ᠨᠠᠮ ᠤᠨ ᠭᠠᠳᠠᠨᠠᠬᠢ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠬᠠᠮᠲᠤ ᠶᠢᠨ ᠲᠠᠨᠢᠯᠲᠠ ᠶᠢ ᠲᠡᠭᠡᠭᠰᠢᠯᠡᠭᠦᠯᠦᠨ᠂ ᠬᠦᠴᠦᠨ ᠴᠢᠳᠠᠯ ᠢ ᠨᠢᠭᠲᠠᠷᠠᠭᠤᠯᠬᠤ ᠶᠢᠨ ᠲᠥᠯᠥᠭᠡ᠂ 4 ᠰᠠᠷ᠎ᠠ ᠶᠢᠨ | 18 ᠤ ᠡᠳᠦᠷ ᠤᠨ ᠦᠳᠡ ᠶᠢᠨ ᠡᠮᠦᠨ᠎ᠡ᠂ ᠵᠢᠨᠱᠠᠨ ᠪᠠᠯᠭᠠᠰᠤ ︽ᠨᠠᠮ ᠤᠨ ᠭᠠᠳᠠᠨᠠᠬᠢ ᠵᠠᠯᠠᠭᠤ ᠴᠢᠳᠠᠪᠤᠷᠢᠲᠠᠨ | ᠴᠤᠭᠯᠠᠷᠠᠵᠤ᠂ ᠰᠢᠨ᠎ᠡ ᠦᠵᠡᠮᠵᠢ ᠬᠠᠮᠳᠤ ᠪᠠᠷ ᠵᠢᠷᠤᠬᠤ︾ ᠨᠠᠮ ᠤᠨ ᠭᠠᠳᠠᠨᠠᠬᠢ ᠵᠠᠯᠠᠭᠤ ᠺᠠᠳ᠋ᠷᠴᠤᠳ ᠤᠨ | ᠰᠣᠯᠢᠯᠴᠠᠭᠠᠨ ᠤ ᠶᠠᠷᠢᠯᠴᠠᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ | ᠨᠢᠭᠡᠳᠦᠮᠡᠯ ᠹᠷᠣᠨᠲ ᠤᠨ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ ᠰᠦᠩ ᠴᠢᠶᠣᠤ ᠰᠢᠶᠠ ᠬᠤᠷᠠᠯ ᠢ ᠡᠷᠬᠢᠯᠡᠵᠦ᠂ | ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠸᠠᠩ ᠵᠢᠶᠠ | ᠰᠢᠨ ᠤᠷᠢᠯᠭ᠎ᠠ ᠪᠠᠷ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾᠂ | ︽ᠭᠦᠶᠡᠩ ᠰᠢᠶᠠᠨ ᠤ ᠨᠠᠮ ᠤᠨ ᠭᠠᠳᠠᠨᠠᠬᠢ ᠺᠠᠳ᠋ᠷ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ | ᠵᠢᠴᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ | ᠬᠤᠷᠠᠯᠳᠤᠭᠤᠯᠬᠤ ᠦᠶ᠎ᠡ ᠳᠤ ᠨᠡᠶᠢᠲᠡᠯᠡᠭᠰᠡᠨ ᠴᠢᠬᠤᠯᠠ ᠶᠠᠷᠢᠶ᠎ᠠ ᠶᠢ ᠰᠤᠷᠤᠯᠴᠠᠵᠤ᠂ ᠨᠠᠮ ᠤᠨ ᠭᠠᠳᠠᠨᠠᠬᠢ ᠵᠠᠯᠠᠭᠤ | ᠺᠠᠳ᠋ᠷᠴᠤᠳ ᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ | ᠪᠣᠯᠤᠨ ᠶᠠᠷᠢᠶᠠᠨ ᠤ ᠵᠣᠷᠢᠭ ᠰᠠᠨᠠᠭᠠᠨ ᠤ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ ᠪᠣᠯᠤᠨ | ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ | ᠨᠢᠭᠡᠳᠬᠡᠬᠦ ᠬᠡᠷᠡᠭᠲᠡᠢ ᠭᠡᠵᠦ ᠱᠠᠭᠠᠷᠳᠠᠪᠠ ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠤᠯᠤᠰ | ᠲᠥᠷᠥ ᠶᠢᠨ ᠬᠡᠪ ᠪᠣᠯᠪᠠᠰᠤᠷᠠᠯ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠡᠯ᠎ᠡ ᠲᠥᠷᠥᠯ ᠤᠨ ᠰᠤᠷᠤᠯᠴᠠᠯᠭ᠎ᠠ ᠪᠣᠯᠪᠠᠰᠤᠷᠠᠯ ᠪᠣᠯᠤᠨ ᠦᠢᠯᠡᠳᠦᠯᠭᠡ ᠶᠢᠨ ᠳᠠᠪᠲᠠᠯᠲᠠ ᠳᠤ | ᠢᠳᠡᠪᠬᠢᠲᠡᠢ ᠣᠷᠣᠯᠴᠠᠵᠤ᠂ ᠬᠠᠷᠠᠭ᠎ᠠ ᠪᠠᠨ ᠥᠷᠭᠡᠳᠬᠡᠵᠦ᠂ ᠡᠷᠳᠡᠮ ᠴᠢᠳᠠᠪᠤᠷᠢ ᠪᠠᠨ ᠨᠡᠮᠡᠭᠳᠡᠭᠦᠯᠦᠨ᠎ᠡ ᠃ | ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠭᠠᠵᠠᠷ ᠣᠷᠣᠨ ᠤ | ᠬᠥᠭᠵᠢᠯᠲᠡ ᠶᠢ ᠠᠬᠢᠭᠤᠯᠬᠤ ᠳᠤ ᠣᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠡᠷᠭᠦᠵᠦ᠂ ᠰᠢᠨ᠎ᠡ ᠴᠠᠭ | ᠦᠶ᠎ᠡ ᠳᠤ ᠨᠠᠮ ᠤᠨ ᠭᠠᠳᠠᠨᠠᠬᠢ ᠺᠠᠳ᠋ᠷ ᠤᠨ ᠰᠢᠨ᠎ᠡ ᠴᠤᠭ ᠵᠢᠪᠬᠤᠭ᠎ᠠ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ | ᠬᠡᠷᠡᠭᠲᠡᠢ ᠭᠡᠵᠦ ᠱᠠᠭᠠᠷᠳᠠᠪᠠ᠃ | ᠶᠠᠷᠢᠯᠴᠠᠬᠤ ᠬᠤᠷᠠᠯ ᠳᠡᠭᠡᠷ᠎ᠡ᠂ ᠸᠠᠩ ᠵᠢᠶᠠ ᠰᠢᠨ ᠮᠠᠨ ᠤ ᠪᠠᠯᠭᠠᠰᠤᠨ ᠤ ᠨᠠᠮ ᠤᠨ ᠭᠠᠳᠠᠨᠠᠬᠢ ᠵᠠᠯᠠᠭᠤ | ᠺᠠᠳ᠋ᠷᠴᠤᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ᠂ | ᠠᠷᠠᠳ ᠤᠨ ᠠᠮᠢᠳᠤᠷᠠᠯ ᠤᠨ ᠦᠢᠯᠡᠴᠢᠯᠡᠭᠡ ᠵᠡᠷᠭᠡ ᠠᠵᠢᠯ ᠤᠨ ᠳᠤᠮᠳᠠᠬᠢ ᠦᠷ᠎ᠡ ᠪᠦᠲᠦᠭᠡᠯ᠂ ᠬᠦᠴᠢᠷᠳᠡᠯ ᠵᠢᠴᠢ | ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠮᠠᠨ ᠤ ᠪᠠᠯᠭᠠᠰᠤᠨ ᠤ ᠨᠠᠮ ᠤᠨ ᠭᠠᠳᠠᠨᠠᠬᠢ ᠺᠠᠳ᠋ᠷᠴᠤᠳ ᠤᠨ ᠡᠯ᠎ᠡ | ᠬᠦᠷᠢᠶᠡᠨ ᠳᠤ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠣᠯᠠᠨ ᠤ ᠲᠤᠰᠬᠠᠢ ᠮᠡᠷᠭᠡᠵᠢᠯ ᠤᠨ | ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ | ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠪᠠ᠃ | ᠸᠠᠩ ᠵᠢᠶᠠ ᠰᠢᠨ ᠵᠢᠨᠱᠠᠨ ᠪᠠᠯᠭᠠᠰᠤᠨ ᠤ ᠨᠠᠮ ᠤᠨ ᠭᠠᠳᠠᠨᠠᠬᠢ ᠺᠠᠳ᠋ᠷᠴᠤᠳ ᠤᠨ ᠶᠠᠷᠢᠯᠴᠠᠬᠤ ᠬᠤᠷᠠᠯ ᠳᠡᠭᠡᠷ᠎ᠡ | ᠪᠠᠰᠠ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠤ | ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠂ ᠨᠠᠮ ᠤᠨ ᠭᠠᠳᠠᠨᠠᠬᠢ ᠺᠠᠳ᠋ᠷᠴᠤᠳ ᠲᠤᠰᠬᠠᠢ | ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠤᠨ ᠬᠥᠭᠵᠢᠯᠲᠡ᠂ ᠦᠨᠳᠦᠰᠦᠨ ᠱᠠᠲᠤᠨ ᠤ | ᠵᠠᠰᠠᠯᠲᠠ ᠵᠡᠷᠭᠡ ᠠᠵᠢᠯ ᠳᠤ ᠢᠳᠡᠪᠬᠢᠲᠡᠢ ᠣᠷᠣᠯᠴᠠᠬᠤ ᠬᠡᠷᠡᠭᠲᠡᠢ᠃ ᠡᠭᠦᠨ ᠤ ᠬᠠᠮᠲᠤ᠂ ᠲᠡᠷᠡ ᠨᠠᠮ ᠤᠨ ᠭᠠᠳᠠᠨᠠᠬᠢ | ᠵᠠᠯᠠᠭᠤ ᠺᠠᠳ᠋ᠷᠴᠤᠳ ᠲᠤ ᠬᠦᠰᠡᠯ ᠡᠷᠡᠮᠡᠯᠵᠡᠯ ᠳᠤᠷᠠᠳᠴᠤ᠂ ᠲᠡᠳᠡᠨ ᠢ ᠲᠤᠰ ᠪᠡᠶ᠎ᠡ ᠶᠢᠨ ᠰᠤᠷᠤᠯᠴᠠᠯᠭ᠎ᠠ ᠪᠠᠨ | ᠴᠢᠩᠭᠠᠳᠬᠠᠵᠤ᠂ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢ ᠭᠦᠨᠵᠡᠭᠡᠢ | ᠰᠤᠷᠤᠯᠴᠠᠵᠤ᠂ ᠠᠵᠢᠯ ᠤᠨ ᠲᠤᠷᠰᠢᠯᠭ᠎ᠠ ᠪᠠᠨ ᠢᠯᠡᠭᠦᠬᠡᠨ ᠳ᠋ᠦᠩᠨᠡᠵᠦ᠂ ᠴᠢᠳᠠᠮᠠᠭᠠᠢ ᠪᠠᠷ ᠳ᠋ᠦᠩᠨᠡᠵᠦ᠂ ᠪᠦᠯᠬᠦᠮᠳᠡᠨ | ᠬᠠᠮᠵᠢᠯᠴᠠᠬᠤ ᠤᠬᠠᠮᠰᠠᠷ ᠢᠶᠠᠨ ᠴᠢᠩᠭᠠᠳᠬᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ | ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠣᠶᠤᠨ | ᠰᠠᠨᠠᠭᠠᠨ ᠤ ᠳᠦᠷᠰᠦ ᠪᠠᠶᠢᠳᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠵᠤ᠂ | ᠦᠢᠯᠡᠳᠦᠯᠭᠡ ᠶᠢᠨ ᠳᠤᠮᠳᠠ ᠴᠢᠳᠠᠪᠤᠷᠢ ᠪᠠᠨ ᠳᠡᠭᠡᠭᠰᠢᠯᠡᠭᠦᠯᠵᠦ᠂ ᠳᠠᠪᠲᠠᠨ ᠪᠣᠯᠪᠠᠰᠤᠷᠠᠭᠤᠯᠬᠤ ᠶᠢ ᠱᠠᠭᠠᠷᠳᠠᠪᠠ᠃ | ᠰᠦᠩ ᠴᠢᠶᠣᠤ ᠰᠢᠶᠠ᠂ ᠲᠤᠰ ᠤᠳᠠᠭ᠎ᠠ ᠶᠢᠨ ᠶᠠᠷᠢᠯᠴᠠᠬᠤ ᠬᠤᠷᠠᠯ ᠨᠢ ᠨᠠᠮ ᠤᠨ ᠭᠠᠳᠠᠨᠠᠬᠢ ᠺᠠᠳ᠋ᠷᠴᠤᠳ ᠲᠤ | ᠰᠣᠯᠢᠯᠴᠠᠭᠠᠨ ᠤ ᠲᠠᠪᠴᠠᠩ ᠪᠠᠶᠢᠭᠤᠯᠵᠤ ᠥᠭᠭᠦᠭᠰᠡᠨ ᠪᠥᠭᠡᠳ ᠪᠠᠯᠭᠠᠰᠤᠨ ᠤ ᠨᠠᠮ ᠤᠨ ᠬᠤᠷᠢᠶ᠎ᠡ ᠶᠢᠨ ᠨᠠᠮ ᠤᠨ | ᠭᠠᠳᠠᠨᠠᠬᠢ ᠺᠠᠳ᠋ᠷ ᠤᠨ ᠰᠡᠳᠬᠢᠯ ᠤᠨ ᠳᠠᠭᠤᠨ ᠢ ᠣᠶᠢᠯᠠᠭᠠᠵᠤ᠂ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠬᠤ ᠳᠤ | ᠠᠵᠠ ᠲᠣᠬᠢᠶᠠᠯ ᠬᠠᠩᠭᠠᠵᠠᠢ᠃ ᠵᠠᠯᠭᠠᠭᠠᠳ᠂ ᠵᠢᠨᠱᠠᠨ ᠪᠠᠯᠭᠠᠰᠤ ᠨᠠᠮ ᠤᠨ ᠭᠠᠳᠠᠨᠠᠬᠢ ᠺᠠᠳ᠋ᠷ ᠢ ᠬᠥᠮᠦᠵᠢᠭᠦᠯᠬᠦ | ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠰᠬᠠᠢ ᠰᠡᠳᠦᠪᠲᠦ ᠪᠣᠯᠪᠠᠰᠤᠷᠠᠯ ᠢ ᠵᠣᠬᠢᠶᠠᠨ | ᠪᠠᠶᠢᠭᠤᠯᠬᠤ᠂ ᠠᠵᠢᠯ ᠤᠨ ᠪᠠᠶᠢᠷᠢ ᠡᠭᠡᠯᠵᠢᠯᠡᠨ ᠪᠣᠯᠪᠠᠰᠤᠷᠠᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ | ᠳᠠᠮᠵᠢᠭᠤᠯᠤᠨ᠂ ᠨᠠᠮ ᠤᠨ ᠭᠠᠳᠠᠨᠠᠬᠢ ᠺᠠᠳ᠋ᠷ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠦᠨ᠎ᠡ ᠃ ᠠᠵᠢᠯ | ᠬᠢᠵᠦ ᠦᠢᠯᠡᠰ ᠪᠤᠰᠬᠠᠬᠤ ᠨᠡᠩ ᠣᠯᠠᠨ ᠲᠠᠪᠴᠠᠩ ᠢ ᠪᠠᠶᠢᠭᠤᠯᠵᠤ᠂ ᠨᠠᠮ ᠤᠨ ᠭᠠᠳᠠᠨᠠᠬᠢ ᠺᠠᠳ᠋ᠷᠴᠤᠳ ᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠠᠮᠢ ᠠᠬᠤᠢ ᠶᠢ ᠬᠠᠮᠠᠭᠠᠯᠠᠬᠤ ᠵᠡᠷᠭᠡ | ᠭᠤᠣᠯᠳᠠᠯᠭ᠎ᠠ ᠲᠠᠢ ᠬᠦᠷᠢᠶᠡᠨ ᠳᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠬᠡᠷᠡᠭᠲᠡᠢ ᠃ ᠨᠠᠮ ᠤᠨ ᠭᠠᠳᠠᠨᠠᠬᠢ | ᠺᠠᠳ᠋ᠷᠴᠤᠳ ᠤᠨ ᠰᠠᠨᠠᠯ ᠢ ᠬᠠᠷᠢᠭᠤ ᠲᠤᠰᠬᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠲᠡᠳᠡᠨ ᠤ ᠦᠨᠡᠨ ᠮᠡᠳᠡᠯᠭᠡ ᠨᠡᠪᠲᠡᠷᠬᠡᠢ ᠦᠵᠡᠯᠲᠡ ᠶᠢ ᠴᠠᠭ ᠲᠤᠬᠠᠢ ᠳᠤᠨᠢ ᠬᠥᠭᠵᠢᠯᠲᠡ ᠶᠢ | ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠶᠢ ᠪᠠᠲᠤᠯᠠᠨ᠎ᠠ᠃ | ᠬᠤᠷᠠᠯ ᠤᠨ ᠳᠠᠷᠠᠭ᠎ᠠ᠂ ᠨᠠᠮ ᠤᠨ ᠭᠠᠳᠠᠨᠠᠬᠢ ᠺᠠᠳ᠋ᠷᠴᠤᠳ ᠶᠡᠬᠡᠳᠡ ᠵᠣᠷᠢᠭᠵᠢᠵᠤ᠂ ᠲᠤᠰ ᠤᠳᠠᠭ᠎ᠠ ᠶᠢᠨ | ᠶᠠᠷᠢᠯᠴᠠᠬᠤ ᠬᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠵᠤ᠂ | ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ | ᠪᠠᠳᠠᠷᠠᠭᠤᠯᠵᠤ᠂ ᠡᠯ᠎ᠡ ᠬᠦᠷᠢᠶᠡᠨ ᠳᠤ ᠣᠨᠢᠨ ᠳᠡᠭᠡᠷ᠎ᠡ ᠨᠢ ᠬᠦᠴᠦᠯᠡᠵᠦ᠂ ᠵᠢᠨᠱᠠᠨ ᠪᠠᠯᠭᠠᠰᠤᠨ ᠤ ᠡᠯ᠎ᠡ ᠵᠦᠢᠯ ᠤᠨ | ᠦᠢᠯᠡᠰ ᠤᠨ ᠰᠢᠨ᠎ᠡ ᠦᠨᠳᠦᠷᠴᠡ ᠳᠤ ᠬᠦᠷᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠬᠠᠭᠤᠳᠠᠰᠤ ᠶᠢ ᠬᠠᠮᠲᠤᠪᠠᠷ ᠵᠢᠷᠤᠭᠯᠠᠨ᠎ᠠ ᠭᠡᠵᠦ ᠢᠯᠡᠳᠬᠡᠵᠡᠭᠡᠪᠡ᠃ | |