ᠳᠠᠭᠠᠭᠤᠯᠢ ᠣᠳᠣᠨ ᠤ ᠬᠡᠷᠡᠭᠯᠡᠭᠡᠨ ᠤ ᠠᠵᠢᠯ ᠲᠥᠷᠥᠯ ᠤᠨ ᠨᠡᠶᠢᠭᠡᠮᠯᠢᠭ ᠲᠠᠢ ᠵᠣᠯᠭᠠᠭᠤᠯᠵᠤ᠂ ᠬᠤᠤ ᠺᠧᠦ ᠲᠣᠰᠬᠤᠨ ᠳᠤ 3000 ᠲᠥᠭᠦᠷᠢᠭ ᠤᠨ ᠥᠷᠲᠡᠭ ᠪᠦᠬᠦᠢ ᠳᠠᠷᠤᠮᠠᠯᠯᠠᠬᠤ ᠮᠠᠰᠢᠨ ᠢ ᠲᠡᠮᠡᠴᠡᠨ ᠣᠯᠵᠤ᠂ ᠡᠳᠦᠷ ᠲᠤᠲᠤᠮ ᠤᠨ ᠠᠯᠪᠠᠯᠠᠬᠤ ᠳᠤ ᠳᠥᠭᠦᠮ ᠦᠵᠡᠭᠦᠯᠪᠡ᠃ ᠡᠭᠦᠨ ᠤ ᠬᠠᠮᠲᠤ᠂ ᠲᠡᠷᠡ ᠰᠠᠨ ᠹᠧᠨᠽᠢ ᠲᠣᠰᠬᠤᠨ ᠤ 9000 ᠲᠥᠭᠦᠷᠢᠭ ᠤᠨ ᠤᠰᠤᠨ ᠰᠤᠪᠠᠭ ᠢ ᠰᠡᠯᠪᠢᠨ ᠵᠠᠰᠠᠬᠤ ᠪᠡᠯᠡ ᠮᠥᠩᠭᠦ ᠶᠢ ᠠᠮᠵᠢᠯᠲᠠ ᠲᠠᠢ ᠪᠠᠷ ᠲᠡᠮᠡᠴᠡᠨ ᠣᠯᠵᠤ᠂ ᠲᠠᠷᠢᠶᠠᠨ ᠭᠠᠵᠠᠷ ᠤᠨ ᠤᠰᠤᠯᠠᠯᠲᠠ ᠶᠢ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠳᠤ ᠪᠠᠲᠤ ᠪᠠᠬᠢ ᠦᠨᠳᠦᠰᠦ ᠰᠠᠭᠤᠷᠢ ᠶᠢ ᠲᠠᠯᠪᠢᠪᠠ᠃ ᠡᠭᠦᠨ ᠠᠴᠠ ᠭᠠᠳᠠᠨ᠎ᠠ᠂ ᠲᠡᠷᠡ ᠪᠠᠰᠠ 13000 ᠲᠥᠭᠦᠷᠢᠭ ᠤᠨ ᠥᠷᠲᠡᠭ ᠪᠦᠬᠦᠢ ᠳᠣᠬᠢᠭᠤᠷ ᠳᠣᠯᠣᠭᠠᠨ ᠣᠳᠣ ᠠᠦ᠋ᠲ᠋ᠣ᠋ ᠵᠢᠯᠣᠭᠤᠳᠬᠤ ᠰᠢᠰᠲ᠋ᠧᠮ ᠤᠨ ᠲᠣᠨᠤᠭ ᠲᠥᠬᠦᠭᠡᠷᠦᠮᠵᠢ ᠶᠢ ᠵᠣᠬᠢᠴᠠᠭᠤᠯᠤᠨ ᠣᠯᠵᠤ᠂ ᠲᠠᠷᠢᠶᠠᠯᠠᠩ ᠤᠨ ᠮᠠᠰᠢᠨ ᠤ ᠠᠵᠢᠯ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠪᠠ᠃ ᠡᠳᠡᠭᠡᠷ ᠪᠣᠳᠠᠲᠤ ᠶᠠᠪᠤᠳᠠᠯ ᠨᠢ ᠦᠨᠡᠨ ᠪᠣᠳᠠᠲᠠᠢ ᠰᠠᠶᠢᠨ ᠶᠠᠪᠤᠳᠠᠯ ᠶᠤᠮ᠂ ᠰᠦ᠋ ᠮᠢᠩ ᠮᠢᠩ ᠬᠤᠤ ᠺᠧᠦ ᠲᠣᠰᠬᠤᠨ ᠳᠤ ᠥᠭᠭᠦᠭᠰᠡᠨ ᠭᠦᠨ ᠵᠤᠵᠠᠭᠠᠨ ᠬᠠᠶᠢᠷ᠎ᠠ ᠬᠠᠯᠠᠮᠵᠢ ᠨᠢ ᠬᠤᠤ ᠺᠧᠦ ᠲᠣᠰᠬᠤᠨ ᠤ ᠺᠠᠳ᠋ᠷ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃ᠰᠣ᠋ ᠮᠢᠩ ᠮᠢᠩ ᠠᠴᠠ᠂ ᠲᠥᠷᠥ ᠶᠢᠨ ᠪᠣᠳᠣᠯᠭ᠎ᠠ ᠪᠣᠯ ᠳᠠᠷᠤᠢ ᠲᠣᠰᠬᠤᠨ ᠤ ᠠᠷᠠᠳ ᠢ ᠬᠠᠪᠰᠤᠷᠤᠨ ᠪᠠᠶᠠᠵᠢᠭᠤᠯᠬᠤ ︽ᠠᠯᠲᠠᠨ ᠲᠦᠯᠬᠢᠭᠦᠷ︾ ᠮᠥᠨ᠂ ᠲᠣᠰᠬᠤᠨ ᠤ ᠨᠠᠮ ᠤᠨ ᠡᠭᠦᠷ ᠤᠨ ᠴᠢᠬᠤᠯᠠ ᠡᠭᠦᠷᠭᠡ ᠪᠣᠯ ᠳᠠᠷᠤᠢ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠣᠨᠣᠪᠴᠢᠲᠠᠢ ᠨᠠᠶᠢᠳᠠᠪᠤᠷᠢᠵᠢᠭᠤᠯᠵᠤ᠂ ᠠᠷᠠᠳ ᠣᠯᠠᠨ ᠳᠤ ᠦᠨᠡᠨ ᠬᠦ ᠠᠰᠢᠭ ᠬᠦᠷᠲᠡᠭᠡᠬᠦ ᠶᠠᠪᠤᠳᠠᠯ ᠪᠣᠯᠤᠨ᠎ᠠ᠃ ᠲᠡᠷᠡ ᠨᠢᠭᠡᠨᠲᠡ ᠪᠠᠶᠢᠭ᠎ᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢᠨ ᠵᠥᠪᠰᠢᠶᠡᠷᠡᠬᠦ ᠬᠡᠪᠴᠢᠶᠡᠨ ᠳᠣᠲᠣᠷ᠎ᠠ ᠢᠳᠡᠪᠬᠢᠲᠡᠢ ᠪᠠᠷ ᠬᠠᠶᠢᠨ ᠰᠦᠪᠡᠭᠴᠢᠯᠡᠵᠦ ᠰᠢᠨ᠎ᠡ ᠶᠢ ᠡᠭᠦᠳᠴᠦ᠂ ᠲᠣᠰᠬᠤᠨ ᠤ ᠵᠣᠩᠬᠢᠯᠠᠬᠤ ᠣᠯᠠᠨ ᠲᠣᠭᠠᠨ ᠤ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠬᠦ ᠬᠦᠴᠢᠷ ᠠᠰᠠᠭᠤᠳᠠᠯ ᠢ ᠰᠢᠢᠳᠪᠦᠷᠢᠯᠡᠵᠦ ᠴᠢᠳᠠᠨ᠎ᠠ ᠭᠡᠳᠡᠭ ᠢ ᠢᠮᠠᠭᠲᠠ ᠪᠠᠲᠤ ᠢᠲᠡᠭᠡᠵᠦ ᠪᠠᠶᠢᠪᠠ᠃ ᠡᠨᠡ ᠪᠣᠯ ᠳᠠᠷᠤᠢ ᠰᠦ᠋ ᠮᠢᠩ ᠮᠢᠩ ᠤᠭ ᠰᠠᠨᠠᠭ᠎ᠠ ᠪᠠᠨ ᠪᠠᠲᠤ ᠰᠠᠬᠢᠬᠤ ᠶᠠᠪᠤᠳᠠᠯ ᠮᠥᠨ᠂ ᠪᠠᠰᠠ ᠴᠤ ᠲᠡᠭᠦᠨ ᠤ ᠲᠠᠰᠤᠷᠠᠯᠲᠠ ᠦᠭᠡᠢ ᠤᠷᠤᠭᠰᠢᠯᠠᠬᠤ ᠬᠥᠳᠡᠯᠭᠡᠬᠦ ᠬᠦᠴᠦᠨ ᠮᠥᠨ᠃ ᠰᠦ᠋ ᠮᠢᠩ ᠮᠢᠩ ᠤᠨ ᠦᠷᠭᠦᠯᠵᠢᠯᠡᠭᠰᠡᠨ ᠴᠢᠷᠮᠠᠶᠢᠯᠭ᠎ᠠ ᠪᠠᠷ᠂ ᠬᠤᠤ ᠺᠧᠦ ᠲᠣᠰᠬᠤᠨ ᠶᠠᠭ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠭᠡᠭᠡᠨ ᠰᠠᠷᠠᠭᠤᠯ ᠳᠠᠷᠳᠠᠩ ᠵᠠᠮ ᠢᠶᠠᠷ ᠨᠡᠩ ᠴᠡᠴᠡᠭᠯᠡᠨ ᠬᠥᠭᠵᠢᠭᠰᠡᠨ ᠰᠠᠶᠢᠨ ᠰᠠᠶᠢᠬᠠᠨ ᠢᠷᠡᠭᠡᠳᠦᠢ ᠵᠦᠭ ᠡᠷᠡᠯᠬᠡᠭᠯᠡᠨ ᠤᠷᠤᠭᠰᠢᠯᠠᠵᠤ ᠪᠠᠶᠢᠨ᠎ᠠ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号