ᠦᠯᠢᠭᠡᠷ ᠵᠢᠱᠢᠶ᠎ᠡ ᠶᠢ ᠰᠣᠨᠣᠰᠴᠤ᠂ ᠵᠢᠱᠢᠶᠡᠴᠢ ᠠᠴᠠ ᠰᠤᠷᠤᠯᠴᠠᠬᠤ - ᡁᠢ ᠨᠦᠩ ᠨᠡᠶᠢᠭᠡᠮ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/2
   ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠰᠢᠷᠢᠰ ᠠᠵᠢᠯᠯᠠᠭ᠎ᠠ ᠪᠣᠯ ᠦᠨᠳᠦᠰᠦᠲᠡᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠪᠦᠯᠬᠦᠮᠳᠡᠨ ᠤᠷᠤᠭᠰᠢᠯᠠᠬᠤ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠯᠬᠦᠮᠳᠡᠯ ᠨᠥᠬᠦᠷᠯᠡᠯ᠂ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᡁᠢ ᠨᠦᠩ ᠨᠡᠶᠢᠭᠡᠮ ᠲᠣᠭᠤᠷᠢᠭ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠨᠠᠮ ᠤᠨ ᠭᠡᠰᠢᠭᠦᠨ᠂ ᠰᠠᠭᠤᠭᠠᠯᠢ ᠠᠷᠠᠳ ᠲᠤ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠪᠠ᠃
4.2d.jpg
    ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ᠦᠯᠢᠭᠡᠷ ᠳᠠᠭᠤᠷᠢᠶᠠᠯ ᠠᠴᠠ ᠰᠤᠷᠤᠯᠴᠠᠵᠤ᠂ ᠠᠳᠠᠯᠢ ᠪᠤᠰᠤ ᠦᠨᠳᠦᠰᠦᠲᠡᠨ ᠤ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠤᠨ ᠳᠤᠮᠳᠠ ᠬᠠᠷᠢᠯᠴᠠᠨ ᠬᠠᠪᠰᠤᠷᠤᠯᠴᠠᠵᠤ᠂ ᠬᠠᠮᠲᠤ ᠪᠠᠷ ᠳᠠᠪᠰᠢᠬᠤ ᠬᠠᠯᠠᠭᠤᠨ ᠳᠤᠯᠠᠭᠠᠨ ᠦᠯᠢᠭᠡᠷ ᠢ ᠶᠠᠷᠢᠪᠠ᠃ ᠡᠳᠡᠭᠡᠷ ᠰᠡᠳᠬᠢᠯ ᠬᠥᠳᠡᠯᠭᠡᠮ᠎ᠡ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠨᠠᠮ ᠲᠠᠶᠢᠪᠤᠩ ᠬᠡᠯᠪᠡᠷᠢ ᠪᠠᠷ ᠢᠳᠡᠪᠬᠢ ᠬᠦᠴᠦᠨ ᠢ ᠤᠯᠠᠮᠵᠢᠯᠠᠬᠤ ᠶᠢᠨ ᠬᠠᠮᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠳᠤ ᠨᠢᠭᠲᠠ ᠠᠭᠤᠰᠤᠯᠴᠠᠭᠤᠯᠪᠠ᠃ ᠠᠯᠢ ᠣᠯᠠᠨ ᠦᠯᠢᠭᠡᠷ ᠨᠢ ᠲᠤᠬᠠᠢ ᠶᠢᠨ ᠲᠠᠯᠠᠪᠠᠢ ᠳᠤ ᠪᠠᠶᠢᠭᠰᠠᠨ ᠰᠠᠭᠤᠭᠠᠯᠢ ᠠᠷᠠᠳ ᠤᠨ ᠰᠡᠳᠬᠢᠯ ᠢ ᠶᠡᠬᠡᠳᠡ ᠳᠣᠭᠳᠣᠯᠤᠭᠤᠯᠤᠭᠰᠠᠨ ᠢᠶᠠᠷ ᠪᠠᠷᠠᠬᠤ ᠦᠭᠡᠢ᠂ ᠣᠯᠠᠨ ᠤ ᠦᠨᠳᠦᠰᠦᠲᠡᠨ ᠤ ᠪᠦᠯᠬᠦᠮᠳᠡᠯ ᠤᠨ ᠲᠤᠬᠠᠢ ᠭᠦᠨᠵᠡᠭᠡᠢ ᠲᠠᠨᠢᠯᠲᠠ ᠪᠠ ᠡᠷᠡᠰ ᠪᠠᠲᠤ ᠢᠲᠡᠭᠡᠯ ᠵᠣᠷᠢᠭ ᠢ ᠨᠡᠩ ᠬᠥᠭᠵᠢᠭᠡᠵᠡᠢ᠃ ᠣᠯᠠᠨ ᠢᠶᠠᠷ ᠢᠶᠠᠨ ᠦᠨᠳᠦᠰᠦᠲᠡᠨ ᠤ ᠪᠦᠯᠬᠦᠮᠳᠡᠯ ᠤᠨ ᠶᠡᠭᠡ ᠰᠠᠶᠢᠨ ᠪᠠᠶᠢᠳᠠᠯ ᠢ ᠨᠡᠩ ᠨᠠᠨᠳᠢᠩᠨᠠᠨ᠎ᠠ ᠭᠡᠵᠦ ᠢᠯᠡᠳᠬᠡᠵᠡᠭᠡᠪᠡ᠃    ᡁᠢ ᠨᠦᠩ ᠨᠡᠶᠢᠭᠡᠮ ᠲᠣᠭᠤᠷᠢᠭ ᠪᠣᠳᠠᠲᠤ ᠪᠠᠶᠢᠳᠠᠯ ᠲᠠᠢ ᠪᠦᠲᠦᠮᠵᠢᠲᠡᠢ ᠠᠷᠭ᠎ᠠ ᠮᠠᠶ᠋ᠢᠭ ᠢᠶᠠᠷ ᠳᠠᠮᠵᠢᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠣᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠣᠨᠣᠯ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠨᠠᠩ ᠥᠩᠭᠡ ᠢᠯᠭᠠᠷᠠᠮ᠎ᠠ ᠪᠣᠯᠭᠠᠨ᠎ᠠ᠃ 
 
ᠢᠷᠡᠯᠲᠡ᠄ ᠵᠢᠨᠱᠠᠨ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号