3 ᠰᠠᠷ᠎ᠠ ᠶᠢᠨ 27 ᠤ ᠡᠳᠦᠷ᠂ ᠭᠦᠶᠡᠩ ᠰᠢᠶᠠᠨ ᠤ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ | ᠮᠡᠳᠡᠭᠦᠯᠦᠯᠲᠡ ᠶᠢᠨ ᠲᠢᠩᠬᠢᠮ ᠤᠨ ᠳᠣᠲᠣᠷ᠎ᠠ ᠬᠤᠭᠤᠰᠣᠨ ᠰᠠᠭᠤᠳᠠᠯ ᠦᠭᠡᠢ ᠪᠠᠶᠢᠵᠤ᠂ ᠪᠤᠭᠤᠲᠤ ᠬᠤᠲᠠ ᠶᠢᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢᠵᠢᠭᠦᠯᠪᠠ᠃ ︽ᠰᠢᠨ᠎ᠡ | ᠦᠵᠡᠯ ᠰᠠᠨᠠᠭ᠎ᠠ · ᠵᠠᠯᠠᠭᠤᠴᠤᠳ ᠤᠨ ᠰᠤᠷᠭᠠᠯ︾ ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ ᠲᠤᠰ | ᠲᠤᠰ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠠᠪᠤᠨ ᠭᠡᠰᠢᠭᠦᠨ ᠭᠦᠶᠡᠩ ᠰᠢᠶᠠᠨ ᠤ | ᠨᠠᠮ ᠤᠨ ᠭᠡᠰᠢᠭᠦᠨ ᠺᠠᠳ᠋ᠷᠴᠤᠳ ᠲᠤ ᠬᠥᠮᠦᠰ ᠤᠨ ᠰᠡᠳᠬᠢᠯ ᠳᠤ ᠭᠦᠨ ᠰᠠᠭᠤᠭᠳᠠᠬᠤ ᠭᠤᠣᠯ ᠰᠡᠳᠦᠪᠲᠦ | ᠤᠬᠠᠭᠤᠯᠤᠨ ᠲᠠᠶᠢᠯᠪᠤᠷᠢᠯᠠᠯᠲᠠ ᠬᠢᠪᠡ᠃ | ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠬᠤᠲᠠ ᠶᠢᠨ ᠣᠨᠣᠯ ᠤᠨ ᠰᠤᠷᠤᠯᠴᠠᠯᠭ᠎ᠠ ᠶᠢᠨ ᠬᠥᠩᠭᠡᠨ | ᠮᠣᠷᠢᠲᠤ ᠴᠡᠷᠢᠭ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠵᠠᠩ ᠯᠦ ᠶᠤᠸᠠᠨ᠂ | ᠯᠢᠶᠠᠩ ᠰᠢᠶᠣᠤ ᠮᠢᠨ᠂ ᠸᠠᠩ ᠵᠢᠶᠠᠨ ᠭᠦᠸᠧ᠂ ᠵᠠᠩ ᠵᠢᠩ ᠵᠢᠩ᠂ ᠵᠤᠤ ᠮᠧᠩ ᠲᠢᠩ ᠲᠤᠰ ᠲᠤᠰ ︽ᠭᠡᠷᠡᠯ | ᠵᠢᠷᠤᠭ ᠲᠠᠬᠢ ᠠᠮᠢᠳᠤᠷᠠᠯ ᠤᠨ ᠬᠤᠪᠢᠷᠠᠯᠲᠠ︾᠂ ︽ᠬᠤᠪᠢᠰᠬᠠᠯ ᠤᠨ ᠰᠢᠨ᠎ᠡ ᠴᠠᠭ ᠦᠶ᠎ᠡ ᠶᠢᠨ ᠪᠦᠯᠬᠦᠮᠳᠡᠨ | ᠤᠷᠤᠭᠰᠢᠯᠠᠬᠤ ᠰᠢᠨ᠎ᠡ ᠠᠶᠠᠨ ᠢ ᠵᠠᠮᠨᠠᠨ᠎ᠠ︾᠂ ︽︿ᠲᠠᠪᠤᠨ ᠬᠠᠮᠲᠤ﹀ ᠶᠢᠨ ᠬᠠᠷᠠᠭᠠᠰᠤ ᠠᠴᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠣᠶᠢᠯᠠᠭᠠᠵᠤ ᠪᠠᠲᠤ ᠪᠠᠬᠢ ᠪᠣᠯᠭᠠᠭᠰᠠᠨ ᠨᠢ︾᠂ ︽ | ᠪᠠᠲᠤᠬᠠᠭᠠᠯᠭ᠎ᠠ ᠰᠦᠮ᠎ᠡ ᠶᠢᠨ ᠤᠷᠪᠠᠯᠭᠠᠨ ᠤ ᠬᠥᠳᠡᠯᠭᠡᠭᠡᠨ ᠳᠤ ᠥᠪᠥᠷ ᠮᠣᠩᠭᠤᠯ ᠤᠨ ᠠᠷᠠᠳ ᠲᠦᠮᠡᠨ ᠤ | ᠪᠦᠯᠬᠦᠮᠳᠡᠨ ᠶᠠᠫᠣᠨ ᠢ ᠡᠰᠡᠷᠭᠦᠴᠡᠭᠰᠡᠨ︾᠂ ︽ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠭᠠᠳ ᠠᠭᠤᠤ | ᠶᠡᠭᠡ ᠡᠬᠡ ᠤᠯᠤᠰ ᠢᠶᠠᠨ ᠳᠡᠭᠡᠳᠦ ᠬᠡᠮᠵᠢᠶ᠎ᠡ ᠪᠠᠷ ᠮᠡᠳᠡᠷᠡᠭᠰᠡᠨ ᠢ ᠲᠡᠮᠳᠡᠭᠯᠡᠶ᠎ᠡ︾ ᠭᠡᠬᠦ ᠰᠡᠳᠦᠪ ᠢᠶᠠᠷ ᠤᠬᠠᠭᠤᠯᠤᠨ | ᠲᠠᠶᠢᠯᠪᠤᠷᠢᠯᠠᠪᠠ᠃ ᠲᠠᠪᠤᠨ ᠤᠬᠠᠭᠤᠯᠤᠨ ᠲᠠᠶᠢᠯᠪᠤᠷᠢᠯᠠᠭᠴᠢ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠡᠳᠦᠪ ᠪᠣᠯᠭᠠᠵᠤ᠂ ᠥᠪᠡᠷᠮᠢᠴᠡ ᠣᠨᠴᠠᠯᠢᠭ ᠲᠠᠢ | ᠣᠯᠠᠨ ᠡᠰᠢᠲᠦ ᠬᠠᠷᠠᠭᠠᠰᠤ᠂ ᠳᠥᠭᠦᠮ ᠣᠶᠢᠯᠠᠭᠠᠮᠵᠢᠲᠠᠢ ᠦᠭᠡ ᠬᠡᠯᠡ ᠪᠣᠯᠤᠨ ᠪᠠᠶᠠᠯᠢᠭ ᠠᠮᠢᠳᠤᠯᠢᠭ ᠪᠣᠳᠠᠲᠠᠢ | ᠵᠢᠱᠢᠶ᠎ᠡ ᠪᠠᠷ ᠳᠠᠮᠵᠢᠭᠤᠯᠤᠨ ᠪᠦᠬᠦ ᠲᠠᠯ᠎ᠠ ᠪᠠᠷ ᠰᠢᠰᠲ᠋ᠧᠮ ᠲᠠᠢ᠂ ᠭᠦᠨᠵᠡᠭᠡᠢ ᠪᠥᠭᠡᠳ ᠣᠶᠢᠯᠠᠭᠠᠮᠵᠢᠲᠠᠢ ᠤᠬᠠᠭᠤᠯᠤᠨ | ᠲᠠᠶᠢᠯᠪᠤᠷᠢᠯᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠣᠶᠢᠯᠠᠭᠠᠵᠤ᠂ ᠣᠨᠣᠪᠴᠢᠲᠠᠢ ᠡᠵᠡᠮᠰᠢᠬᠦ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠪᠠᠶᠢᠵᠤ᠂ | ᠥᠷᠭᠡᠨ ᠣᠯᠠᠨ ᠺᠠᠳ᠋ᠷ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠬᠦ ᠳᠤ ᠴᠢᠬᠤᠯᠠ | ᠯᠠᠪᠯᠠᠯᠲᠠ ᠶᠢᠨ ᠦᠨ᠎ᠡ ᠥᠷᠲᠡᠭ ᠲᠠᠢ ᠶᠤᠮ᠃ | ᠤᠬᠠᠭᠤᠯᠤᠨ ᠲᠠᠶᠢᠯᠪᠤᠷᠢᠯᠠᠬᠤ ᠬᠤᠷᠠᠯ ᠲᠡᠭᠦᠰᠦᠭᠰᠡᠨ ᠤ ᠳᠠᠷᠠᠭ᠎ᠠ᠂ ᠲᠤᠬᠠᠢ ᠶᠢᠨ ᠲᠠᠯᠠᠪᠠᠢ ᠶᠢᠨ ᠬᠥᠮᠦᠰ | ᠢᠯᠡᠷᠬᠡᠶᠢᠯᠡᠵᠡᠭᠡᠭᠰᠡᠨ ᠨᠢ᠂ ᠡᠶᠢᠮᠦᠷᠬᠦ ᠣᠨᠣᠯ ᠤᠨ ᠤᠬᠠᠭᠤᠯᠤᠨ ᠲᠠᠶᠢᠯᠪᠤᠷᠢᠯᠠᠯᠲᠠ ᠨᠢ ᠬᠠᠶᠢᠷ᠎ᠠ ᠰᠡᠳᠬᠢᠯᠭᠡ ᠲᠠᠢ᠂ | ᠣᠯᠠᠨ ᠲᠦᠮᠡᠨ ᠲᠠᠢ ᠣᠶᠢᠷᠠᠲᠤᠵᠤ᠂ ᠴᠢᠬᠢᠨ ᠳᠤ ᠬᠠᠳᠠᠩᠰᠢᠭᠰᠠᠨ ᠪᠣᠯᠬᠤᠷ ᠣᠯᠠᠨ ᠢᠶᠠᠷ ᠢᠶᠠᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠭᠦᠨᠵᠡᠭᠡᠢ | ᠠᠭᠤᠯᠤᠭᠳᠠᠬᠤᠨ ᠤ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ | ᠠᠵᠢᠯᠯᠠᠭ᠎ᠠ ᠶᠢᠨ ᠤᠬᠠᠮᠰᠠᠷ ᠢ ᠤᠯᠠᠮ ᠴᠢᠨᠠᠭᠰᠢᠳᠠ ᠴᠢᠩᠭᠠᠳᠬᠠᠪᠠ᠃ | |