ᠨᠠᠮ ᠤᠨ ᠭᠡᠰᠢᠭᠦᠨ ᠺᠠᠳ᠋ᠷᠴᠤᠳ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ | 2025 ᠣᠨ ᠤ 4 ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠰᠢ ᠳ᠋ᠧᠦ ᠫᠦ᠋ ᠪᠠᠯᠭᠠᠰᠤ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠲᠤᠰᠬᠠᠢ ᠰᠡᠳᠦᠪᠲᠦ ᠰᠤᠷᠤᠯᠴᠠᠯᠭ᠎ᠠ ᠶᠢᠨ | ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠯᠢᠩ ᠪᠢᠨ ᠰᠤᠷᠤᠯᠴᠠᠯᠭ᠎ᠠ ᠶᠢᠨ | ᠬᠤᠷᠠᠯ ᠢ ᠡᠷᠬᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠡᠯ᠎ᠡ ᠲᠣᠰᠬᠤᠨ ᠤ ᠨᠠᠮ ᠤᠨ | ᠡᠭᠦᠷ ᠤᠨ ᠱᠦᠵᠢ ᠣᠷᠣᠯᠴᠠᠵᠠᠢ᠃ ᠬᠤᠷᠠᠯ ᠳᠡᠭᠡᠷ᠎ᠡ ︽ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠪᠣᠯᠤᠨ ︽ᠲᠥᠪ ᠤᠨ ᠨᠠᠢᠮᠠᠨ | ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ | ᠬᠡᠷᠡᠭ ᠤᠨ ᠵᠢᠱᠢᠶ᠎ᠡ︾ ᠶᠢ ᠲᠤᠰᠬᠠᠢ ᠰᠡᠳᠦᠪ ᠢᠶᠠᠷ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠳᠤ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠨᠢᠭᠡ ᠳᠤ᠂ ᠰᠤᠷᠤᠯᠴᠠᠯᠭ᠎ᠠ ᠬᠥᠮᠦᠵᠢᠯ ᠤᠨ ᠭᠤᠣᠯ ᠱᠤᠭᠤᠮ ᠲᠠᠢ ᠨᠢᠭᠲᠠ ᠤᠶᠠᠯᠳᠤᠭᠤᠯᠵᠤ᠂ | ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠭᠤᠣᠯ | ᠴᠢᠮᠥᠭᠡ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ᠂ | ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠬᠤ᠂ ᠶᠣᠰᠣ ᠳᠦᠷᠢᠮ ᠢ ᠴᠢᠩᠭ᠎ᠠ ᠰᠠᠬᠢᠬᠤ ᠤᠬᠠᠮᠰᠠᠷ ᠢ | ᠰᠤᠷᠤᠯᠴᠠᠯᠭ᠎ᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ | ᠤᠬᠠᠮᠰᠠᠷ ᠢᠶᠠᠷ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠦᠷ᠎ᠡ | ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠰᠤᠷᠤᠯᠴᠠᠨ ᠦᠢᠯᠡᠳᠦᠯᠭᠡ ᠪᠠᠨ ᠭᠦᠨᠵᠡᠭᠡᠶᠢᠷᠡᠭᠦᠯᠬᠦ ᠬᠡᠷᠡᠭᠲᠡᠢ᠃ ᠭᠦᠨᠵᠡᠭᠡᠢ ᠰᠤᠷᠤᠯᠴᠠᠵᠤ ᠨᠠᠷᠢᠨ | ᠣᠶᠢᠯᠠᠭᠠᠬᠤ ᠪᠠ ᠦᠨᠡᠨ ᠪᠠᠶᠢᠴᠠᠭᠠᠵᠤ ᠪᠣᠳᠠᠲᠠᠢ ᠥᠭᠡᠷᠡᠴᠢᠯᠡᠬᠦ ᠶᠢ ᠨᠢᠭᠲᠠ ᠤᠶᠠᠯᠳᠤᠭᠤᠯᠵᠤ᠂ ᠰᠤᠷᠤᠯᠴᠠᠯᠭ᠎ᠠ | ᠬᠥᠮᠦᠵᠢᠯ ᠢ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠠᠬᠢᠭᠤᠯᠵᠤ᠂ | ᠰᠤᠷᠲᠠᠯ ᠤᠨ ᠬᠤᠪᠢᠷᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠢ ᠠᠬᠢᠭᠤᠯᠤᠨ᠎ᠠ᠃ ᠰᠤᠷᠤᠯᠴᠠᠬᠤ ᠰᠡᠳᠬᠢᠬᠦ | ᠬᠡᠷᠡᠭᠯᠡᠬᠦ ᠶᠢ ᠨᠡᠪᠲᠡᠷᠡᠯᠴᠡᠭᠦᠯᠬᠦ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠡᠶᠡᠯᠡᠭᠦᠯᠵᠦ᠂ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢᠶᠠᠷ ᠠᠵᠢᠯ ᠤᠨ ᠦᠢᠯᠡᠳᠦᠯᠭᠡ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃ | ᠭᠤᠷᠪᠠ ᠳᠤ᠂ ᠭᠤᠣᠯ ᠠᠵᠢᠯ ᠲᠠᠢ ᠤᠶᠠᠯᠳᠤᠭᠤᠯᠵᠤ᠂ ᠰᠤᠷᠲᠠᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ | ᠰᠤᠷᠤᠯᠴᠠᠯᠭ᠎ᠠ ᠬᠥᠮᠦᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ | ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠯᠤᠭ᠎ᠠ ᠭᠦᠨᠵᠡᠭᠡᠢ | ᠠᠭᠤᠰᠤᠯᠴᠠᠭᠤᠯᠵᠤ᠂ ᠰᠢᠯᠢᠳᠡᠭ ᠰᠤᠷᠲᠠᠯ ᠢᠶᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠵᠤ᠂ ᠡᠯ᠎ᠡ ᠵᠦᠢᠯ ᠤᠨ | ᠠᠵᠢᠯ ᠢ ᠰᠤᠷᠲᠠᠯ ᠤᠨ ᠬᠤᠪᠢᠷᠠᠭᠤᠯᠤᠯᠲᠠ ᠶᠢᠨ ᠳᠤᠮᠳᠠ ᠰᠢᠨ᠎ᠡ ᠰᠢᠪᠲᠤᠯᠤᠯᠲᠠ᠂ ᠰᠢᠨ᠎ᠡ ᠦᠷ᠎ᠡ ᠪᠦᠲᠦᠮᠵᠢ | ᠣᠯᠬᠤ ᠶᠢ ᠪᠠᠲᠤᠯᠠᠬᠤ ᠬᠡᠷᠡᠭᠲᠡᠢ᠃ ᠳᠥᠷᠪᠡ ᠳᠤ᠂ ᠬᠠᠷᠢᠭᠤᠴᠠᠯᠭ᠎ᠠ ᠡᠭᠦᠷᠭᠡᠯᠡᠯ ᠢ ᠪᠣᠳᠠᠲᠠᠶᠢᠵᠢᠭᠤᠯᠵᠤ᠂ ᠠᠵᠢᠯ ᠬᠢᠬᠦ | ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠢ ᠠᠬᠢᠭᠤᠯᠬᠤ | ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠵᠢᠯ ᠬᠢᠵᠦ ᠦᠢᠯᠡᠰ ᠪᠣᠰᠬᠠᠬᠤ ᠴᠢᠳᠠᠪᠤᠷᠢ ᠶᠢ | ᠬᠥᠭᠵᠢᠭᠡᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ | ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠤᠷᠲᠠᠯ ᠤᠨ | ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃ | |