ᠰᠢᠶᠠ ᠱᠢ ᠬᠤᠤ ᠪᠠᠯᠭᠠᠰᠤ ︽ᠳᠥᠷᠪᠡᠨ ᠱᠤᠭᠤᠮ︾ ᠢ ᠴᠢᠩᠭ᠎ᠠ ᠠᠳᠬᠤᠵᠤ᠂ ᠲᠠᠷᠢᠶᠠᠯᠠᠩ ᠤᠨ ᠦᠢᠯᠡᠳᠪᠦᠷᠢᠯᠡᠯ ᠢ ᠠᠬᠢᠭᠤᠯᠪᠠ
ᠨᠡᠶᠢᠲᠡᠯᠡᠭᠰᠡᠨ ᠴᠠᠭ᠄
2025/4/2
    ᠰᠢᠶᠠ ᠱᠢ ᠬᠤᠤ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠢᠮᠠᠭᠲᠠ ᠪᠠᠷᠢᠮᠲᠠᠯᠠᠵᠤ᠂ ︽ᠨᠢᠭᠡ ᠠᠵᠤ ᠦᠢᠯᠡᠰ ᠤᠨ ᠭᠤᠣᠯ ᠱᠤᠭᠤᠮ᠂ ᠦᠰᠦᠨ ᠪᠤᠶᠢᠵᠢᠯᠲᠠ ᠶᠢᠨ ᠤᠯᠠᠭᠠᠨ ᠱᠤᠭᠤᠮ᠂ ᠠᠵᠤ ᠦᠢᠯᠡᠰ ᠤᠨ ᠬᠡᠯᠬᠢᠶ᠎ᠡ ᠶᠢᠨ ᠱᠤᠭᠤᠮ᠂ ᠣᠷᠣᠰᠢᠨ ᠲᠣᠭᠲᠠᠨᠢᠬᠤ ᠬᠤᠷᠢᠭ᠎ᠠ ᠱᠤᠭᠤᠮ︾ ᠤᠨ ᠲᠣᠭᠤᠷᠢᠨ ᠳᠤ ᠳᠥᠷᠪᠡᠨ ᠲᠠᠯ᠎ᠠ ᠪᠠᠷ ᠬᠦᠴᠦᠯᠡᠵᠦ᠂ ᠣᠨᠴᠠᠯᠢᠭᠲᠤ ᠲᠠᠷᠢᠶᠠᠯᠠᠩ ᠢ ᠬᠥᠭᠵᠢᠭᠦᠯᠵᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠵᠠᠮ ᠢ ᠳᠡᠪᠢᠰᠪᠡ᠃    ᠨᠢᠭᠡᠳᠦᠭᠡᠷ ᠠᠵᠤ ᠦᠢᠯᠡᠰ ᠤᠨ ᠭᠤᠣᠯ ᠰᠢᠵᠢᠮ ᠢ ᠠᠳᠬᠤᠵᠤ᠂ ᠤᠯᠠᠮᠵᠢᠯᠠᠯᠲᠤ ᠠᠵᠤ ᠦᠢᠯᠡᠰ ᠢᠶᠠᠷ ᠲᠠᠷᠢᠶᠠᠯᠠᠩ ᠤᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠳᠦᠷᠰᠦ ᠪᠠᠶᠢᠳᠠᠯ ᠢ ᠵᠢᠷᠤᠭᠯᠠᠨ᠎ᠠ᠃    ᠪᠦᠬᠦ ᠪᠠᠯᠭᠠᠰᠤᠨ ᠤ ᠵᠢᠯ ᠲᠤᠷᠰᠢ ᠲᠠᠷᠢᠭᠰᠠᠨ ᠲᠠᠯᠠᠪᠠᠢ 17.3 ᠲᠦᠮᠡᠨ ᠮᠦ᠂ ᠡᠭᠦᠨ ᠳᠤ ᠤᠰᠤᠨ ᠲᠠᠷᠢᠶ᠎ᠡ 5.87 ᠲᠦᠮᠡᠨ ᠮᠦ᠂ ᠬᠠᠭᠤᠷᠠᠢ ᠲᠠᠷᠢᠶ᠎ᠡ 11.43 ᠲᠦᠮᠡᠨ ᠮᠦ᠂ ᠬᠥᠮᠦᠨ ᠳᠤᠮᠳᠠᠴᠢ ᠶᠢᠨ ᠲᠠᠷᠢᠶᠠᠨ ᠭᠠᠵᠠᠷ 5.49 ᠮᠦ ︵ᠡᠷᠦᠬᠡ ᠠᠮᠠ ᠶᠢᠨ ᠬᠠᠷᠢᠶ᠎ᠠ ᠲᠠᠢ ᠬᠥᠮᠦᠨ ᠠᠮᠠ 3.15 ᠲᠦᠮᠡᠨ ᠲᠥᠭᠦᠷᠢᠭ︶᠃ ᠭᠠᠵᠠᠷ ᠰᠢᠷᠣᠢ ᠶᠢᠨ ᠡᠷᠭᠢᠯᠲᠡ 2.13 ᠲᠦᠮᠡᠨ ᠮᠦ ᠪᠠᠶᠢᠵᠤ᠂ ᠬᠡᠪᠴᠢᠶᠡᠵᠢᠭᠦᠯᠦᠭᠰᠡᠨ ᠡᠵᠡᠩᠨᠡᠯᠲᠡ ᠶᠢᠨ ᠡᠵᠡᠯᠡᠬᠦ ᠬᠠᠷᠢᠴᠠᠯ 12.3% ᠬᠦᠷᠴᠡᠢ᠃ ᠤᠰᠤᠨ ᠲᠠᠷᠢᠶᠠᠨ ᠳᠤ ᠭᠤᠣᠯᠳᠠᠭᠤ ᠬᠤᠨᠴᠢᠷ 1.9 ᠲᠦᠮᠡᠨ ᠮᠤ᠋ ᠲᠠᠷᠢᠬᠤ᠂ 2.5 ᠲᠦᠮᠡᠨ ᠮᠤ᠋ ᠡᠷᠳᠡᠨᠢ ᠰᠢᠰᠢ᠂ 0.7 ᠲᠦᠮᠡᠨ ᠮᠤ᠋ ᠲᠥᠮᠥᠰᠥ᠂ 0.6 ᠲᠦᠮᠡᠨ ᠮᠤ᠋ ᠨᠠᠷᠠᠨ ᠬᠤᠸᠠᠷ ᠵᠡᠷᠭᠡ ᠲᠠᠷᠢᠮᠠᠯ ᠲᠠᠷᠢᠵᠠᠢ᠃ ᠬᠠᠭᠤᠷᠠᠢ ᠭᠠᠵᠠᠷ ᠤᠨ ᠲᠠᠷᠢᠮᠠᠯ ᠭᠤᠣᠯᠳᠠᠭᠤ ᠰᠠᠭᠠᠭ 4.3 ᠲᠦᠮᠡᠨ ᠮᠤ᠋᠂ ᠶᠤᠤᠮᠠᠢ 0.7 ᠲᠦᠮᠡᠨ ᠮᠤ᠋᠂ ᠰᠢᠯᠢᠮᠳᠡᠭ ᠤᠨ ᠦᠷ᠎ᠡ 1.1 ᠲᠦᠮᠡᠨ ᠮᠤ᠋᠂ ᠲᠡᠵᠢᠭᠡᠯ ᠡᠪᠡᠰᠦ 2.7 ᠲᠦᠮᠡᠨ ᠮᠤ᠋ ︵ᠡᠯᠳᠡᠪ ᠠᠮᠤ ᠡᠵᠡᠯᠡᠬᠦ ᠬᠠᠷᠢᠴᠠᠯ ᠨᠢ 50% ᠶᠢ ᠳᠠᠪᠠᠪᠠ︶︔ ᠪᠦᠬᠦ ᠪᠠᠯᠭᠠᠰᠤᠨ ᠤ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ 17 ︵ᠭᠠᠭ᠋ᠠᠢ ᠶᠢᠨ ᠲᠠᠯᠠᠪᠠᠢ 4᠂ ᠦᠬᠡᠷ ᠤᠨ ᠲᠠᠯᠠᠪᠠᠢ 3᠂ ᠬᠤᠨᠢᠨ ᠲᠠᠯᠠᠪᠠᠢ 10︶᠂ ᠬᠤᠷᠰᠢ᠊ ᠡᠶ᠎ᠡ 12᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ 12 ᠪᠠᠶᠢᠵᠤ᠂ ᠲᠡᠵᠢᠭᠡᠵᠦ ᠪᠠᠶᠢᠭ᠎ᠠ ᠭᠠᠭ᠋ᠠᠢ 6678 ᠲᠣᠯᠣᠭᠠᠢ᠂ ᠦᠬᠡᠷ 775 ᠲᠣᠯᠣᠭᠠᠢ᠂ ᠬᠤᠨᠢ 9.78 ᠲᠦᠮᠡ᠂ ᠲᠠᠬᠢᠶ᠎ᠡ 5550 ︵ᠬᠤᠨᠢ ᠲᠡᠵᠢᠭᠡᠨ ᠦᠷᠡᠵᠢᠭᠦᠯᠬᠦ ᠡᠷᠦᠬᠡ 80%︶ ᠶᠢ ᠡᠵᠡᠯᠡᠪᠡ᠃    ᠪᠤᠶᠢᠵᠢᠯᠲᠠ ᠶᠢᠨ ᠤᠯᠠᠭᠠᠨ ᠱᠤᠭᠤᠮ ᠢ ᠠᠳᠬᠤᠵᠤ᠂ ᠬᠡᠪᠴᠢᠶᠡᠲᠦ ᠬᠥᠭᠵᠢᠯᠲᠡ ᠪᠠᠷ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠢᠨ᠎ᠡ ᠦᠷ᠎ᠡ ᠪᠦᠲᠦᠮᠵᠢ ᠶᠢ ᠠᠬᠢᠭᠤᠯᠤᠨ᠎ᠠ᠃    3000 ᠲᠦᠮᠡᠨ ᠲᠥᠭᠦᠷᠢᠭ ᠤᠨ ᠪᠡᠯᠡ ᠣᠷᠣᠭᠤᠯᠵᠤ ᠬᠦᠯᠡᠮᠵᠢ ᠶᠢᠨ 46 ᠬᠦᠯᠡᠮᠵᠢ ᠶᠢᠨ ᠲᠠᠷᠢᠶᠠᠯᠠᠩ ᠢ ᠪᠠᠶᠢᠭᠤᠯᠵᠤ᠂ ᠲᠥᠪᠡᠳ ᠬᠠᠰᠢ᠂ ᠢᠩᠲᠣᠣᠷ᠂  ᠥᠷᠭᠡᠰᠦᠲᠦ ᠬᠡᠮᠬᠡ᠂ ᠪᠤᠷᠴᠠᠭ᠂ ᠭᠦᠵᠡᠯᠵᠡᠭᠡᠨ᠎ᠡ ᠵᠡᠷᠭᠡ 6 ᠵᠦᠢᠯ ᠤᠨ ᠵᠢᠮᠢᠰ ᠨᠣᠭᠤᠭ᠎ᠠ ᠲᠠᠷᠢᠵᠤ᠂ 2024 ᠣᠨ ᠳᠤ 85 ᠲᠦᠮᠡᠨ ᠵᠢᠩ ᠦᠢᠯᠡᠳᠪᠦᠷᠢᠯᠡᠵᠦ᠂ 120 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠪᠦᠲᠦᠭᠡᠨ᠎ᠡ᠃ ᠬᠦᠷᠢᠶᠡᠯᠡᠩ ᠲᠣᠭᠤᠷᠢᠭ ᠨᠢ ︽ᠺᠣᠮᠫᠠᠨᠢ ᠲᠠᠷᠢᠶᠠᠴᠢᠨ ᠡᠷᠦᠬᠡ ᠶᠢᠨ ᠰᠠᠭᠤᠷᠢᠨ ᠭᠠᠵᠠᠷ︾ ᠤᠨ ᠵᠠᠭᠪᠤᠷ ᠢ ᠬᠡᠷᠡᠭᠯᠡᠨ᠂ ᠡᠷᠭᠢᠨ ᠲᠣᠭᠤᠷᠢᠨ ᠤ ᠲᠣᠰᠬᠤᠨ ᠤ ᠠᠷᠠᠳ ᠤᠨ ᠵᠥᠪᠯᠡᠯ ᠤᠨ ᠬᠢᠨᠠᠨ ᠬᠡᠮᠵᠢᠬᠦ ᠡᠷᠦᠬᠡ᠂ ᠶᠠᠳᠠᠭᠤ ᠠᠴᠠ ᠠᠩᠭᠢᠵᠢᠷᠠᠭᠰᠠᠨ ᠡᠷᠦᠬᠡ ᠵᠡᠷᠭᠡ 530 ᠬᠥᠮᠦᠨ ᠢ ᠤᠷᠢᠳᠠᠪᠠᠷ ᠬᠥᠯᠥᠰᠥᠯᠡᠵᠦ᠂ ᠡᠭᠦᠨ ᠳᠤ ᠬᠢᠨᠠᠨ ᠬᠡᠮᠵᠢᠭᠰᠡᠨ ᠡᠷᠦᠬᠡ 31 ᠬᠥᠮᠦᠨ᠂ ᠶᠠᠳᠠᠭᠤ ᠠᠴᠠ ᠠᠩᠭᠢᠵᠢᠷᠠᠭᠰᠠᠨ ᠡᠷᠦᠬᠡ 295 ᠬᠥᠮᠦᠨ ᠪᠤᠢ᠃ ᠯᠢᠥᠢ ᠪᠦᠸᠧ ᠬᠤᠢ ︽ᠯᠢᠥᠢ ᠪᠦᠸᠧ ᠬᠤᠢ︾᠂ ︽ᠮᠣᠩᠭᠤᠯ ᠬᠤᠯᠢᠴᠠ︾᠂ ︽ᠰᠠᠭᠠᠭ ᠤᠨ ᠪᠣᠷᠣ︾ ᠵᠡᠷᠭᠡ 6 ᠲᠦᠷᠦᠯ ᠲᠡᠮᠳᠡᠭ ᠂ 20 ᠭᠠᠷᠤᠢ ᠵᠦᠢᠯ ᠤᠨ ᠪᠦᠲᠦᠭᠡᠭᠳᠡᠬᠦᠨ ᠪᠠᠭᠲᠠᠵᠤ᠂ ᠭᠤᠣᠯ ᠪᠣᠯᠬᠤ ᠪᠦᠲᠦᠭᠡᠭᠳᠡᠬᠦᠨ ᠳᠤ ᠬᠤᠨᠴᠢᠷ᠂ ᠰᠠᠭᠠᠭ ᠵᠡᠷᠭᠡ ᠰᠢᠷᠢᠰ ᠪᠦᠲᠦᠭᠡᠭᠳᠡᠬᠦᠨ ᠪᠠᠭᠲᠠᠵᠤ᠂ ᠵᠢᠯ ᠳᠤ 1 288 ᠲᠣᠨ ᠦᠢᠯᠡᠳᠪᠦᠷᠢᠯᠡᠵᠦ᠂ ᠵᠢᠯ ᠤᠨ ᠦᠢᠯᠡᠳᠬᠦᠨ ᠤ ᠥᠷᠲᠡᠭ ᠨᠢ ᠪᠠᠷᠤᠭ 400 ᠲᠦᠮᠡᠨ ᠲᠥᠭᠦᠷᠢᠭ ᠲᠤ ᠬᠦᠷᠴᠡᠢ᠃ ᠵᠢᠯ ᠳᠤ 1 300 ᠲᠣᠨ ᠬᠤᠯᠢᠮᠠᠭ ᠠᠮᠤ ᠪᠣᠯᠪᠠᠰᠤᠷᠠᠭᠤᠯᠵᠤ᠂ ᠥᠪᠡᠷ ᠤᠨ ᠲᠦᠭᠦᠬᠡᠢ ᠮᠠᠲ᠋ᠧᠷᠢᠶᠠᠯ ᠤᠨ ᠰᠠᠭᠤᠷᠢᠨ ᠭᠠᠵᠠᠷ 1.2 ᠲᠦᠮᠡᠨ ᠮᠦ ᠪᠠᠶᠢᠪᠠ᠃ ᠲᠡᠮᠦᠵᠢᠨ ᠬᠤᠨᠴᠢᠷ ᠤᠨ ᠮᠢᠬᠠᠨ ᠤ ᠴᠠᠭᠠᠨ ᠢᠳᠡᠭᠡᠨ ᠳᠤ ᠵᠢᠯ ᠤᠨ ᠦᠢᠯᠡᠳᠬᠦᠨ ᠤ ᠥᠷᠲᠡᠭ ᠨᠢ 500 ᠲᠦᠮᠡᠨ ᠲᠥᠭᠦᠷᠢᠭ ᠬᠦᠷᠴᠦ᠂ ︽ᠲᠡᠮᠦᠵᠢᠨ︾ ︽ᠴᠢᠩᠭᠢᠰ ᠬᠠᠭᠠᠨ︾ ᠭᠡᠬᠦ 2 ᠨᠡᠷᠡᠲᠦ ᠲᠠᠸᠠᠷ ᠤᠨ ᠲᠡᠮᠳᠡᠭ ᠲᠠᠢ᠃ ᠬᠤᠨᠴᠢᠷ᠂ ᠦᠬᠡᠷ ᠤᠨ ᠪᠣᠷᠴᠠ᠂ ᠴᠠᠭᠠᠨ ᠢᠳᠡᠭᠡᠨ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠨᠠᠷᠢᠯᠢᠭ ᠡᠳ᠋ᠰᠢᠭᠦᠯᠬᠦ ᠪᠠ ᠪᠣᠷᠣᠯᠠᠭᠤᠯᠬᠤ ᠶᠢ ᠨᠢᠭᠡ ᠴᠣᠭᠴᠠ ᠪᠣᠯᠭᠠᠵᠤ᠂ ᠬᠤᠨᠴᠢᠷ ᠤᠨ ᠴᠠᠭᠠᠨ ᠢᠳᠡᠭᠡᠨ᠂ ᠬᠤᠨᠴᠢᠷ ᠴᠠᠢ ᠵᠡᠷᠭᠡ ᠣᠯᠠᠨ ᠵᠦᠢᠯ ᠤᠨ ᠦᠢᠯᠡᠳᠬᠦᠨ ᠢ ᠰᠤᠳᠤᠯᠤᠨ ᠪᠦᠲᠦᠭᠡᠭᠰᠡᠨ ᠪᠠᠶᠢᠨ᠎ᠠ᠃ ᠪᠤᠭᠤᠲᠤ ᠬᠤᠲᠠ ᠶᠢᠨ ᠲᠣᠭᠤᠷᠢᠭ ᠲᠤ 10 ᠭᠠᠷᠤᠢ ︽ᠲᠡᠮᠦᠵᠢᠨ︾ ᠰᠢᠭᠤᠳ ᠡᠵᠡᠩᠨᠡᠬᠦ ᠳᠡᠯᠭᠡᠭᠦᠷ ᠭᠠᠷᠭᠠᠵᠤ᠂ ᠤᠯᠤᠰ ᠤᠨ ᠳᠣᠲᠣᠭᠠᠳᠤ ᠶᠢᠨ 200 ᠭᠠᠷᠤᠢ ᠣᠷᠣᠯᠠᠭᠴᠢ ᠬᠤᠳᠠᠯᠳᠤᠭᠠᠴᠢᠨ ᠪᠠ ᠪᠣᠷᠣᠯᠠᠭᠤᠯᠭ᠎ᠠ ᠶᠢᠨ ᠭᠠᠵᠠᠷ ᠲᠠᠢ ᠬᠠᠮᠲᠤᠷᠠᠨ ᠠᠵᠢᠯᠯᠠᠬᠤ ᠬᠠᠷᠢᠴᠠᠭ᠎ᠠ ᠪᠠᠶᠢᠭᠤᠯᠵᠤ᠂ ᠦᠢᠯᠡᠳᠬᠦᠨ ᠤ ᠰᠠᠶᠢᠨ ᠦᠨᠡᠯᠡᠯᠲᠡ ᠶᠢᠨ ᠨᠣᠷᠮ᠎ᠠ 100 % ᠳᠤ ᠬᠦᠷᠴᠦ᠂ ᠥᠷᠭᠡᠨ ᠣᠯᠠᠨ ᠬᠡᠷᠡᠭᠯᠡᠭᠴᠢᠳ ᠤᠨ ᠳᠤᠷ᠎ᠠ ᠪᠠᠬ᠎ᠠ ᠶᠢ ᠶᠡᠬᠡᠳᠡ ᠲᠠᠲᠠᠵᠠᠢ᠃    ᠠᠵᠤ ᠦᠢᠯᠡᠰ ᠤᠨ ᠬᠡᠯᠬᠢᠶ᠎ᠡ ᠶᠢ ᠠᠳᠬᠤᠵᠤ᠂ ᠬᠤᠨᠴᠢᠷ ᠤᠨ ᠠᠵᠤ ᠦᠢᠯᠡᠰ ᠢᠶᠠᠷ ᠣᠨᠴᠠᠯᠢᠭᠲᠤ ᠠᠵᠤ ᠦᠢᠯᠡᠰ ᠤᠨ ᠰᠢᠨ᠎ᠡ ᠵᠠᠮ ᠢ ᠰᠦᠪᠡᠭᠴᠢᠯᠡᠨ᠎ᠡ᠃    ︽ᠬᠤᠨᠴᠢᠷ︾ ᠤᠨ ᠬᠦᠴᠦᠷᠬᠡᠭ ᠪᠠᠯᠭᠠᠰᠤ ᠶᠢ ᠪᠠᠷᠢᠮᠲᠠᠯᠠᠵᠤ᠂ ᠪᠦᠬᠦ ᠪᠠᠯᠭᠠᠰᠤᠨ ᠤ ᠬᠤᠨᠴᠢᠷ ᠲᠠᠷᠢᠬᠤ ᠲᠠᠯᠠᠪᠠᠢ ᠶᠢ 2 ᠲᠦᠮᠡᠨ ᠮᠦ ᠳᠤ ᠲᠣᠭᠲᠠᠪᠤᠷᠢᠵᠢᠭᠤᠯᠵᠤ᠂ ᠲᠠᠷᠢᠬᠤ ᠡᠷᠦᠬᠡ 482 ᠪᠠᠶᠢᠵᠤ᠂ ᠦᠢᠯᠡᠳᠬᠦᠨ ᠤ ᠥᠷᠲᠡᠭ ᠨᠢ 1 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 1.5 ᠲᠦᠮᠡᠨ ᠲᠣᠨ ᠰᠣᠷᠭᠤᠭ ᠬᠤᠨᠴᠢᠷ ᠦᠢᠯᠡᠳᠪᠦᠷᠢᠯᠡᠵᠦ᠂ ᠨᠣᠣᠰᠣ ᠲᠠᠢ ᠬᠤᠨᠴᠢᠷ ᠳᠤᠮᠳᠠᠴᠢ ᠪᠠᠷ 660 - 1100 ᠲᠥᠭᠦᠷᠢᠭ ᠤᠨ ᠴᠡᠪᠡᠷ ᠣᠷᠣᠯᠭ᠎ᠠ ᠣᠯᠪᠠ︔ ᠪᠣᠯᠪᠠᠰᠤᠷᠠᠭᠤᠯᠤᠭᠰᠠᠨ ᠬᠤᠨᠴᠢᠷ ᠮᠦ ᠪᠦᠷᠢ ᠶᠢᠨ ᠳᠤᠮᠳᠠᠴᠢ ᠠᠰᠢᠭ ᠣᠷᠣᠯᠭ᠎ᠠ ᠪᠠᠷᠤᠭ 440 - 1100 ᠲᠥᠭᠦᠷᠢᠭ ᠲᠤ ᠬᠦᠷᠴᠡᠢ᠃ ᠰᠢᠶᠠᠨ ᠤ ᠨᠠᠮ ᠤᠨ ᠬᠤᠷᠢᠶᠠᠨ ᠤ ︽ᠨᠢᠭᠡ ᠬᠤᠨᠴᠢᠷ ᠤᠨ ᠪᠠᠶᠠᠨ ᠲᠠᠷᠢᠶᠠᠴᠢᠳ︾ ᠤᠨ ᠳᠠᠭᠠᠭᠤᠯᠭ᠎ᠠ ᠳᠣᠣᠷ᠎ᠠ᠂ ᠤᠯᠤᠰ ᠤᠨ ᠳᠡᠰ ᠤᠨ ᠬᠤᠨᠴᠢᠷ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠪᠠᠷ ᠦᠨᠡᠯᠡᠭᠳᠡᠵᠦ᠂ ᠰᠢᠶᠠ ᠱᠢ ᠬᠤᠤ ᠶᠢᠨ ᠬᠢᠲᠠᠳ ᠡᠮ ᠤᠨ ᠮᠠᠲ᠋ᠧᠷᠢᠶᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠠᠮᠢᠳᠤᠯᠢᠭ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ 1 ᠳ᠋ᠦᠩᠰᠢᠭᠤᠷ ᠲᠥᠭᠦᠷᠢᠭ ᠤᠨ ᠭᠠᠨᠰᠦ ᠶᠢᠨ ᠳᠡᠭᠳᠡᠭᠡᠬᠡᠢ ᠡᠮ ᠢ ᠭᠦᠢᠴᠡᠳ ᠠᠰᠢᠭᠯᠠᠵᠤ᠂ ᠬᠤᠨᠴᠢᠷ ᠤᠨ ᠠᠵᠤ ᠦᠢᠯᠡᠰ ᠤᠨ ᠠᠵᠢᠯᠴᠢᠨ 615 ᠬᠥᠮᠦᠨ ᠢ ᠬᠥᠮᠦᠵᠢᠭᠦᠯᠵᠦ᠂ ᠬᠤᠨᠴᠢᠷ ᠤᠨ ᠠᠵᠤ ᠦᠢᠯᠡᠰ ᠤᠨ ᠠᠵᠢᠯᠴᠢᠨ 615 ᠬᠥᠮᠦᠨ ᠢ ᠬᠥᠮᠦᠵᠢᠭᠦᠯᠦᠨ᠂ ᠨᠡᠩ ᠣᠯᠠᠨ ᠠᠵᠢᠯ ᠤᠨ ᠪᠠᠶᠢᠷᠢ ᠪᠠ ᠨᠡᠮᠡᠯᠲᠡ ᠥᠷᠲᠡᠭ ᠢ ᠡᠭᠦᠳᠴᠦ᠂ ᠬᠤᠨᠴᠢᠷ ᠤᠨ ᠦᠢᠯᠡᠳᠪᠦᠷᠢᠯᠡᠯ ᠤᠨ ᠴᠢᠬᠢ ᠪᠤᠶᠢᠵᠢᠭᠤᠯᠬᠤ᠂ ᠲᠠᠷᠢᠬᠤ᠂ ᠬᠡᠰᠡᠭᠯᠡᠬᠦ᠂ ᠬᠤᠳᠠᠯᠳᠤᠨ ᠠᠪᠬᠤ᠂ ᠬᠥᠮᠥᠷᠭᠡᠯᠡᠨ ᠬᠠᠳᠠᠭᠠᠯᠠᠬᠤ᠂ ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠠᠵᠤ ᠦᠢᠯᠡᠰ ᠤᠨ ᠬᠡᠯᠬᠢᠶ᠎ᠡ ᠶᠢ ᠪᠣᠢ ᠪᠣᠯᠭᠠᠵᠤ᠂ ᠬᠤᠨᠴᠢᠷ ᠡᠭᠡᠯᠵᠢᠯᠡᠨ ᠠᠰᠢᠭ ᠬᠤᠪᠢᠶᠠᠬᠤ ᠠᠰᠠᠭᠤᠳᠠᠯ ᠢ ᠰᠢᠢᠳᠪᠦᠷᠢᠯᠡᠨ᠂ ᠲᠣᠰᠬᠤᠨ ᠤ ᠬᠠᠮᠲᠤ ᠪᠠᠷ ᠬᠠᠮᠲᠤᠷᠠᠨ ᠡᠵᠡᠩᠨᠡᠵᠦ ᠬᠤᠪᠢ ᠣᠷᠣᠭᠤᠯᠬᠤ ᠵᠠᠭᠪᠤᠷ ᠢ ᠰᠦᠪᠡᠭᠴᠢᠯᠡᠵᠦ᠂ 300 ᠲᠦᠮᠡᠨ ᠲᠥᠭᠦᠷᠢᠭ ᠤᠨ ᠴᠡᠪᠡᠷ ᠠᠰᠢᠭ ᠣᠷᠣᠯᠭ᠎ᠠ ᠶᠢ 60 ᠲᠦᠮᠡᠨ ᠲᠥᠭᠦᠷᠢᠭ ᠨᠡᠮᠡᠭᠳᠡᠭᠦᠯᠬᠦ ᠪᠣᠯᠤᠨ᠎ᠠ᠃    ᠣᠷᠣᠰᠢᠨ ᠲᠣᠭᠲᠠᠨᠢᠬᠤ ᠬᠤᠷᠢᠭ᠎ᠠ ᠱᠤᠭᠤᠮ ᠢ ᠰᠠᠬᠢᠵᠤ᠂ ᠣᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ᠎ᠡ᠃    ᠣᠳᠣ ᠶᠠᠳᠠᠭᠤ ᠠᠴᠠ ᠠᠩᠭᠢᠵᠢᠷᠠᠭᠰᠠᠨ 963 ᠡᠷᠦᠬᠡ ᠶᠢᠨ 1712 ᠬᠥᠮᠦᠨ᠂ 2024 ᠣᠨ ᠤ ᠬᠥᠮᠦᠨ ᠳᠤᠮᠳᠠᠴᠢ ᠶᠢᠨ ᠴᠡᠪᠡᠷ ᠣᠷᠣᠯᠭ᠎ᠠ 1.92 ᠲᠦᠮᠡᠨ ᠲᠥᠭᠦᠷᠢᠭ ᠲᠤ ᠬᠦᠷᠴᠦ᠂ 14.18% ᠪᠠᠷ ᠨᠡᠮᠡᠭᠳᠡᠪᠡ᠃ ᠬᠢᠨᠠᠨ ᠬᠡᠮᠵᠢᠬᠦ ᠡᠲᠡᠭᠡᠳ 264 ᠡᠷᠦᠬᠡ 441 ᠬᠥᠮᠦᠨ᠂ 2024 ᠣᠨ ᠳᠤ ᠬᠥᠮᠦᠨ ᠳᠤᠮᠳᠠᠴᠢ ᠶᠢᠨ ᠴᠡᠪᠡᠷ ᠣᠷᠣᠯᠭ᠎ᠠ 1.38 ᠲᠦᠮᠡᠨ ᠲᠥᠭᠦᠷᠢᠭ ᠲᠤ ᠬᠦᠷᠴᠦ᠂ 7.2% ᠢᠶᠠᠷ ᠨᠡᠮᠡᠭᠳᠡᠪᠡ᠃ ᠡᠷᠦᠬᠡ ᠳᠤ ᠬᠦᠷᠦᠭᠰᠡᠨ ᠠᠵᠤ ᠦᠢᠯᠡᠰ ᠤᠨ ᠨᠥᠬᠦᠪᠥᠷᠢ 165 ᠬᠥᠮᠦᠨ 40.512 ᠲᠦᠮᠡᠨ ᠲᠥᠭᠦᠷᠢᠭ ᠲᠤ ᠬᠦᠷᠴᠦ᠂ ᠲᠣᠰᠬᠤᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ 174 ᠬᠥᠮᠦᠨ ᠳᠤ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠱᠠᠩᠨᠠᠯ ᠨᠥᠬᠦᠪᠥᠷᠢ ᠣᠯᠭᠤᠬᠤ 776 ᠬᠥᠮᠦᠨ 165.84 ᠲᠦᠮᠡᠨ ᠲᠥᠭᠦᠷᠢᠭ ᠲᠤ ᠬᠦᠷᠴᠡᠢ᠃ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠬᠦ ︽ᠵᠢᠷᠭᠤᠭᠠᠨ ᠵᠦᠢᠯ ᠤᠨ ᠠᠷᠭ᠎ᠠ ᠬᠡᠮᠵᠢᠶ᠎ᠡ︾ ᠶᠢ ᠰᠢᠨ᠎ᠡ ᠪᠠᠷ ᠡᠭᠦᠳᠴᠦ᠂ 419 ᠬᠥᠮᠦᠨ ᠤᠳᠠᠭ᠎ᠠ ᠳᠤ ᠠᠰᠢᠭ ᠬᠦᠷᠲᠡᠭᠡᠵᠦ᠂ ᠬᠥᠮᠦᠨ ᠳᠤᠮᠳᠠᠴᠢ ᠶᠢᠨ ᠣᠷᠣᠯᠭ᠎ᠠ ᠶᠢ 6500 ᠲᠥᠭᠦᠷᠢᠭ ᠨᠡᠮᠡᠭᠳᠡᠭᠦᠯᠪᠡ᠃ 
 
ᠢᠷᠡᠯᠲᠡ᠄ ᠰᠢᠶᠠ ᠱᠢ ᠬᠤᠤ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号