ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠯᠲᠠ ᠳᠤ ᠣᠷᠳᠣ ᠬᠤᠭᠤᠴᠠᠭᠠᠨ ᠤ | ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠤᠯᠪᠣᠭᠳᠠᠯ ᠪᠦᠬᠦᠢ | ᠠᠷᠭ᠎ᠠ ᠬᠡᠮᠵᠢᠶ᠎ᠡ ᠶᠢ ᠰᠤᠳᠤᠯᠪᠠ | ᠬᠤᠷᠠᠯ ᠢᠶᠠᠷ ᠵᠢᠭᠠᠵᠤ ᠭᠠᠷᠭᠠᠭᠰᠠᠨ ᠨᠢ᠂ ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ | ᠬᠤᠷᠢᠶᠠᠯᠲᠠ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠣᠯ ᠠᠵᠤ ᠠᠬᠤᠶᠢᠯᠠᠯ ᠤᠨ ᠡᠵᠡᠩᠨᠡᠯᠲᠡ ᠶᠢᠨ | ᠥᠪᠡᠷ ᠤᠨ ᠦᠷᠳᠡᠭ ᠢ ᠨᠢ ᠪᠠᠭᠤᠷᠠᠭᠤᠯᠬᠤ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ | ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠰᠡᠷᠭᠡᠶᠢᠯᠡᠬᠦ ᠪᠠ ᠵᠠᠰᠠᠬᠤ ᠶᠢ ᠵᠡᠷᠭᠡ ᠪᠠᠷ ᠠᠳᠬᠤᠬᠤ᠂ ᠦᠡᠭᠭᠡᠨ | ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ | ᠬᠠᠷᠢᠶ᠎ᠠ ᠨᠢᠭᠡᠴᠢ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ᠂ ᠠᠵᠢᠯ | ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ᠂ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠣᠭᠠᠨ ᠤ | ᠲᠤᠬᠠᠶᠢᠯᠠᠭᠰᠠᠨ ᠠᠵᠢᠯ ᠡᠵᠡᠩᠨᠡᠬᠦ ᠠᠵᠤ ᠠᠬᠤᠶᠢᠯᠠᠯ ᠵᠡᠷᠭᠡ ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ | ᠬᠤᠷᠢᠶᠠᠬᠤ ᠭᠤᠣᠯ ᠴᠣᠭᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠶᠠᠪᠤᠴᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ ᠂ ᠬᠠᠮᠵᠢᠯᠴᠠᠭᠰᠠᠨ ᠥᠨᠳᠥᠷ ᠪᠦᠲᠦᠮᠵᠢᠲᠡᠢ ᠤᠷᠳᠤ ᠬᠤᠭᠤᠴᠠᠭᠠᠨ ᠤ ᠪᠦᠲᠦᠮᠵᠢᠲᠡᠢ | ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠬᠦᠴᠦᠯᠡᠨ ᠪᠠᠶᠢᠭᠤᠯᠤᠨ᠎ᠠ ᠃ | ᠠᠵᠤ ᠠᠬᠤᠶᠢᠯᠠᠯ ᠯᠤᠭ᠎ᠠ ᠬᠤᠯᠪᠤᠭᠳᠠᠭᠰᠠᠨ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠳᠠᠩᠰᠠᠨ ᠤ | ᠳᠦᠷᠢᠮ ᠢ ᠪᠦᠷᠢᠨᠰᠢᠭᠦᠯᠵᠦ᠂ ᠪᠣᠶ ᠪᠦᠬᠦᠢ ᠰᠦᠢᠳᠬᠡᠯ ᠬᠤᠷᠢᠶᠠᠬᠤ ᠲᠥᠷᠥᠯ ᠵᠦᠢᠯ ᠢ ᠴᠥᠮ ᠨᠠᠷᠢᠨ ᠳᠠᠩᠰᠠᠨ ᠳᠤ | ᠣᠷᠣᠭᠤᠯᠬᠤ ᠶᠢᠨ ᠬᠠᠮᠲᠤ ᠨᠡᠶᠢᠭᠡᠮ ᠳᠤ ᠢᠯᠡ ᠪᠣᠯᠭᠠᠵᠤ᠂ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ | ᠪᠠᠷᠢᠮᠵᠢᠶ᠎ᠠ᠂ ᠰᠦᠢᠳᠬᠡᠯ ᠬᠤᠷᠢᠶᠠᠬᠤ ᠲᠤᠭ᠎ᠠ ᠬᠡᠮᠵᠢᠶ᠎ᠡ ᠶᠢ ᠲᠣᠳᠣᠷᠬᠠᠶᠢᠯᠠᠨ᠎ᠠ ᠂ ᠨᠠᠷᠢᠨ ᠳᠠᠩᠰᠠᠨ ᠤ | ᠳᠣᠲᠣᠷᠠᠬᠢ ᠠᠴᠠ ᠪᠤᠰᠤᠳ ᠶᠠᠮᠠᠷ ᠴᠤ ᠰᠦᠢᠳᠬᠡᠯ ᠬᠤᠷᠢᠶᠠᠵᠤ ᠪᠣᠯᠬᠤ ᠦᠭᠡᠢ᠂ ᠠᠵᠤ ᠠᠬᠤᠶᠢᠯᠠᠯ ᠯᠤᠭ᠎ᠠ | ᠬᠤᠯᠪᠤᠭᠳᠠᠭᠰᠠᠨ ᠰᠦᠢᠳᠬᠡᠯ ᠬᠤᠷᠢᠶᠠᠯᠲᠠ ᠶᠢᠨ ᠦᠯᠡᠳᠡᠭᠡᠯ ᠲᠥᠷᠥ ᠶᠢᠨ ᠪᠣᠳᠣᠯᠭ᠎ᠠ ᠨᠤᠭᠤᠳ ᠢ ᠬᠠᠤᠯᠢ | ᠲᠣᠭᠲᠠᠭᠠᠯ ᠶᠣᠰᠣᠭᠠᠷ ᠢᠯᠭᠠᠷᠠᠭᠤᠯᠤᠨ᠎ᠠ ᠃ | ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ | ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠦᠭᠡᠢ᠂ ᠠᠵᠤ ᠠᠬᠤᠶᠢᠯᠠᠯ ᠯᠤᠭ᠎ᠠ | ᠬᠤᠯᠪᠤᠭᠳᠠᠭᠰᠠᠨ ᠰᠦᠢᠳᠬᠡᠯ ᠬᠤᠷᠢᠶᠠᠬᠤ ᠲᠥᠷᠥᠯ ᠵᠦᠢᠯ ᠢ ᠡᠷᠬᠡ ᠠᠴᠠ ᠪᠠᠨ ᠳᠠᠪᠠᠭᠤᠯᠵᠤ ᠳᠣᠭᠲᠠᠭᠠᠭᠰᠠᠨ | ᠪᠠᠶᠢᠪᠠᠯ ᠴᠥᠮ ᠬᠦᠴᠦᠨ ᠦᠭᠡᠢ ᠪᠣᠯᠭᠠᠨ᠎ᠠ ︔ ᠲᠠᠲᠠᠪᠤᠷᠢᠯᠠᠵᠤ ᠬᠤᠷᠢᠶᠠᠬᠤ ᠪᠠᠷᠢᠮᠵᠢᠶ᠎ᠠ ᠶᠢ ᠳᠤᠷ᠎ᠠ ᠪᠠᠷ ᠢᠶᠠᠨ | ᠳᠡᠭᠡᠭᠰᠢᠯᠡᠭᠦᠯᠦᠭᠰᠡᠨ ᠂ ᠲᠠᠲᠠᠪᠤᠷᠢᠯᠠᠵᠤ ᠬᠤᠷᠢᠶᠠᠬᠤ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠭᠰᠡᠨ ᠦᠢᠯᠡ | ᠠᠵᠢᠯᠯᠠᠭ᠎ᠠ ᠨᠤᠭᠤᠳ ᠢ ᠡᠷᠡᠰ ᠵᠠᠯᠠᠷᠠᠭᠤᠯᠤᠨ᠎ᠠ︔ ᠠᠵᠤ ᠠᠬᠤᠶᠢᠯᠠᠯ ᠯᠤᠭ᠎ᠠ ᠬᠤᠯᠪᠤᠭᠳᠠᠭᠰᠠᠨ ᠰᠦᠢᠳᠬᠡᠯ | ᠬᠤᠷᠢᠶᠠᠯᠲᠠ ᠶᠢᠨ ᠲᠥᠷᠥ ᠶᠢᠨ ᠪᠣᠳᠣᠯᠭ᠎ᠠ ᠶᠢ ᠦᠨᠡᠨ ᠬᠦ ᠰᠢᠨ᠎ᠡ ᠪᠠᠷ ᠨᠡᠶᠢᠲᠡᠯᠡᠬᠦ ᠴᠢᠬᠤᠯᠠᠲᠠᠢ ᠪᠣᠯ ᠬᠠᠤᠯᠢ | ᠶᠣᠰᠣᠴᠢ ᠴᠢᠨᠠᠷ᠂ ᠲᠥᠪ ᠭᠤᠥᠯᠴᠢ ᠴᠢᠨᠠᠷ ᠵᠢᠴᠢ ᠨᠡᠶᠢᠭᠡᠮ ᠳᠠᠬᠢ ᠨᠥᠯᠥᠭᠡ ᠶᠢᠨ ᠵᠢᠱᠢᠯᠲᠡ ᠵᠡᠷᠭᠡ ᠲᠠᠯ᠎ᠠ ᠠᠴᠠ | ᠬᠢᠨᠠᠨ ᠬᠠᠷᠭᠤᠭᠤᠯᠤᠯᠲᠠ ᠪᠠᠨ ᠴᠢᠩᠭᠠᠳᠬᠠᠨ᠎ᠠ ᠃ | ᠠᠵᠤ ᠠᠬᠤᠶᠢᠯᠠᠯ ᠯᠤᠭ᠎ᠠ ᠬᠤᠯᠪᠤᠭᠳᠠᠭᠰᠠᠨ ᠰᠦᠢᠳᠬᠡᠯ ᠬᠤᠷᠢᠶᠠᠯᠲᠠ ᠶᠢ ᠬᠢᠨᠠᠨ ᠰᠢᠨᠵᠢᠵᠦ ᠦᠨᠡᠯᠡᠨ ᠵᠢᠱᠢᠬᠦ | ᠳᠦᠷᠢᠮ ᠢᠶᠠᠨ ᠪᠦᠷᠢᠨᠰᠢᠭᠦᠯᠦᠨ ᠂ ᠠᠰᠠᠭᠤᠳᠠᠯ ᠤᠳ ᠤᠨ ᠰᠦᠪᠡᠭᠴᠢ ᠨᠦᠭᠦᠳ ᠢ ᠴᠤᠭᠯᠠᠭᠤᠯᠬᠤ ᠪᠠ ᠰᠢᠢᠳᠪᠦᠷᠢᠯᠡᠬᠦ | ᠲᠣᠭᠲᠠᠴᠠ ᠪᠠᠨ ᠰᠢᠯᠢᠳᠡᠭᠵᠢᠭᠦᠯᠵᠦ᠂ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ ᠂ ᠬᠠᠮᠵᠢᠯᠴᠠᠨ ᠵᠠᠰᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ | ᠵᠢᠱᠢᠯᠲᠡ ᠶᠢ ᠨᠢ ᠴᠢᠨᠠᠭᠰᠢᠳᠠ ᠤᠯᠠᠮ ᠳᠣᠭᠲᠠᠪᠤᠷᠢᠵᠢᠭᠤᠯᠤᠨ ᠂ ᠬᠥᠭᠵᠢᠯᠲᠡ ᠶᠢᠨ ᠢᠲᠡᠭᠡᠯ ᠢ ᠨᠢ ᠨᠡᠮᠡᠭᠳᠡᠭᠦᠯᠦᠨ᠎ᠡ ᠃ | ︽ᠤᠷᠤᠭ ᠤᠨ ᠪᠦᠷᠢᠳᠬᠡᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠵᠦ | ᠪᠠᠲᠤᠯᠠᠪᠠ | ᠬᠤᠷᠠᠯ ᠢᠶᠠᠷ ︽ᠤᠷᠤᠭ ᠤᠨ ᠪᠦᠷᠢᠳᠬᠡᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ | ᠬᠢᠨᠠᠨ ᠵᠥᠪᠯᠡᠵᠦ ᠪᠠᠲᠤᠯᠠᠪᠠ᠃ | ᠬᠤᠷᠠᠯ ᠢᠶᠠᠷ ᠵᠢᠭᠠᠵᠤ ᠭᠠᠷᠭᠠᠭᠰᠠᠨ ᠨᠢ ᠂ ᠲᠣᠰ ᠤᠳᠠᠭ᠎ᠠ ᠵᠠᠰᠠᠪᠤᠷᠢ ᠣᠷᠣᠭᠤᠯᠬᠤ ᠳᠤ ᠢᠷᠭᠡᠨ ᠤ ᠬᠠᠤᠯᠢ ᠶᠢᠨ | ᠪᠢᠴᠢᠭ ᠤᠨ ᠲᠣᠭᠲᠠᠭᠠᠯ ᠢ ᠨᠠᠶᠢᠳᠠᠪᠤᠷᠢᠵᠢᠭᠤᠯᠤᠨ ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠤᠳ ᠲᠤ | ᠢᠳᠡᠪᠬᠢᠲᠡᠢ ᠬᠠᠷᠢᠭᠤᠯᠲᠠ ᠥᠭᠴᠦ᠂ ᠣᠶᠢᠷ᠎ᠠ ᠶᠢᠨ ᠵᠢᠯ ᠤᠳ ᠤᠨ ᠣᠷᠤᠭ ᠤᠨ ᠪᠦᠷᠢᠳᠬᠡᠯ ᠤᠨ ︽ᠮᠤᠵᠢ | ᠠᠯᠤᠰᠯᠠᠨ ᠨᠡᠶᠢᠳᠡᠮ ᠭᠦᠢᠴᠡᠳᠬᠡᠬᠦ ︾ ᠵᠡᠷᠭᠡ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠦᠷ᠎ᠡ | ᠪᠦᠲᠦᠭᠡᠯ ᠤᠳ ᠢ ᠬᠠᠤᠯᠢ ᠴᠠᠭᠠᠵᠠ ᠶᠢᠨ ᠳᠦᠷᠢᠮ ᠪᠣᠯᠭᠠᠵᠤ ᠂ ᠣᠷᠤᠭ ᠤᠨ ᠪᠦᠷᠢᠳᠬᠡᠯ ᠤᠨ ᠠᠵᠢᠯ ᠢ ᠤᠯᠠᠮ ᠨᠢᠭᠡ | ᠠᠯᠬᠤᠮ ᠵᠢᠷᠤᠮᠵᠢᠭᠤᠯᠬᠤ᠂ ᠣᠷᠤᠭ ᠤᠨ ᠪᠦᠷᠢᠳᠬᠡᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠳᠤ ᠬᠠᠤᠯᠢ ᠪᠠᠷ | ᠵᠠᠰᠠᠬᠤ ᠪᠠᠲᠤᠯᠠᠭ᠎ᠠ ᠬᠠᠩᠭᠠᠪᠠ ᠃ | ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ ︾ ᠱᠠᠭᠠᠷᠳᠠᠯᠭ᠎ᠠ ᠶᠣᠰᠣᠭᠠᠷ᠂ ᠪᠥᠬᠦ | ᠤᠯᠤᠰ ᠤᠨ ᠣᠷᠤᠭ ᠤᠨ ᠰᠠᠭᠤᠷᠢ ᠮᠡᠳᠡᠭᠡ ᠵᠠᠩᠭᠢ ᠶᠢᠨ ᠬᠥᠮᠥᠷᠭᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠮᠡᠳᠡᠭᠡ | ᠵᠠᠩᠭᠢ ᠶᠢ ᠬᠠᠮᠲᠤ ᠪᠠᠷ ᠬᠦᠷᠲᠡᠬᠦ ᠶᠢ ᠴᠢᠩᠭᠠᠳᠬᠠᠨ᠂ ᠤᠷᠤᠭ ᠤᠨ ᠪᠦᠷᠢᠳᠬᠡᠯ ᠢ ︽ᠪᠥᠬᠦ ᠤᠯᠤᠰ ᠲᠤ ᠨᠡᠶᠢᠳᠡᠮ | ᠭᠦᠢᠴᠡᠳᠬᠡᠬᠦ︾ ᠶᠢ ᠪᠡᠶᠡᠯᠡᠭᠦᠯᠬᠦ ᠪᠠᠨ ᠲᠦᠷᠭᠡᠳᠬᠡᠨ ᠠᠬᠢᠭᠤᠯᠵᠤ᠂ ᠤᠷᠤᠭ ᠤᠨ ᠪᠦᠷᠢᠳᠬᠡᠯ ᠤᠨ ᠦᠢᠯᠡᠴᠢᠯᠡᠭᠡᠨ ᠢ | ᠪᠠᠷᠢᠮᠵᠢᠶᠠᠵᠢᠭᠤᠯᠬᠤ ᠂ ᠵᠢᠷᠤᠮᠵᠢᠭᠤᠯᠬᠤ ᠂ ᠳᠦᠭᠦᠮᠯᠡᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ | ᠤᠷᠤᠭ ᠭᠡᠷ ᠪᠦᠯᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠢᠨᠠᠷᠲᠠᠢ ᠵᠢᠭᠠᠨ ᠵᠢᠯᠤᠭᠤᠳᠬᠤ ᠠᠵᠢᠯ ᠪᠠ | ᠤᠷᠤᠭ ᠭᠡᠷ ᠪᠦᠯᠢ ᠶᠢᠨ ᠬᠠᠪᠰᠤᠷᠤᠨ ᠵᠢᠯᠤᠭᠤᠳᠬᠤ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠤᠷᠤᠭ ᠬᠤᠷᠢᠮ ᠤᠨ ᠪᠣᠯᠪᠠᠰᠤᠨ ᠵᠠᠩ ᠦᠢᠯᠡ ᠶᠢ ᠰᠠᠨᠠᠭᠠᠴᠢᠯᠠᠨ᠂ ᠭᠡᠷ ᠪᠦᠯᠢ ᠶᠢᠨ ᠡᠶ᠎ᠡ | ᠵᠣᠬᠢᠴᠠᠯ ᠢ ᠠᠬᠢᠭᠤᠯᠵᠤ᠂ ᠢᠳᠡᠪᠬᠢᠲᠡᠢ ᠥᠭᠡᠳᠡᠷᠬᠡᠭ ᠰᠢᠨ᠎ᠡ ᠮᠠᠶ᠋ᠢᠭ ᠤᠨ ᠤᠷᠤᠭ ᠬᠤᠷᠢᠮ ᠦᠷᠡᠵᠢᠯ ᠤᠨ ᠰᠣᠶᠣᠯ ᠢ | ᠪᠤᠢ ᠪᠣᠯᠭᠠᠨ᠎ᠠ ᠃ | |