︽ᠨᠠᠮ ᠤᠨ ᠭᠠᠳᠠᠨᠠᠬᠢ ᠵᠠᠯᠠᠭᠤᠴᠤᠳ ᠣᠶᠤᠨ ᠤᠬᠠᠭᠠᠨ ᠢᠶᠠᠨ ᠲᠥᠪᠯᠡᠷᠡᠭᠦᠯᠵᠦ᠂ ᠰᠡᠳᠬᠢᠯ ᠨᠢᠭᠡᠳᠦᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ︾ - ᠰᠢᠶᠠ   ᠱᠢ ᠬᠤᠤ ᠪᠠᠯᠭᠠᠰᠤ ᠨᠠᠮ ᠤᠨ ᠭᠠᠳᠠᠨᠠᠬᠢ ᠵᠠᠯᠠᠭᠤ ᠺᠠᠳ᠋ᠷᠴᠤᠳ ᠤᠨ ᠰᠣᠯᠢᠯᠴᠠᠭᠠᠨ ᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/2
    2025 ᠣᠨ ᠤ 3 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠰᠢᠶᠠ ᠱᠢ ᠬᠤᠤ ᠪᠠᠯᠭᠠᠰᠤ ︽ᠨᠠᠮ ᠤᠨ ᠭᠠᠳᠠᠨᠠᠬᠢ ᠵᠠᠯᠠᠭᠤᠴᠤᠳ ᠣᠶᠤᠨ ᠤᠬᠠᠭᠠᠨ ᠢᠶᠠᠨ ᠲᠥᠪᠯᠡᠷᠡᠭᠦᠯᠦᠨ᠂ ᠰᠡᠳᠬᠢᠯ ᠨᠢᠭᠡᠳᠦᠨ ᠢᠷᠡᠭᠡᠳᠦᠢ ᠪᠠᠨ ᠴᠣᠭᠴᠠᠯᠠᠶ᠎ᠠ︾ ᠭᠡᠬᠦ ᠨᠠᠮ ᠤᠨ ᠭᠠᠳᠠᠨᠠᠬᠢ ᠵᠠᠯᠠᠭᠤ ᠺᠠᠳ᠋ᠷᠴᠤᠳ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ ᠤᠷᠢᠬᠠᠨ ᠬᠤᠷᠠᠯ ᠢ ᠡᠷᠬᠢᠯᠡᠵᠦ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠸᠠᠩ ᠵᠢᠶᠠ ᠰᠢᠨ᠂ ᠳᠡᠳ᠋ ᠳᠠᠷᠤᠭ᠎ᠠ ᠵᠠᠩ ᠵᠢᠶᠠᠨ ᠯᠧ ᠤᠷᠢᠯᠭ᠎ᠠ ᠪᠠᠷ ᠬᠤᠷᠠᠯ ᠳᠤ ᠣᠷᠣᠯᠴᠠᠵᠤ ᠵᠢᠭᠠᠨ ᠵᠢᠯᠣᠭᠤᠳᠴᠤ᠂ ᠪᠠᠯᠭᠠᠰᠤᠨ ᠤ ᠨᠠᠮ ᠤᠨ ᠭᠠᠳᠠᠨᠠᠬᠢ ᠺᠠᠳ᠋ᠷᠴᠤᠳ ᠲᠤᠰ ᠤᠳᠠᠭᠠᠨ ᠤ ᠶᠠᠷᠢᠯᠴᠠᠬᠤ ᠬᠤᠷᠠᠯ ᠳᠤ ᠣᠷᠣᠯᠴᠠᠪᠠ᠃    ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾᠂ ︽ᠭᠦᠶᠡᠩ ᠰᠢᠶᠠᠨ ᠤ ᠨᠠᠮ ᠤᠨ ᠭᠠᠳᠠᠨᠠᠬᠢ ᠺᠠᠳ᠋ᠷᠴᠤᠳ ᠤᠨ ᠬᠠᠮᠢᠶᠠᠷᠤᠯᠲᠠ ᠶᠢᠨ ᠠᠷᠭ᠎ᠠ︾ ︵ᠲᠤᠷᠰᠢᠨ ᠬᠡᠷᠡᠭᠵᠢᠭᠦᠯᠬᠦ︶ ᠵᠢᠴᠢ ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠢ ᠬᠤᠷᠠᠯᠳᠤᠭᠤᠯᠬᠤ︾ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠨᠠᠮ ᠤᠨ ᠭᠠᠳᠠᠨᠠᠬᠢ ᠵᠠᠯᠠᠭᠤ ᠺᠠᠳ᠋ᠷᠴᠤᠳ ᠢ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠤᠯᠤᠰ ᠲᠥᠷᠥ ᠶᠢᠨ ᠬᠡᠪ ᠪᠣᠯᠪᠠᠰᠤᠷᠠᠯ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠲᠤᠰ ᠪᠡᠶ᠎ᠡ ᠶᠢᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠯᠦᠭᠡ ᠶᠢᠨ ᠣᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠨᠡᠩ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠮ ᠤᠨ ᠭᠠᠳᠠᠨᠠᠬᠢ ᠵᠠᠯᠠᠭᠤᠴᠤᠳ ᠤᠨ ᠡᠷᠡᠯᠬᠡᠭᠯᠡᠨ ᠤᠷᠤᠭᠰᠢᠯᠠᠬᠤ ᠴᠢᠩᠭ᠎ᠠ ᠳᠠᠭᠤᠨ ᠢ ᠴᠤᠤᠷᠢᠶᠠᠲᠤᠭᠤᠯᠵᠤ᠂ ᠨᠢᠭᠡᠳᠦᠮᠡᠯ ᠹᠷᠣᠨᠲ ᠤᠨ ᠦᠢᠯᠡᠰ ᠤᠨ ᠴᠣ ᠰᠢᠨ᠎ᠡ ᠵᠢᠷᠤᠭ ᠲᠥᠯᠥᠪᠯᠡᠭᠡ ᠶᠢ ᠵᠢᠷᠤᠬᠤ ᠬᠡᠷᠡᠭᠲᠡᠢ ᠭᠡᠵᠦ ᠱᠠᠭᠠᠷᠳᠠᠪᠠ᠃    ᠶᠠᠷᠢᠯᠴᠠᠬᠤ ᠬᠤᠷᠠᠯ ᠳᠡᠭᠡᠷ᠎ᠡ᠂ ᠨᠠᠮ ᠤᠨ ᠭᠠᠳᠠᠨᠠᠬᠢ 9 ᠵᠠᠯᠠᠭᠤ ᠺᠠᠳ᠋ᠷ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰ ᠪᠡᠶ᠎ᠡ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠣᠶᠢᠷ᠎ᠠ ᠶᠢᠨ ᠵᠢᠯ ᠳᠤ ᠣᠯᠤᠭᠰᠠᠨ ᠭᠢᠯᠠᠰ ᠴᠡᠭ ᠤᠨ ᠠᠮᠵᠢᠯᠲᠠ᠂ ᠠᠵᠢᠯ ᠤᠨ ᠣᠯᠤᠯᠲᠠ ᠲᠥᠷᠥᠭᠳᠡᠯ᠂ ᠳᠠᠷᠠᠭᠠᠴᠢ ᠶᠢᠨ ᠱᠠᠲᠤᠨ ᠤ ᠠᠵᠢᠯ ᠤᠨ ᠲᠥᠯᠥᠪᠯᠡᠭᠡ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃ ᠣᠯᠠᠨ ᠢᠶᠠᠷ ᠢᠶᠠᠨ᠂ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠵᠣᠷᠢᠭᠲᠠᠢ ᠪᠠᠷ ᠰᠢᠨ᠎ᠡ ᠶᠢ ᠡᠭᠦᠳᠴᠦ᠂ ᠵᠣᠷᠢᠭᠲᠠᠢ ᠪᠠᠷ ᠦᠢᠯᠡᠳᠦᠯᠭᠡᠵᠢᠭᠦᠯᠵᠦ᠂ ᠨᠢᠭᠡᠳᠦᠮᠡᠯ ᠹᠷᠣᠨᠲ ᠲᠤ ᠵᠠᠯᠠᠭᠤ ᠬᠠᠷᠠᠭᠠᠰᠤ ᠶᠢᠨ ᠪᠣᠳᠣᠯᠬᠢᠯᠠᠯ ᠢ ᠬᠠᠩᠭᠠᠨ᠎ᠠ ᠭᠡᠵᠦ ᠢᠯᠡᠳᠬᠡᠵᠡᠭᠡᠪᠡ᠃ ᠲᠤᠰ ᠪᠡᠶ᠎ᠡ ᠶᠢᠨ ᠪᠣᠳᠠᠲᠤ ᠪᠠᠶᠢᠳᠠᠯ ᠢᠶᠠᠨ ᠭᠦᠢᠴᠡᠳ ᠪᠠᠳᠠᠷᠠᠭᠤᠯᠵᠤ᠂ ᠪᠠᠯᠭᠠᠰᠤᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠭᠤᠣᠯᠳᠠᠯᠭ᠎ᠠ ᠶᠢᠨ ᠲᠣᠭᠤᠷᠢᠨ ᠳᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠠᠷᠢᠭᠤ ᠲᠤᠰᠬᠠᠵᠤ᠂ ᠰᠢᠶᠠ ᠱᠢ ᠬᠤᠤ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠨᠡᠮᠡᠷᠢᠯᠡᠪᠡ᠃    ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠸᠠᠩ ᠵᠢᠶᠠ ᠰᠢᠨ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠶᠠᠷᠢᠯᠴᠠᠬᠤ ᠬᠤᠷᠠᠯ ᠨᠢ ᠭᠤᠣᠯᠳᠠᠭᠤ ᠪᠠᠯᠭᠠᠰᠤᠨ ᠤ ᠳᠣᠲᠣᠷᠠᠬᠢ ᠨᠠᠮ ᠤᠨ ᠭᠠᠳᠠᠨᠠᠬᠢ ᠵᠠᠯᠠᠭᠤ ᠺᠠᠳ᠋ᠷᠴᠤᠳ ᠤᠨ ᠠᠵᠢᠯ ᠤᠨ ᠣᠳᠣᠬᠢ ᠪᠠᠶᠢᠳᠠᠯ᠂ ᠦᠵᠡᠯ ᠰᠠᠨᠠᠭᠠᠨ ᠤ ᠪᠠᠶᠢᠳᠠᠯ ᠬᠢᠭᠡᠳ ᠬᠥᠭᠵᠢᠯᠲᠡ ᠶᠢᠨ ᠬᠡᠷᠡᠭᠴᠡᠭᠡ ᠶᠢ ᠣᠶᠢᠯᠠᠭᠠᠵᠤ᠂ ᠨᠠᠮ ᠤᠨ ᠭᠠᠳᠠᠨᠠᠬᠢ ᠬᠥᠮᠦᠰ ᠤᠨ ︽ᠬᠤᠶᠠᠷ ᠢ ᠰᠤᠷᠪᠤᠯᠵᠢᠯᠠᠬᠤ᠂ ᠬᠤᠶᠠᠷ ᠢ ᠮᠡᠳᠡᠭᠦᠯᠬᠦ︾ ᠳᠦᠷᠢᠮ ᠢ ᠨᠡᠩ ᠰᠠᠶᠢᠲᠤᠷ ᠨᠠᠶᠢᠳᠠᠪᠤᠷᠢᠵᠢᠭᠤᠯᠤᠨ᠎ᠠ᠃ ᠵᠠᠯᠠᠭᠤ ᠺᠠᠳ᠋ᠷᠴᠤᠳ ᠤᠨ ᠠᠵᠢᠯ ᠤᠨ ᠳᠤᠮᠳᠠᠬᠢ ᠦᠷ᠎ᠡ ᠪᠦᠲᠦᠭᠡᠯ ᠨᠢᠭᠡᠪᠦᠷᠢ ᠶᠢ ᠭᠦᠢᠴᠡᠳ ᠨᠤᠲᠠᠯᠠᠪᠠ᠃ ᠠᠵᠢᠯ ᠤᠨ ᠪᠠᠶᠢᠷᠢ ᠳᠤ ᠡᠷᠬᠢᠮ ᠨᠠᠨᠳᠢᠨ ᠵᠦᠢᠯ ᠭᠡᠵᠦ ᠪᠠᠶᠢᠬᠤ ᠦᠭᠡᠢ᠂ ᠶᠠᠮᠠᠷ ᠠᠵᠢᠯ ᠤᠨ ᠪᠠᠶᠢᠷᠢ ᠳᠤ ᠶᠠᠮᠠᠷ ᠲᠤᠰᠢᠶᠠᠯ ᠡᠭᠦᠷᠭᠡᠯᠡᠭᠰᠡᠨ ᠳᠤ ᠴᠤ ᠲᠡᠷᠡ᠂ ᠬᠥᠮᠦᠨ ᠨᠢᠭᠡᠪᠦᠷᠢ ᠶᠢᠨ ᠴᠢᠷᠮᠠᠶᠢᠯᠭ᠎ᠠ ᠨᠢ ᠴᠥᠮ ᠥᠪᠡᠷᠮᠢᠴᠡ ᠥᠷᠲᠡᠭ ᠲᠠᠢ ᠶᠤᠮ᠂ ᠵᠠᠯᠠᠭᠤ ᠺᠠᠳ᠋ᠷ ᠲᠤᠰ ᠪᠡᠶ᠎ᠡ ᠶᠢᠨ ᠠᠵᠢᠯ ᠤᠨ ᠲᠤᠷᠰᠢᠯᠭ᠎ᠠ ᠪᠠᠨ ᠴᠢᠳᠠᠮᠠᠭᠠᠢ ᠪᠠᠷ ᠳ᠋ᠦᠩᠨᠡᠵᠦ᠂ ᠬᠤᠪᠢᠳᠠᠭᠰᠠᠨ ᠶᠠᠪᠤᠳᠠᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠢᠮᠠᠭᠲᠠ ᠳᠠᠷᠤᠤ ᠬᠢᠴᠢᠶᠡᠩᠭᠦᠢ ᠰᠤᠷᠤᠯᠴᠠᠬᠤ ᠣᠪᠣᠷ ᠲᠠᠢ ᠪᠠᠶᠢᠵᠤ᠂ ᠳᠡᠷᠭᠡᠳᠡᠬᠢ ᠰᠢᠯᠢᠳᠡᠭ ᠬᠠᠮᠲᠤ ᠠᠵᠢᠯᠲᠠᠨ᠂ ᠠᠬᠠᠮᠠᠳ ᠦᠶ᠎ᠡ ᠶᠢᠨ ᠬᠢ ᠠᠴᠠ ᠢᠯᠡᠭᠦᠬᠡᠨ ᠬᠢᠴᠢᠶᠡᠯ ᠣᠷᠣᠵᠤ ᠰᠠᠨᠠᠯ ᠢᠶᠠᠨ ᠰᠣᠯᠢᠯᠴᠠᠵᠤ᠂ ᠲᠤᠷᠰᠢᠯᠭ᠎ᠠ ᠰᠢᠩᠭᠡᠭᠡᠨ ᠠᠪᠴᠤ᠂ ᠥᠪᠡᠷ ᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠣᠯᠳᠠᠰᠢ ᠦᠭᠡᠢ ᠠᠵᠠ ᠲᠣᠬᠢᠶᠠᠯ ᠨᠢᠭᠡᠪᠦᠷᠢ ᠶᠢ ᠨᠠᠨᠳᠢᠩᠨᠠᠵᠤ᠂ ᠥᠪᠡᠷ ᠤᠨ ᠴᠢᠳᠠᠪᠤᠷᠢ ᠪᠣᠯᠤᠨ ᠠᠪᠢᠶᠠᠰ ᠴᠢᠳᠠᠪᠤᠷᠢ ᠪᠠᠨ ᠵᠣᠷᠢᠭᠲᠠᠢ ᠪᠠᠷ ᠪᠠᠳᠠᠷᠠᠭᠤᠯᠵᠤ᠂ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠭᠡᠷᠡᠯ ᠭᠢᠯᠪᠠᠭ᠎ᠠ ᠪᠠᠨ ᠪᠠᠳᠠᠷᠠᠭᠤᠯᠤᠨ᠂ ᠨᠢᠭᠡᠳᠦᠮᠡᠯ ᠹᠷᠣᠨᠲ ᠤᠨ ᠦᠢᠯᠡᠰ ᠤᠨ ᠰᠢᠨ᠎ᠡ ᠥᠨᠳᠥᠷ ᠲᠦᠪᠰᠢᠨ ᠳᠤ ᠬᠦᠷᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠬᠤ ᠶᠢ ᠬᠠᠮᠲᠤ ᠪᠠᠷ ᠠᠬᠢᠭᠤᠯᠤᠨ᠎ᠠ ᠭᠡᠵᠡᠢ᠃   ᠳᠠᠷᠠᠭ᠎ᠠ ᠳᠤᠨᠢ᠂ ᠬᠥᠮᠦᠰ ᠰᠢᠶᠠ ᠱᠢ ᠬᠤᠤ ᠪᠠᠯᠭᠠᠰᠤᠨ ᠤ ᠭᠦ᠋ ᠢᠦᠢ ᠤᠯᠠᠭ᠎ᠠ ᠥᠷᠲᠡᠭᠡ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ︽ᠲᠦᠩ ᠰᠢᠨ ᠬᠤᠢ︾ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠣᠶᠢᠯᠠᠭᠠᠪᠠ᠃ ᠡᠨᠡ ᠬᠦ ᠥᠪᠡᠷᠮᠢᠴᠡ ᠳᠠᠪᠠᠭᠤᠯᠢᠭ ᠢ ᠬᠡᠷᠬᠢᠨ ᠭᠦᠢᠴᠡᠳ ᠠᠭᠤᠳᠠᠯᠬᠤ ᠳᠤ ᠴᠢᠭᠯᠡᠭᠦᠯᠦᠨ᠂ ︽ᠲᠦᠩ ᠰᠢᠨ ᠬᠤᠢ︾ ᠶᠢ ᠨᠠᠷᠢᠨ ᠨᠢᠮᠪᠠᠢ ᠰᠣᠯᠢᠯᠴᠠᠭ᠎ᠠ ᠬᠢᠬᠦ᠂ ᠬᠠᠮᠲᠤᠷᠠᠯᠴᠠᠭ᠎ᠠ ᠬᠢᠬᠦ ᠪᠠ ᠰᠢᠨ᠎ᠡ ᠶᠢ ᠡᠭᠦᠳᠬᠦ ᠣᠨᠴᠠᠯᠢᠭᠲᠤ ᠲᠠᠪᠴᠠᠩ ᠪᠣᠯᠭᠠᠵᠤ᠂ ᠮᠠᠰᠢ ᠣᠯᠠᠨ ᠨᠤᠲᠤᠭ ᠤᠨ ᠮᠡᠷᠭᠡᠳ ᠢ ᠲᠡᠳᠡᠨ ᠠᠪᠴᠢᠷᠠᠵᠤ᠂ ᠡᠯ᠎ᠡ ᠲᠠᠯ᠎ᠠ ᠶᠢᠨ ᠴᠢᠳᠠᠪᠤᠷᠢᠲᠠᠨ ᠢ ᠬᠤᠶᠢᠨ᠎ᠠ ᠬᠤᠶᠢᠨ᠎ᠠ ᠠᠴᠠ ᠪᠠᠨ ᠲᠠᠲᠠᠵᠤ᠂ ᠪᠦᠲᠦᠭᠡᠯᠴᠢ ᠴᠢᠨᠠᠷᠲᠠᠢ ᠵᠢᠯᠣᠭᠤᠳᠬᠤ ᠰᠠᠨᠠᠯ ᠳᠤᠷᠠᠳᠴᠤ᠂ ︽ᠲᠦᠩ ᠰᠢᠨ ᠬᠤᠢ ︾ ᠶᠢ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠦᠷ ᠪᠣᠯᠭᠠᠬᠤ ᠪᠠᠷ ᠴᠢᠷᠮᠠᠶᠢᠪᠠ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号