︽41° ᠤᠨ ᠭᠦᠶᠡᠩ ᠤᠨ ᠬᠠᠨᠳᠢᠪᠯᠠᠯ︾ ᠰᠢᠶᠠᠨ ᠤ ᠬᠡᠪᠴᠢᠶᠡᠨ ᠤ ᠠᠵᠤ ᠠᠬᠤᠢ ᠶᠢᠨ ᠪᠦᠰᠡᠯᠡᠯᠲᠡ ᠶᠢ ᠰᠢᠪᠲᠤᠯᠬᠤ ᠵᠠᠮ
ᠨᠡᠶᠢᠲᠡᠯᠡᠭᠰᠡᠨ ᠴᠠᠭ᠄
2025/4/22
     ᠡᠭᠡᠯ ᠶᠡᠷᠦᠮᠳᠡᠭ ᠲᠠᠷᠢᠶᠠᠯᠠᠩ ᠤᠨ ᠰᠢᠶᠠᠨ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠲᠡᠯᠡᠬᠢ ᠵᠢᠱᠢᠶᠡᠴᠢ ᠰᠢᠶᠠᠨ ᠪᠤᠯᠳᠠᠯ᠎ᠠ᠂ ᠭᠦᠶᠡᠩ ᠰᠢᠶᠠᠨ ᠤᠮᠠᠷᠠᠲᠤ ᠥᠷᠭᠡᠷᠢᠭ ᠤᠨ 41° ᠤᠨ ︽ᠰᠢᠵᠢᠷ ᠠᠯᠲᠠᠨ ᠤ ᠥᠷᠭᠡᠷᠢᠭ︾ ᠲᠤ ᠲᠦᠰᠢᠭᠯᠡᠨ᠂ ᠬᠤᠨᠴᠢᠷ ᠢᠶᠠᠷ ᠲᠤᠯᠬᠤ ᠴᠡᠭ ᠪᠣᠯᠭᠠᠵᠤ᠂ ᠳᠠᠷᠢᠬᠤ ᠠᠴᠠ ᠨᠠᠷᠢᠯᠢᠭ ᠡᠳ᠋ᠰᠢᠭᠦᠯᠬᠦ᠂ ᠣᠷᠣᠨ ᠪᠦᠰᠡ ᠶᠢᠨ ᠨᠡᠷᠡᠲᠦ ᠲᠡᠮᠳᠡᠭᠲᠦ ᠠᠴᠠ ᠪᠦᠬᠦ ᠤᠯᠤᠰ ᠤᠨ ᠵᠠᠬ᠎ᠠ ᠳᠡᠯᠭᠡᠭᠦᠷ ᠬᠦᠷᠲᠡᠯᠡᠬᠢ ᠪᠦᠬᠦ ᠠᠵᠤ ᠦᠢᠯᠡᠰ ᠤᠨ ᠬᠡᠯᠬᠢᠶ᠎ᠡ ᠶᠢ ᠳᠡᠰ ᠳᠡᠪᠰᠢᠭᠦᠯᠬᠦ ᠵᠠᠮ ᠢ ᠬᠥᠳᠡᠯᠭᠡᠵᠦ᠂ ᠨᠡᠩ ᠴᠤ ︽ᠭᠦᠶᠡᠩ ᠤᠨ ᠰᠠᠶᠢᠨ ᠡᠳ᠋︾ ᠢ ᠳᠡᠯᠡᠬᠡᠢ ᠶᠢᠨ ᠲᠠᠪᠴᠠᠩ ᠳᠤ ᠭᠠᠷᠭᠠᠭᠰᠠᠨ ᠪᠠᠶᠢᠨ᠎ᠠ᠃ᠭᠤᠷᠪᠠᠨ ᠮᠣᠷᠢᠨ ᠲᠡᠷᠭᠡ᠄ ᠲᠦᠮᠡᠨ ᠮᠦ ᠭᠠᠵᠠᠷ ᠠᠴᠠ ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠲᠠᠢ ᠠᠵᠤ ᠦᠢᠯᠡᠰ ᠤᠨ ᠬᠤᠪᠢᠰᠬᠠᠯ    ᠭᠦᠶᠡᠩ ᠰᠢᠶᠠᠨ ᠤ ᠬᠤᠨᠴᠢᠷ ᠲᠠᠷᠢᠬᠤ ᠠᠵᠤ ᠦᠢᠯᠡᠰ ᠤᠨ ᠬᠥᠭᠵᠢᠯᠲᠡ ᠶᠢᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠠᠴᠠ ᠦᠵᠡᠪᠡᠯ᠂ ᠣᠶᠢᠷ᠎ᠠ ᠶᠢᠨ ᠬᠡᠳᠦᠨ ᠵᠢᠯ ᠤᠨ ᠵᠠᠬ᠎ᠠ ᠳᠡᠯᠭᠡᠭᠦᠷ ᠤᠨ ᠪᠠᠶᠢᠳᠠᠯ ᠠᠴᠠ ᠦᠵᠡᠪᠡᠯ᠂ ᠠᠳᠠᠯᠢ ᠭᠠᠵᠠᠷ ᠲᠤ ᠡᠷᠳᠡᠨᠢ ᠰᠢᠰᠢ ᠲᠠᠷᠢᠬᠤ ᠨᠢ ᠮᠦ ᠪᠦᠷᠢ ᠠᠴᠠ 1200 ᠲᠥᠭᠦᠷᠢᠭ ᠢᠯᠡᠭᠦᠦ ᠣᠷᠣᠯᠭ᠎ᠠ ᠣᠯᠵᠤ᠂ ᠭᠠᠵᠠᠷ ᠰᠢᠷᠣᠢ ᠶᠢᠨ ᠡᠷᠭᠢᠯᠲᠡ ᠶᠢᠨ ᠵᠠᠷᠤᠳᠠᠯ ᠮᠦ ᠪᠦᠷᠢ ᠠᠴᠠ 500 ᠲᠥᠭᠦᠷᠢᠭ ᠢᠯᠡᠭᠦᠦ ᠪᠣᠯᠵᠤ᠂ ᠬᠤᠨᠴᠢᠷ ᠲᠠᠷᠢᠬᠤ ᠠᠵᠤ ᠠᠬᠤᠢ ᠶᠢᠨ ᠦᠷ᠎ᠡ ᠠᠰᠢᠭ ᠪᠤᠰᠤᠳ ᠲᠠᠷᠢᠮᠠᠯ ᠤᠨ ᠠᠵᠤ ᠠᠬᠤᠢ ᠶᠢᠨ ᠦᠷ᠎ᠡ ᠠᠰᠢᠭ ᠠᠴᠠ ᠨᠡᠩ ᠥᠨᠳᠥᠷ ᠪᠠᠶᠢᠵᠤ᠂ ᠠᠷᠠᠳ ᠣᠯᠠᠨ ᠤ ᠣᠷᠣᠯᠭ᠎ᠠ ᠶᠢ ᠨᠡᠩ ᠢᠯᠡᠭᠦᠦ ᠨᠡᠮᠡᠭᠳᠡᠭᠦᠯᠵᠦ᠂ ᠲᠠᠷᠢᠶᠠᠴᠢᠳ ᠤᠨ ᠲᠠᠷᠢᠬᠤ ᠢᠳᠡᠪᠬᠢᠵᠢᠯ ᠥᠨᠳᠥᠷ ᠪᠠᠶᠢᠨ᠎ᠠ᠃    ᠡᠨᠡ ᠬᠦ ᠬᠤᠪᠢᠷᠠᠯᠲᠠ ᠨᠢ ᠭᠦᠶᠡᠩ ᠰᠢᠶᠠᠨ ᠤ ᠬᠠᠶᠢᠨ ᠰᠦᠪᠡᠭᠴᠢᠯᠡᠭᠰᠡᠨ ︽ᠵᠠᠰᠠᠭ ᠤᠨ ᠣᠷᠳᠣᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ︾ ᠤ ᠬᠠᠮᠵᠢᠯᠴᠠᠬᠤ ᠵᠠᠭᠪᠤᠷ - ᠵᠠᠰᠠᠭ ᠤᠨ ᠣᠷᠳᠣᠨ ᠬᠤᠨᠴᠢᠷ ᠲᠠᠷᠢᠬᠤ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠲᠠᠷᠢᠬᠤ ᠲᠠᠯᠠᠪᠠᠢ ᠨᠢ 5 ᠲᠦᠮᠡᠨ ᠮᠦ ᠠᠴᠠ ᠪᠠᠨ 10 ᠲᠦᠮᠡᠨ ᠮᠦ ᠠᠴᠠ ᠳᠡᠭᠡᠭᠰᠢ ᠪᠣᠯᠤᠭᠰᠠᠨ ᠪᠥᠭᠡᠳ ᠪᠣᠬᠢᠷᠲᠤᠯ ᠦᠭᠡᠢ ᠥᠨᠳᠥᠷ ᠤᠨᠠᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ ᠶᠢ ᠲᠦᠯᠬᠢᠨ ᠠᠬᠢᠭᠤᠯᠤᠨ᠎ᠠ︔ 20 ᠭᠠᠷᠤᠢ ᠠᠵᠤ ᠠᠬᠤᠶᠢᠯᠠᠯ ᠳᠤ ᠡᠷᠬᠡ ᠣᠯᠭᠤᠨ ᠣᠷᠣᠨ ᠪᠦᠰᠡ ᠶᠢᠨ ᠨᠡᠷᠡᠲᠦ ᠲᠥᠷᠥᠯ ᠲᠡᠮᠳᠡᠭᠲᠦ ᠶᠢ ᠬᠡᠷᠡᠭᠯᠡᠵᠦ᠂ ︽ᠪᠦᠯᠦᠭᠯᠡᠨ ᠬᠦᠷᠢᠶᠡᠯᠡᠬᠦ︾ ᠦᠢᠯᠡᠳᠦᠯ ᠢ ᠪᠤᠢ ᠪᠣᠯᠭᠠᠨ᠎ᠠ︔ ᠤᠯᠠᠮᠵᠢᠯᠠᠯᠲᠤ ᠬᠤᠨᠴᠢᠷ ᠠᠴᠠ ᠨᠠᠷᠢᠯᠢᠭ ᠬᠤᠨᠴᠢᠷ ᠵᠡᠷᠭᠡ ᠨᠠᠷᠢᠯᠢᠭ ᠡᠳ᠋ᠰᠢᠭᠦᠯᠬᠦ ᠦᠢᠯᠡᠳᠬᠦᠨ ᠬᠦᠷᠲᠡᠯ᠎ᠡ ᠭᠦᠶᠡᠩ ᠬᠤᠨᠴᠢᠷ ᠤᠨ ᠨᠡᠮᠡᠯᠲᠡ ᠥᠷᠲᠡᠭ ᠢ ᠬᠡᠳᠦᠨ ᠳᠠᠬᠢᠨ ᠳᠡᠭᠡᠭᠰᠢᠯᠡᠭᠦᠯᠵᠦ᠂ ᠴᠢᠨᠠᠭᠰᠢᠯᠠᠪᠠᠯ ᠬᠤᠨᠴᠢᠷ ᠣᠢ ᠶᠢ ᠠᠰᠢᠭᠯᠠᠨ ᠬᠤᠨᠴᠢᠷ ᠲᠠᠬᠢᠶ᠎ᠡ ᠲᠡᠵᠢᠭᠡᠬᠦ ᠶᠢ ᠨᠡᠭᠡᠭᠡᠨ ᠬᠥᠭᠵᠢᠭᠦᠯᠵᠦ᠂ ᠣᠷᠴᠢᠯ ᠠᠵᠤ ᠠᠬᠤᠢ ᠶᠢ ᠪᠤᠢ ᠪᠣᠯᠭᠠᠨ᠎ᠠ︔ ᠵᠢᠶᠠᠩᠨᠠᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠬᠠᠮᠲᠤᠷᠠᠯᠴᠠᠵᠤ᠂ ᠬᠤᠨᠴᠢᠷ ᠤᠨ ᠢᠳᠡᠪᠬᠢᠵᠢᠭᠦᠯᠦᠭᠰᠡᠨ ᠪᠦᠷᠢᠯᠳᠦᠬᠦᠨ ᠢ ᠭᠠᠷᠭᠠᠨ ᠠᠪᠬᠤ ᠮᠡᠷᠭᠡᠵᠢᠯ ᠢ ᠬᠠᠶᠢᠨ ᠰᠦᠪᠡᠭᠴᠢᠯᠡᠵᠦ᠂ ᠡᠮᠲᠦ ᠢᠳᠡᠭᠡᠨ ᠤ ᠠᠳᠠᠯᠢ ᠪᠤᠰᠤ ᠪᠦᠲᠦᠭᠡᠭᠳᠡᠬᠦᠨ ᠢ ᠰᠢᠨ᠎ᠡ ᠪᠠᠷ ᠡᠭᠦᠳᠦᠨ ᠨᠡᠭᠡᠭᠡᠬᠦ ᠶᠢ ᠠᠬᠢᠭᠤᠯᠤᠨ᠎ᠠ᠃    ᠥᠪᠥᠷ ᠮᠣᠩᠭᠤᠯ ᠤᠨ ᠨᠡᠷᠡᠲᠦ ᠲᠡᠮᠳᠡᠭ ᠤᠨ ᠨᠡᠶᠢᠭᠡᠮᠯᠢᠭ ᠤᠨ ᠳᠠᠷᠤᠭ᠎ᠠ ᠾᠧ ᠵᠢᠶᠦ᠋ᠨ᠄ ︽ᠭᠤᠷᠪᠠᠨ ᠮᠣᠷᠢᠨ ᠲᠡᠷᠭᠡ ᠪᠠᠷ ᠳᠠᠶᠢᠴᠢᠯᠠᠭᠰᠠᠨ ᠨᠢ ᠦᠢᠯᠡᠳᠬᠦᠨ ᠤ ᠥᠷᠲᠡᠭ ᠪᠣᠯᠬᠤ ᠪᠠᠷ ᠪᠠᠷᠠᠬᠤ ᠦᠭᠡᠢ᠂ ᠨᠡᠩ ᠴᠤ ᠠᠵᠤ ᠦᠢᠯᠡᠰ ᠤᠨ ᠭᠧᠨ ᠤ ᠳᠠᠬᠢᠨ ᠪᠦᠲᠦᠴᠡ ᠪᠣᠯᠤᠨ᠎ᠠ︾ ᠭᠡᠵᠦ ᠦᠨᠡᠯᠡᠵᠡᠢ᠃ ᠣᠳᠣᠬᠠᠨ ᠳᠤ᠂ ᠭᠦᠶᠡᠩ ᠰᠢᠶᠠᠨ ᠬᠤᠨᠴᠢᠷ ᠤᠨ ᠡᠮ ᠤᠨ ᠢᠳᠡᠭᠡᠨ ᠤ ᠠᠳᠠᠯᠢ ᠡᠬᠢ ᠡᠨᠡ ᠬᠦ ᠣᠯᠳᠠᠬᠤᠶ᠎ᠠ ᠪᠡᠷᠬᠡ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠠᠵᠤ ᠦᠢᠯᠡᠰ ᠤᠨ ᠬᠡᠯᠬᠢᠶ᠎ᠡ ᠳᠠᠬᠢ ᠣᠷᠣᠭᠤᠯᠤᠯᠲᠠ ᠪᠠ ᠪᠤᠶᠢᠵᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠥᠨᠳᠥᠷ ᠨᠡᠮᠡᠯᠲᠡ ᠥᠷᠲᠡᠭ ᠪᠦᠬᠦᠢ ᠬᠦᠷᠢᠶ᠎ᠡ ᠲᠡᠰᠢ ᠲᠠᠰᠤᠷᠠᠯᠲᠠ ᠦᠭᠡᠢ ᠤᠷᠲᠤᠳᠬᠠᠬᠤ ᠶᠢ ᠠᠬᠢᠭᠤᠯᠵᠤ᠂ ᠢᠷᠡᠭᠡᠳᠦᠢ ᠶᠢᠨ 3 ᠵᠢᠯ ᠤᠨ ᠳᠣᠲᠣᠷ᠎ᠠ᠂ ᠲᠦᠷᠦᠯ ᠲᠡᠮᠳᠡᠭ ᠤᠨ ᠶᠡᠷᠦᠩᠬᠡᠶᠢᠯᠡᠭᠰᠡᠨ ᠦᠢᠯᠡᠳᠬᠦᠨ ᠤ ᠥᠷᠲᠡᠭ ᠤᠨ ᠬᠠᠷᠠᠯᠲᠠ ᠶᠢ 20 ᠳ᠋ᠦᠩᠰᠢᠭᠤᠷ ᠲᠥᠭᠦᠷᠢᠭ ᠳᠠᠪᠠᠭᠤᠯᠬᠤ ᠪᠠᠷ ᠴᠢᠷᠮᠠᠶᠢᠵᠤ ᠪᠠᠶᠢᠨ᠎ᠠ᠃    ᠬᠤᠣᠰ ᠱᠤᠭᠤᠮ ᠤᠨ ᠪᠠᠶᠢᠯᠳᠤᠭᠠᠨ᠄ ᠤᠮᠠᠷᠠᠲᠤ ᠥᠷᠭᠡᠷᠢᠭ ᠤᠨ 41° ᠤᠨ ᠴᠠᠭᠠᠷᠢᠭ ᠬᠠᠭᠠᠷᠠᠭᠰᠠᠨ ᠨᠢᠭᠤᠴᠠ ᠺᠣᠳ᠋    ᠱᠠᠩᠬᠠᠢ᠂ ᠬᠥᠬᠡᠬᠤᠲᠠ ᠵᠡᠷᠭᠡ ᠭᠠᠵᠠᠷ ᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠡᠷᠬᠢᠯᠡᠪᠡ︔ ︽ᠳᠤᠮᠳᠠᠳᠤ ᠤᠯᠤᠰ ᠤᠨ ᠰᠠᠶᠢᠨ ᠪᠣᠳᠠᠰ ᠢ ᠢᠯᠡᠷᠡᠭᠦᠯᠬᠦ ᠵᠢᠭᠤᠯᠴᠢᠯᠠᠯ︾ ᠵᠡᠷᠭᠡ ᠠᠵᠢᠯᠯᠠᠭ᠎ᠠ ᠳᠤ ᠣᠷᠣᠯᠴᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠲᠠᠲᠠᠵᠠᠢ︔ 2025 ᠣᠨ ᠳᠤ ᠱᠠᠩᠬᠠᠢ ᠶᠢᠨ ᠭᠠᠳᠠᠭᠠᠳᠤ ᠪᠡᠯᠡ ᠶᠢ ᠵᠣᠯᠭᠠᠭᠤᠯᠬᠤ ᠬᠤᠷᠠᠯ ᠳᠡᠭᠡᠷ᠎ᠡ᠂ ᠭᠦᠶᠡᠩ ᠬᠤᠨᠴᠢᠷ ᠠᠷᠢᠬᠢ᠂ ᠡᠷᠡᠭᠦᠯ ᠮᠡᠨᠳᠦ ᠢᠳᠡᠭᠡᠨ ᠤᠮᠳᠠᠭᠠᠨ ᠵᠡᠷᠭᠡ ᠦᠢᠯᠡᠳᠬᠦᠨ ᠤ ᠵᠢᠭᠰᠠᠭᠠᠯ ᠢᠶᠠᠷ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠲᠠᠢ ᠣᠯᠠᠨ ᠵᠦᠢᠯ ᠤᠨ ᠬᠠᠮᠲᠤᠷᠠᠯᠴᠠᠭᠠᠨ ᠤ ᠰᠠᠨᠠᠮᠵᠢ ᠲᠣᠭᠲᠠᠪᠠ᠂ ᠰᠦᠯᠵᠢᠶᠡᠨ ᠳᠡᠭᠡᠷ᠎ᠡ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠢᠶᠠᠷ ᠳᠠᠮᠵᠢᠭᠤᠯᠤᠨ ᠪᠦᠬᠦ ᠪᠥᠮᠪᠥᠷᠴᠡᠭ ᠤᠨ ᠬᠡᠷᠡᠭᠯᠡᠭᠴᠢ ᠳᠤ ᠬᠦᠷᠴᠦ᠂ ᠰᠦᠯᠵᠢᠶᠡᠨ ᠭᠠᠳᠠᠨ᠎ᠠ ᠭᠤᠣᠯ ᠬᠤᠳᠠᠯᠳᠤᠭᠠᠨ ᠤ ᠲᠣᠭᠤᠷᠢᠭ ᠲᠤ ᠪᠡᠶᠡᠴᠢᠯᠡᠨ ᠣᠶᠢᠯᠠᠭᠠᠬᠤ ᠳᠡᠯᠭᠡᠭᠦᠷ ᠭᠠᠷᠭᠠᠵᠤ᠂ ᠦᠢᠯᠡᠳᠬᠦᠨ ᠤ ᠰᠢᠯᠭᠠᠨ ᠲᠣᠭᠲᠠᠭᠠᠬᠤ ᠬᠤᠷᠠᠯ ᠡᠷᠬᠢᠯᠡᠵᠦ᠂ ᠬᠡᠷᠡᠭᠯᠡᠭᠴᠢᠳ ᠤᠨ ᠣᠶᠢᠯᠠᠭᠠᠯᠲᠠ ᠶᠢ ᠨᠡᠮᠡᠭᠳᠡᠭᠦᠯᠪᠡ᠃ ᠡᠨᠡ ᠪᠣᠯ ︽41° ᠤᠨ ᠭᠦᠶᠡᠩ ᠤᠨ ᠬᠠᠨᠳᠢᠪᠯᠠᠯ︾ ᠪᠣᠰᠤᠭ᠎ᠠ ᠴᠣᠭᠴᠠᠲᠤ ᠡᠵᠡᠩᠨᠡᠨ ᠪᠣᠷᠣᠯᠠᠭᠤᠯᠬᠤ ᠵᠢᠷᠤᠭ ᠤᠨ ᠵᠢᠭᠰᠠᠯ ᠪᠣᠯᠤᠨ᠎ᠠ᠃    ︽ᠪᠢᠳᠡ ᠬᠡᠷᠡᠭᠯᠡᠭᠴᠢᠳ ᠲᠤ ᠠᠮᠲᠠᠯᠠᠭᠤᠯᠵᠤ᠂ ᠨᠢᠳᠦ ᠪᠠᠷ ᠬᠠᠷᠠᠨ᠂ ᠴᠡᠭᠡᠵᠢᠨ ᠳᠤ ᠨᠢ ᠰᠠᠭᠤᠭᠳᠠᠭᠤᠯᠵᠤ ᠪᠠᠶᠢᠨ᠎ᠠ︾ ᠭᠡᠵᠦ ᠬᠡᠯᠡᠪᠡ᠃ ᠬᠤᠤ ᠰᠢᠶᠠᠩ ᠳ᠋ᠦᠩ ᠲᠠᠨᠢᠯᠴᠠᠭᠤᠯᠬᠤ ᠳᠠᠭᠠᠨ᠂ ᠨᠡᠷᠡᠲᠦ ᠲᠡᠮᠳᠡᠭᠲᠦ ᠨᠢ ︽ᠲᠤᠰ ᠭᠠᠵᠠᠷ ᠣᠷᠣᠨ ᠤ ᠭᠧᠨ ᠤ ᠪᠦᠬᠦ ᠳᠡᠯᠡᠬᠡᠢ ᠳᠤ ᠢᠯᠡᠳᠬᠡᠬᠦ︾ ᠠᠷᠭ᠎ᠠ ᠪᠣᠳᠣᠯᠭ᠎ᠠ ᠶᠢ ᠬᠡᠷᠡᠭᠵᠢᠭᠦᠯᠦᠨ᠎ᠡ᠄ ᠰᠦᠯᠵᠢᠶᠡᠨ ᠳᠡᠭᠡᠷ᠎ᠡ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠᠷ ᠳᠠᠮᠵᠢᠭᠤᠯᠤᠨ ᠪᠡᠶ᠎ᠡ ᠰᠤᠪᠢᠯᠠᠬᠤ ᠵᠠᠬ᠎ᠠ ᠳᠡᠯᠭᠡᠭᠦᠷ ᠲᠤ ᠬᠦᠷᠴᠦ᠂ ᠰᠦᠯᠵᠢᠶᠡᠨ ᠭᠠᠳᠠᠨ᠎ᠠ ᠪᠦᠲᠦᠭᠡᠭᠳᠡᠬᠦᠨ ᠰᠢᠯᠭᠠᠨ ᠲᠣᠭᠲᠠᠭᠠᠬᠤ ᠬᠤᠷᠠᠯ ᠡᠷᠬᠢᠯᠡᠪᠡ︔ ᠡᠭᠦᠨ ᠤ ᠬᠠᠮᠲᠤ ︽ᠦᠵᠡᠰᠭᠦᠯᠡᠩᠳᠦ ᠭᠦᠶᠡᠩ︾ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠢ ᠠᠰᠢᠭᠯᠠᠵᠤ᠂ ᠲᠠᠷᠢᠶᠠᠯᠠᠩ ᠤᠨ ᠪᠦᠲᠦᠭᠡᠭᠳᠡᠬᠦᠨ ᠢ ᠴᠢᠨ ᠤᠯᠤᠰ ᠤᠨ ᠤᠷᠲᠤ ᠴᠠᠭᠠᠨ ᠬᠡᠷᠡᠮ ᠤᠨ ᠰᠣᠶᠣᠯ᠂ ᠲᠠᠯ᠎ᠠ ᠨᠤᠲᠤᠭ ᠤᠨ ᠥᠩᠭᠡ ᠦᠵᠡᠮᠵᠢ ᠶᠢ ᠨᠡᠶᠢᠯᠡᠭᠦᠯᠦᠨ ᠡᠵᠡᠩᠨᠡᠨ ᠪᠣᠷᠣᠯᠠᠭᠤᠯᠵᠤ᠂ ︽ᠲᠠᠷᠢᠶᠠᠯᠠᠩ ᠰᠣᠶᠣᠯ ᠵᠢᠭᠤᠯᠴᠢᠯᠠᠯ︾ ᠢ ᠨᠢᠭᠡ ᠴᠣᠭᠴᠠᠵᠢᠭᠤᠯᠤᠭᠰᠠᠨ ᠨᠡᠷᠡᠲᠦ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠪᠤᠢ ᠪᠣᠯᠭᠠᠨ᠎ᠠ᠃     ᠡᠶᠢᠮᠦ ᠬᠢᠯᠢ ᠰᠤᠨᠳᠠᠯᠠᠭᠰᠠᠨ ᠠᠭᠤᠰᠤᠯᠳᠤᠯ ᠨᠢ ᠴᠢᠩᠭ᠎ᠠ ᠬᠢᠮᠢ ᠶᠢᠨ ᠤᠷᠪᠠᠯ ᠡᠭᠦᠰᠭᠡᠵᠡᠢ᠃ ᠣᠬᠤᠷᠬᠠᠨ ᠬᠡᠳᠦᠨ ᠵᠢᠯ ᠳᠤ᠂ ︽41° ᠤᠨ ᠭᠦᠶᠡᠩ ᠤᠨ ᠬᠠᠨᠳᠢᠪᠯᠠᠯ︾ ᠤ ᠨᠡᠷᠡᠲᠦ ᠲᠡᠮᠳᠡᠭᠲᠦ ᠨᠢ ᠨᠢᠭᠡᠨᠲᠡ ᠣᠯᠠᠨ ᠵᠦᠢᠯ ᠤᠨ ᠤᠯᠤᠰ ᠤᠨ ᠳᠡᠰ ᠤᠨ ᠢᠷᠠᠭᠤ ᠠᠯᠳᠠᠷ ᠢ ᠬᠦᠷᠲᠡᠪᠡ᠄ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠡᠶᠢᠲᠡᠯᠢᠭ ᠬᠡᠷᠡᠭ ᠤᠨ ᠵᠢᠱᠢᠶ᠎ᠡ︾ ᠳᠤ ᠠᠮᠵᠢᠯᠲᠠ ᠲᠠᠢ ᠪᠠᠷ ᠰᠣᠩᠭᠤᠭᠳᠠᠨ ᠣᠷᠣᠵᠤ᠂ ᠪᠠᠷᠠᠭᠤᠨ ᠬᠤᠶᠢᠲᠤ ᠣᠷᠣᠨ ᠤ ᠴᠤᠷ ᠤᠨ ᠭᠠᠭᠴᠠ ᠲᠤᠰ ᠢᠷᠠᠭᠤ ᠠᠯᠳᠠᠷ ᠢ ᠬᠦᠷᠲᠡᠭᠰᠡᠨ ᠲᠥᠯᠥᠭᠡᠯᠡᠭᠴᠢ ᠪᠣᠯᠪᠠ︔ ︽ᠳᠤᠮᠳᠠᠳᠤ ᠤᠯᠤᠰ ᠤᠨ ᠭᠠᠵᠠᠷ ᠤᠨ ᠲᠡᠮᠳᠡᠭ ᠤᠨ ᠰᠠᠶᠢᠨ ᠢᠳᠡᠭᠡᠨ ᠤ ᠮᠠᠲ᠋ᠧᠷᠢᠶᠠᠯ︾ ᠵᠡᠷᠭᠡ ᠣᠯᠠᠨ ᠵᠦᠢᠯ ᠤᠨ ᠤᠯᠤᠰ ᠤᠨ ᠳᠡᠰ ᠤᠨ ᠢᠷᠠᠭᠤ ᠠᠯᠳᠠᠷ ᠢ ᠬᠦᠷᠲᠡᠵᠦ᠂ ᠨᠡᠷᠡᠲᠦ ᠲᠡᠮᠳᠡᠭ ᠤᠨ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠲᠦᠢᠯ ᠤᠨ ᠶᠡᠭᠡ ᠪᠠᠷ ᠳᠡᠭᠡᠭᠰᠢᠯᠡᠪᠡ᠃ 2024 ᠣᠨ ᠳᠤ᠂ ᠨᠡᠷᠡᠲᠦ ᠲᠡᠮᠳᠡᠭ ᠨᠢ ᠨᠡᠩ ᠴᠤ 213.79 ᠳ᠋ᠦᠩᠰᠢᠭᠤᠷ ᠲᠥᠭᠦᠷᠢᠭ ᠤᠨ ᠥᠷᠲᠡᠭ ᠲᠤ ᠬᠦᠷᠴᠦ᠂ ︽ᠥᠪᠥᠷ ᠮᠣᠩᠭᠤᠯ ᠤᠨ ᠨᠡᠷᠡᠲᠦ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ︾ ᠶᠢᠨ ᠡᠩᠨᠡᠭᠡᠨ ᠳᠤ ᠬᠦᠴᠦᠯᠡᠨ ᠣᠷᠣᠵᠤ᠂ ᠨᠡᠷᠡᠲᠦ ᠲᠥᠷᠥᠯ ᠲᠡᠮᠳᠡᠭᠲᠦ ᠶᠢᠨ ᠦᠢᠯᠡᠴᠢᠯᠡᠭᠡ ᠨᠢ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠵᠤ᠂ ᠬᠤᠨᠴᠢᠷ ᠤᠨ ᠠᠵᠤ ᠦᠢᠯᠡᠰ ᠤᠨ ᠵᠢᠯ ᠤᠨ ᠦᠢᠯᠡᠳᠬᠦᠨ ᠤ ᠥᠷᠲᠡᠭ ᠨᠢ ᠳ᠋ᠦᠩᠰᠢᠭᠤᠷ ᠲᠥᠭᠦᠷᠢᠭ ᠢ ᠳᠠᠪᠠᠵᠤ᠂ ᠬᠤᠨᠴᠢᠷ ᠲᠠᠷᠢᠶᠠᠴᠢᠳ ᠤᠨ ᠬᠥᠮᠦᠨ ᠳᠤᠮᠳᠠᠴᠢ ᠶᠢᠨ ᠣᠷᠣᠯᠭ᠎ᠠ 30% ᠪᠠᠷ ᠨᠡᠮᠡᠭᠳᠡᠪᠡ᠃    ᠠᠮᠵᠢᠯᠲᠠ ᠪᠦᠲᠦᠮᠵᠢ ᠶᠢᠨ ᠡᠮᠦᠨ᠎ᠡ᠂ ᠮᠡᠷᠭᠡᠵᠢᠯᠲᠡᠳ ᠳᠠᠭᠠᠭᠠᠮᠠᠭᠠᠢ ᠬᠥᠭᠵᠢᠯᠲᠡ ᠶᠢ ᠨᠡᠩ ᠠᠩᠬᠠᠷᠤᠨ᠎ᠠ᠃ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠮᠡᠷᠭᠡᠵᠢᠯᠲᠡᠨ ᠰᠢᠦᠢ ᠵᠢᠶᠦ᠋ᠨ ︽ᠲᠠᠪᠤᠨ ᠬᠡᠮᠵᠢᠯᠳᠦ ᠵᠠᠭᠪᠤᠷ︾ ᠢ ᠳᠤᠷᠠᠳᠪᠠ᠄ ︽ᠶᠠᠰᠤ ᠴᠢᠨᠠᠷ ᠪᠣᠯ ᠦᠨᠳᠦᠰᠦ ᠮᠥᠨ᠂ ᠭᠡᠪᠡᠴᠦ ᠰᠣᠶᠣᠯ ᠤᠨ ᠬᠦᠦᠷᠨᠢᠯ᠂ ᠬᠡᠷᠡᠭᠯᠡᠭᠡᠨ ᠤ ᠦᠵᠡᠭᠳᠡᠯ᠂ ᠲᠤᠭ᠎ᠠ ᠪᠠᠷᠢᠮᠲᠠ ᠪᠠᠷ ᠡᠨᠧᠷᠭᠢ ᠣᠯᠭᠤᠬᠤ᠂ ᠲᠥᠷᠥ ᠶᠢᠨ ᠪᠣᠳᠣᠯᠭ᠎ᠠ ᠪᠠᠷ ᠬᠠᠮᠵᠢᠯᠴᠠᠬᠤ᠂ ᠴᠢᠳᠠᠪᠤᠷᠢᠲᠠᠨ ᠤ ᠨᠥᠭᠡᠴᠡ ᠨᠢ ᠠᠳᠠᠯᠢᠬᠠᠨ ᠵᠠᠩᠭᠢᠯᠠᠭ᠎ᠠ ᠪᠣᠯᠤᠨ᠎ᠠ︾ ᠭᠡᠪᠡ᠃ ᠭᠦᠶᠡᠩ ︽ᠰᠢᠵᠢᠷ ᠠᠯᠲᠠᠨ ᠥᠷᠭᠡᠷᠢᠭ ︾ ᠤᠨ ᠰᠢᠨᠵᠢᠯᠡᠬᠦ ᠤᠬᠠᠭᠠᠨ ᠤ ᠠᠭᠤᠯᠤᠭᠳᠠᠬᠤᠨ ᠢ ᠠᠭᠤᠳᠠᠯᠵᠤ᠂ ᠤᠮᠠᠷᠠᠲᠤ ᠥᠷᠭᠡᠷᠢᠭ ᠤᠨ 41° ᠤᠨ ᠪᠡᠶ᠎ᠡ ᠶᠢᠨ ᠭᠠᠷᠤᠯᠲᠠ ᠶᠢ ᠭᠡᠷᠡᠴᠢᠯᠡᠬᠦ ᠰᠢᠰᠲ᠋ᠧᠮ ᠢ ᠪᠠᠢᠭᠤᠯᠤᠨ᠎ᠠ᠃ᠰᠤᠷᠪᠤᠯᠵᠢᠯᠠᠭᠴᠢ ᠶᠢᠨ ᠰᠢᠶᠠᠨ ᠤ ᠬᠡᠪᠴᠢᠶᠡᠨ ᠤ ᠠᠵᠤ ᠠᠬᠤᠢ ᠶᠢᠨ ᠭᠤᠷᠪᠠᠳᠤᠭᠠᠷ ᠵᠦᠢᠯ ᠤᠨ ᠪᠣᠯᠤᠯᠴᠠᠭ᠎ᠠ    ᠥᠪᠥᠷ ᠮᠣᠩᠭᠤᠯ ᠤᠨ ᠵᠧᠩ ᠪᠧᠢ ᠴᠢ ᠢᠳᠡᠭᠡᠨ ᠤ ᠬᠢᠵᠠᠭᠠᠷᠲᠤ ᠺᠣᠮᠫᠠᠨᠢ ᠶᠢᠨ ᠲᠤᠷᠰᠢᠯᠲᠠ ᠶᠢᠨ ᠲᠠᠰᠤᠭ ᠲᠤ ᠰᠤᠳᠤᠯᠤᠭᠴᠢᠳ ᠶᠠᠭ ᠬᠤᠨᠴᠢᠷ ᠤᠨ ᠰᠢᠬᠢᠷ ᠤᠨ ᠠᠭᠤᠯᠤᠭᠳᠠᠴᠠ ᠶᠢ ᠰᠢᠯᠭᠠᠨ ᠪᠠᠶᠢᠴᠠᠭᠠᠵᠤ ᠪᠠᠶᠢᠨ᠎ᠠ᠃ ᠥᠪᠥᠷ ᠮᠣᠩᠭᠤᠯ ᠤᠨ ᠵᠧᠩ ᠪᠧᠢ ᠴᠢ ᠢᠳᠡᠭᠡᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠢᠨᠵᠧᠨᠧᠷ ᠴᠢᠨ ᠭᠠᠩ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠮᠠᠨ ᠤ ᠰᠤᠳᠤᠯᠤᠨ ᠨᠡᠭᠡᠭᠡᠬᠦ ᠪᠦᠯᠬᠦᠮ ᠠᠮᠢᠳᠤ ᠪᠣᠳᠠᠰ ᠢ ᠴᠤᠭᠯᠠᠭᠤᠯᠬᠤ ᠮᠡᠷᠭᠡᠵᠢᠯ ᠢᠶᠠᠷ ᠳᠠᠮᠵᠢᠭᠤᠯᠤᠨ᠂ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠣᠷᠭᠠᠨᠢᠭ ᠬᠤᠨᠴᠢᠷ ᠳᠣᠲᠣᠷᠠᠬᠢ ᠪᠦᠲᠦᠮᠵᠢᠲᠡᠢ ᠪᠦᠷᠢᠯᠳᠦᠬᠦᠨ ᠢ ᠬᠠᠮᠤᠭ ᠤᠨ ᠶᠡᠭᠡ ᠬᠡᠮᠵᠢᠶ᠎ᠡ ᠪᠠᠷ ᠭᠠᠷᠭᠠᠨ ᠠᠪᠴᠤ ᠠᠰᠢᠭᠯᠠᠨ᠎ᠠ︾ ᠭᠡᠵᠡᠢ᠃    ᠡᠭᠦᠨ ᠠᠴᠠ ᠭᠠᠳᠠᠨ᠎ᠠ᠂ ᠬᠤᠨᠴᠢᠷ ᠲᠤ ᠴᠢᠭᠯᠡᠭᠦᠯᠦᠭᠰᠡᠨ ᠨᠢᠭᠡ ᠪᠦᠯᠦᠭ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠰᠡᠳᠦᠪ ᠴᠦ ᠨᠢᠭᠡᠨᠲᠡ ᠰᠡᠳᠦᠪ ᠲᠣᠭᠲᠠᠭᠠᠵᠤ᠂ ᠬᠤᠨᠴᠢᠷ ᠣᠳᠣ ᠦᠶ᠎ᠡ ᠶᠢᠨ ᠰᠢᠨᠵᠢᠯᠡᠬᠦ ᠤᠬᠠᠭᠠᠨ ᠤ ᠡᠮ ᠵᠦᠢ ᠶᠢᠨ ᠰᠤᠳᠤᠯᠭᠠᠨ ᠤ ᠲᠣᠭᠤᠷᠢᠨ ᠳᠤ᠂ ᠣᠯᠠᠨ ᠠᠵᠤ ᠠᠬᠤᠶᠢᠯᠠᠯ ᠶᠠᠭ ᠦᠢᠯᠡᠳᠪᠦᠷᠢᠯᠡᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠬᠤᠨᠴᠢᠷ ᠨᠠᠷᠢᠯᠢᠭ ᠪᠣᠯᠪᠠᠰᠤᠷᠠᠭᠤᠯᠤᠯᠲᠠ ᠬᠢᠵᠦ᠂ ᠬᠤᠨᠴᠢᠷ ᠠᠵᠤ ᠦᠢᠯᠡᠰ ᠤᠨ ︽ᠰᠢᠨ᠎ᠡ ᠥᠨᠳᠦᠷᠯᠢᠭ︾ ᠢ ᠵᠠᠪᠳᠤᠨ ᠡᠵᠡᠯᠡᠵᠦ ᠪᠠᠶᠢᠨ᠎ᠠ᠃    ᠭᠦᠶᠡᠩ ᠰᠢᠶᠠᠨ ᠤ ᠦᠢᠯᠡᠳᠦᠯᠭᠡ ᠰᠢᠶᠠᠨ ᠤ ᠬᠡᠪᠴᠢᠶᠡᠨ ᠤ ᠬᠥᠭᠵᠢᠯᠲᠡ ᠶᠢᠨ ᠬᠤᠶᠠᠷ ᠡᠰᠢᠲᠦ ᠵᠥᠷᠢᠯᠳᠦᠭᠡᠨ ᠢ ᠡᠪᠳᠡᠵᠡᠢ᠄ ᠠᠵᠤ ᠦᠢᠯᠡᠳᠪᠦᠷᠢᠵᠢᠯᠲᠡ ᠶᠢ ᠰᠣᠬᠤᠷ ᠪᠠᠯᠠᠢ ᠪᠠᠷ ᠬᠥᠭᠡᠭᠡᠴᠡᠯᠳᠦᠬᠦ ᠦᠭᠡᠢ ᠮᠥᠷᠲᠡᠭᠡᠨ ᠠᠩᠬ᠎ᠠ ᠵᠡᠷᠭᠡ ᠶᠢᠨ ᠦᠢᠯᠡᠳᠪᠦᠷᠢᠯᠡᠯ ᠢ ᠬᠠᠶᠢᠬᠤᠷᠤᠯ ᠦᠭᠡᠢ ᠪᠠᠶᠢᠵᠤ᠂ ᠬᠠᠷᠢᠨ ᠣᠷᠣᠨ ᠪᠦᠰᠡ ᠶᠢᠨ ᠣᠯᠠᠨ ᠨᠡᠶᠢᠲᠡ ᠶᠢᠨ ᠲᠦᠷᠦᠯ ᠲᠡᠮᠳᠡᠭ ᠢᠶᠠᠷ ᠲᠤᠯᠭᠠᠭᠤᠷᠢᠯᠠᠬᠤ ᠴᠡᠭ ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ᠂ ᠰᠣᠶᠣᠯ᠂ ᠵᠢᠭᠤᠯᠴᠢᠯᠠᠯ ᠵᠡᠷᠭᠡ ᠬᠦᠴᠦᠨ ᠵᠦᠢᠯ ᠤᠨ ᠪᠥᠭᠡᠮᠨᠡᠷᠡᠯ ᠢ ᠳᠠᠶᠢᠴᠢᠯᠠᠬᠤ ᠬᠡᠷᠡᠭᠲᠡᠢ᠃    ᠭᠡᠪᠡᠴᠦ ᠨᠡᠷᠡᠲᠦ ᠲᠥᠷᠥᠯ ᠲᠡᠮᠳᠡᠭᠲᠦ ᠶᠢᠨ ᠳᠡᠰ ᠳᠡᠪᠰᠢᠬᠦ ᠶᠠᠪᠤᠴᠠ ᠳᠤ᠂ ᠰᠤᠷᠪᠤᠯᠵᠢᠯᠠᠭᠴᠢ ︽ᠵᠢᠩᠬᠢᠨᠢ ᠡᠮ ᠤᠨ ᠮᠠᠲ᠋ᠧᠷᠢᠶᠠᠯ ᠤᠨ ᠢᠵᠢᠯ ᠴᠢᠨᠠᠷ ᠤᠨ ᠥᠷᠢᠰᠥᠯᠳᠦᠭᠡᠨ ᠢ ᠬᠡᠷᠬᠢᠨ ᠠᠷᠭᠠᠴᠠᠭᠠᠬᠤ︾ ᠲᠤᠬᠠᠢ ᠠᠰᠠᠭᠤᠬᠤ ᠦᠶᠡᠰ᠂ ᠣᠯᠠᠨ ᠠᠵᠤ ᠠᠬᠤᠶᠢᠯᠠᠯ ᠤᠨ ᠲᠥᠯᠥᠭᠡᠯᠡᠭᠴᠢ ᠮᠡᠷᠭᠡᠵᠢᠯ ᠤᠨ ᠪᠠᠬᠢᠯᠡᠯᠲᠡ ᠶᠢ ᠳᠤᠷᠠᠳᠤᠭᠰᠠᠨ ᠪᠠᠶᠢᠨ᠎ᠠ᠃ ︽41° ᠤᠨ ᠭᠦᠶᠡᠩ ᠤᠨ ᠬᠠᠨᠳᠢᠪᠯᠠᠯ︾ ᠤᠨ ᠳᠠᠷᠠᠭ᠎ᠠ ᠨᠢᠭᠡ ᠰᠡᠳᠦᠪ ᠨᠢ ᠭᠠᠵᠠᠷ ᠵᠦᠢ ᠶᠢᠨ ᠲᠡᠮᠳᠡᠭ ᠢ ᠬᠡᠷᠬᠢᠨ ᠮᠡᠳᠡᠯᠭᠡ ᠶᠢᠨ ᠥᠮᠴᠢ ᠶᠢᠨ ᠡᠷᠬᠡ ᠶᠢᠨ ᠪᠠᠬᠢᠯᠡᠯᠲᠡ ᠪᠣᠯᠭᠠᠨ ᠬᠤᠪᠢᠷᠠᠭᠤᠯᠬᠤ ᠪᠤᠢ︖ ᠡᠨᠡ ᠤᠳᠠᠭᠠᠨ ᠤ ᠤᠮᠠᠷᠠᠲᠤ ᠥᠷᠭᠡᠷᠢᠭ ᠤᠨ 41 ᠠᠴᠠ ᠡᠬᠢᠯᠡᠭᠰᠡᠨ ᠨᠡᠷᠡᠲᠦ ᠲᠡᠮᠳᠡᠭ ᠤᠨ ᠬᠤᠪᠢᠰᠬᠠᠯ ᠨᠢ ᠣᠳᠣ ᠶᠠᠭ ᠰᠢᠶᠠᠨ ᠤ ᠬᠡᠪᠴᠢᠶᠡᠨ ᠤ ᠠᠵᠤ ᠠᠬᠤᠢ ᠶᠢᠨ ᠭᠤᠷᠪᠠᠳᠤᠭᠠᠷ ᠵᠠᠮ ᠢ ᠰᠦᠪᠡᠭᠴᠢᠯᠡᠵᠦ ᠪᠠᠶᠢᠨ᠎ᠠ - ᠨᠡᠷᠡᠲᠦ ᠳᠡᠮᠳᠡᠭ ᠢᠶᠠᠷ ᠭᠤᠣᠯ ᠬᠦᠴᠦᠨ ᠵᠦᠢᠯ ᠢ ᠨᠡᠶᠢᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ ᠦᠨ᠎ᠡ ᠬᠠᠩᠰᠢ ᠶᠢᠨ ᠥᠷᠢᠰᠥᠯᠳᠦᠭᠡᠨ ᠳᠤ ᠬᠡᠷᠡᠭᠯᠡᠬᠦ ᠰᠢᠪᠠᠷ ᠠᠴᠠ ᠭᠠᠷᠭᠠᠵᠤ᠂ ᠥᠷᠲᠡᠭ ᠤᠨ ᠬᠡᠯᠬᠢᠶ᠎ᠡ ᠶᠢᠨ ᠳᠡᠭᠡᠳᠦ ᠳᠡᠰ ᠲᠤ ᠥᠪᠡᠷ ᠤᠨ ᠡᠷᠬᠡ ᠦᠭᠡᠢ ᠣᠯᠵᠤ ᠪᠠᠶᠢᠨ᠎ᠠ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号