ᠡᠨᠡ ᠵᠢᠯ ᠠᠴᠠ ᠨᠠᠰᠢ᠂ ᠵᠢᠨᠱᠠᠨ ᠪᠠᠯᠭᠠᠰᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ | ᠠᠷᠭ᠎ᠠ ᠵᠠᠮ ᠢ ᠢᠳᠡᠪᠬᠢᠲᠡᠢ ᠬᠠᠶᠢᠨ ᠰᠦᠪᠡᠭᠴᠢᠯᠡᠵᠦ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ 12345 | ᠠᠵᠢᠯ ᠤᠨ ᠬᠠᠭᠤᠳᠠᠰᠤ ᠶᠢ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠬᠦᠷᠦᠯᠴᠡᠬᠦ ᠦᠭᠡᠢ᠂ ᠬᠦᠴᠢᠷ | ᠲᠦᠪᠡᠭᠲᠡᠢ ᠠᠰᠠᠭᠤᠳᠠᠯ ᠢ ᠤᠷᠲᠤ ᠬᠤᠭᠤᠴᠠᠭ᠎ᠠ ᠪᠠᠷ ᠤᠳᠠᠭᠠᠰᠢᠷᠠᠭᠤᠯᠤᠨ ᠰᠢᠢᠳᠪᠦᠷᠢᠯᠡᠬᠦ ᠦᠭᠡᠢ ᠪᠠᠶᠢᠬᠤ ᠵᠡᠷᠭᠡ | ᠡᠪᠡᠷᠰᠢᠶᠡᠯ ᠳᠤ ᠴᠢᠭᠯᠡᠭᠦᠯᠦᠨ᠂ ︽ᠠᠷᠠᠳ ᠤᠨ ᠲᠥᠯᠥᠭᠡᠯᠡᠭᠴᠢᠳ ᠤᠨ ᠭᠤᠣᠯᠳᠠᠯᠭ᠎ᠠ ᠲᠠᠢ ᠠᠵᠢᠯ ᠤᠨ | ᠬᠠᠭᠤᠳᠠᠰᠤ ᠶᠢ ᠣᠷᠣᠯᠠᠨ ᠭᠦᠢᠴᠡᠳᠬᠡᠬᠦ ᠳᠦᠷᠢᠮ︾ ᠢ ᠰᠢᠨ᠎ᠡ ᠪᠠᠷ ᠡᠭᠦᠳᠦᠨ ᠪᠠᠶᠢᠭᠤᠯᠵᠤ᠂ ︽ᠲᠥᠯᠥᠭᠡᠯᠡᠭᠴᠢ ᠪᠠᠷ | ᠲᠦᠷᠦᠭᠦᠯᠡᠬᠦ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠪᠢᠲᠡᠭᠦᠦ ᠴᠠᠭᠠᠷᠢᠭ ᠢᠶᠠᠷ ᠰᠢᠮᠳᠠᠭᠤᠯᠤᠨ | ᠭᠦᠢᠴᠡᠳᠬᠡᠬᠦ︾ ᠵᠠᠭᠪᠤᠷ ᠢᠶᠠᠷ ᠳᠠᠮᠵᠢᠭᠤᠯᠤᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠲᠠᠢ ︽ᠶᠠᠪᠤᠳᠠᠯ | ᠪᠣᠯᠭᠠᠨ ᠳᠤ ᠬᠠᠷᠢᠭᠤ ᠥᠭᠴᠦ᠂ ᠶᠠᠪᠤᠳᠠᠯ ᠪᠣᠯᠭᠠᠨ ᠳᠤ ᠪᠣᠳᠠᠲᠤ ᠦᠷ᠎ᠡ ᠪᠦᠲᠦᠮᠵᠢ ᠭᠠᠷᠭᠠᠬᠤ︾ ᠶᠢ ᠠᠬᠢᠭᠤᠯᠪᠠ᠃ | ᠣᠳᠣᠬᠠᠨ ᠳᠤ ᠭᠤᠣᠯᠳᠠᠯᠭ᠎ᠠ ᠲᠠᠢ ᠠᠵᠢᠯ ᠤᠨ ᠬᠠᠭᠤᠳᠠᠰᠤ ᠶᠢ ᠨᠡᠶᠢᠲᠡ 13 ᠬᠤᠪᠢ ᠠᠷᠢᠯᠭᠠᠵᠤ᠂ ᠣᠯᠠᠨ | ᠲᠦᠮᠡᠨ ᠤ ᠬᠠᠨᠤᠮᠵᠢ ᠶᠢᠨ ᠬᠡᠮᠵᠢᠶ᠎ᠡ ᠶᠢ 100% ᠪᠣᠯᠲᠠᠯ᠎ᠠ ᠳᠡᠭᠡᠭᠰᠢᠯᠡᠭᠦᠯᠪᠡ᠃ | ᠨᠢᠭᠡ᠂ ᠲᠣᠭᠲᠠᠴᠠ ᠶᠢᠨ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ | ᠰᠠᠨᠠᠭᠠᠴᠢᠯᠠᠭ᠎ᠠ ᠠᠴᠠ ᠪᠠᠨ ᠬᠠᠭᠤᠳᠠᠰᠤ ᠲᠤᠰᠬᠤ︾ ᠶᠢ ︽ᠰᠠᠨᠠᠭᠠᠴᠢᠯᠠᠭ᠎ᠠ ᠠᠴᠠ ᠪᠠᠨ ᠠᠵᠢᠯᠯᠠᠬᠤ︾ ᠪᠣᠯᠭᠠᠨ | ᠬᠤᠪᠢᠷᠠᠭᠤᠯᠬᠤ | ᠨᠢᠭᠡ ᠳᠤ᠂ ᠭᠤᠣᠯᠳᠠᠯᠭ᠎ᠠ ᠲᠠᠢ ᠠᠵᠢᠯ ᠤᠨ ᠬᠠᠭᠤᠳᠠᠰᠤ ᠶᠢ ᠬᠠᠷᠠᠯᠲᠠ ᠲᠠᠢ ᠪᠠᠷ ᠰᠢᠭᠰᠢᠨ ᠰᠣᠩᠭᠤᠪᠠ᠃ ︽ | ᠤᠯᠠᠭᠠᠨ ᠰᠢᠷ᠎ᠠ ᠨᠣᠭᠤᠭᠠᠷᠠᠭᠤᠯᠤᠯᠲᠠ︾ ᠶᠢᠨ ᠠᠵᠢᠯ ᠤᠨ ᠬᠠᠭᠤᠳᠠᠰᠤ ᠶᠢ ᠳᠡᠰ ᠬᠤᠪᠢᠶᠠᠬᠤ ᠲᠣᠭᠲᠠᠴᠠ ᠶᠢ | ᠪᠠᠶᠢᠭᠤᠯᠵᠤ᠂ ᠠᠷᠠᠳ ᠤᠨ ᠠᠮᠢᠳᠤᠷᠠᠯ ᠤᠨ ᠡᠪᠡᠷᠰᠢᠶᠡᠯ ᠤᠨ ᠴᠡᠭ ︵ᠵᠠᠮ ᠢ ᠰᠡᠯᠪᠢᠨ ᠵᠠᠰᠠᠬᠤ᠂ ᠣᠷᠴᠢᠨ | ᠲᠣᠭᠤᠷᠢᠨ ᠢ ᠴᠡᠭᠴᠡᠯᠡᠨ ᠵᠠᠰᠠᠬᠤ︶᠂ ᠲᠥᠷᠥ ᠶᠢᠨ ᠪᠣᠳᠣᠯᠭ᠎ᠠ ᠶᠢᠨ ᠮᠠᠷᠭᠤᠯᠳᠤᠭᠠᠨ ᠲᠠᠢ ︵ᠵᠢᠱᠢᠶᠡᠯᠡᠪᠡᠯ ᠭᠠᠵᠠᠷ | ᠲᠠᠲᠠᠪᠤᠷᠢᠯᠠᠭᠰᠠᠨ ᠨᠥᠬᠦᠪᠥᠷᠢ᠂ ᠲᠡᠦᠬᠡᠨ ᠠᠴᠠ ᠦᠯᠡᠳᠡᠭᠳᠡᠵᠦ ᠢᠷᠡᠭᠰᠡᠨ︶ ᠢ ᠳᠠᠪᠬᠤᠷᠳᠠᠭᠤᠯᠤᠨ ᠵᠠᠭᠠᠯᠳᠤᠬᠤ | ᠠᠵᠢᠯ ᠤᠨ ᠬᠠᠭᠤᠳᠠᠰᠤ ᠶᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠮᠲᠤᠷᠠᠨ | ᠡᠷᠬᠢᠯᠡᠭᠰᠡᠨ ᠨᠡᠶᠢᠭᠡᠮ ᠤᠨ ᠵᠠᠰᠠᠯᠲᠠ ᠶᠢᠨ ᠠᠯᠪᠠᠨ ᠭᠡᠷ ᠠᠴᠠ ᠰᠠᠷ᠎ᠠ ᠪᠦᠷᠢ 3 - 4 ᠬᠤᠪᠢ ᠶᠢ ᠰᠢᠯᠢᠨ ᠰᠣᠩᠭᠤᠵᠤ | ︽ᠬᠤᠪᠢᠰᠬᠠᠯ ᠤᠨ ᠭᠤᠣᠯᠳᠠᠯᠭ᠎ᠠ ᠲᠠᠢ ᠠᠵᠢᠯ ᠤᠨ ᠬᠠᠭᠤᠳᠠᠰᠤ︾ ᠳᠤ ᠣᠷᠣᠭᠤᠯᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤ ᠳᠡᠪᠰᠢᠭᠦᠯᠦᠨ ᠲᠤᠰᠢᠶᠠᠵᠤ ᠳᠠᠭᠠᠭᠤᠯᠤᠨ | ᠡᠷᠭᠢᠯᠡᠭᠰᠡᠨ ᠨᠠᠷᠢᠨ ᠬᠠᠭᠤᠳᠠᠰᠤ ᠳᠤ ᠲᠤᠰᠢᠶᠠᠨ᠎ᠠ᠃ ᠬᠤᠶᠠᠷ ᠲᠤ᠂ ︽ᠭᠤᠷᠪᠠ ᠶᠢ ᠲᠣᠭᠲᠠᠭᠠᠬᠤ︾ ᠣᠷᠣᠯᠠᠨ | ᠭᠦᠢᠴᠡᠳᠬᠡᠬᠦ ᠵᠠᠭᠪᠤᠷ ᠢ ᠬᠡᠷᠡᠭᠵᠢᠭᠦᠯᠦᠨ᠎ᠡ᠃ ᠬᠥᠮᠦᠨ ᠨᠢ᠄ ᠰᠣᠩᠭᠤᠭᠤᠯᠢ ᠶᠢᠨ ᠲᠣᠭᠤᠷᠢᠭ ᠢᠶᠠᠷ | ᠬᠠᠷᠢᠭᠤᠴᠠᠯᠭ᠎ᠠ ᠶᠢᠨ ᠲᠣᠣᠷᠵᠢᠯ ᠬᠤᠪᠢᠶᠠᠵᠤ᠂ ᠪᠦᠬᠦ ᠪᠠᠯᠭᠠᠰᠤ ᠶᠢᠨ 152 ᠰᠢᠶᠠᠨ ᠪᠠᠯᠭᠠᠰᠤ ᠬᠤᠶᠠᠷ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ 25 ᠣᠷᠣᠯᠠᠨ ᠭᠦᠢᠴᠡᠳᠬᠡᠬᠦ | ᠳᠤᠭᠤᠶᠢᠯᠠᠩ ᠳᠤ ᠨᠠᠶᠢᠷᠠᠭᠤᠯᠤᠨ ᠣᠷᠣᠭᠤᠯᠵᠤ᠂ ᠬᠥᠮᠦᠨ ᠪᠦᠷᠢ ᠵᠢᠯ ᠳᠤ ᠠᠳᠠᠭ ᠲᠠᠭᠠᠨ 1 ᠵᠦᠢᠯ ᠤᠨ | ᠭᠤᠣᠯᠳᠠᠯᠭ᠎ᠠ ᠲᠠᠢ ᠠᠵᠢᠯ ᠤᠨ ᠬᠠᠭᠤᠳᠠᠰᠤ ᠶᠢ ᠲᠠᠨᠢᠵᠤ ᠠᠪᠬᠤ ᠬᠡᠷᠡᠭᠲᠡᠢ᠃ ᠲᠣᠭᠲᠠᠭᠰᠠᠨ ᠴᠠᠭ᠄ ︽1 ᠡᠳᠦᠷ | ᠴᠤᠤᠷᠢᠶᠠᠲᠤᠨ ᠳᠠᠭᠠᠵᠤ᠂ 7 ᠡᠳᠦᠷ ᠰᠢᠢᠳᠪᠦᠷᠢᠯᠡᠵᠦ ᠳᠠᠭᠤᠰᠬᠠᠬᠤ︾ ᠴᠠᠭ ᠤᠨ ᠬᠢᠵᠠᠭᠠᠷ ᠢ ᠲᠣᠳᠣᠷᠬᠠᠶᠢᠯᠠᠵᠤ᠂ | ᠨᠠᠷᠢᠨ ᠪᠤᠳᠤᠯᠢᠶᠠᠨᠲᠠᠢ ᠠᠰᠠᠭᠤᠳᠠᠯ ᠢ ᠬᠤᠶᠢᠰᠢᠯᠠᠭᠤᠯᠬᠤ ᠪᠠᠷ ᠭᠤᠶᠤᠴᠢᠯᠠᠵᠤ ᠪᠣᠯᠤᠨ᠎ᠠ᠂ ᠭᠡᠪᠡᠴᠦ ᠣᠯᠠᠨ | ᠲᠦᠮᠡᠨ ᠳᠤ ᠠᠬᠢᠴᠠ ᠶᠢ ᠲᠣᠳᠣᠷᠬᠠᠶᠢᠯᠠᠬᠤ ᠬᠡᠷᠡᠭᠲᠡᠢ᠃ ᠬᠠᠷᠢᠭᠤᠴᠠᠯᠭ᠎ᠠ ᠲᠣᠭᠲᠠᠭᠠᠬᠤ᠄ ᠲᠥᠯᠥᠭᠡᠯᠡᠭᠴᠢ ᠪᠦᠬᠦ | ᠶᠠᠪᠤᠴᠠ ᠪᠠᠷ ︽ᠪᠠᠶᠢᠴᠠᠭᠠᠨ ᠰᠤᠳᠤᠯᠵᠤ ᠰᠤᠷᠪᠤᠯᠵᠢᠯᠠᠬᠤ᠂ ᠰᠠᠯᠠᠭ᠎ᠠ ᠮᠥᠴᠢᠷ ᠵᠣᠬᠢᠴᠠᠭᠤᠯᠬᠤ᠂ ᠮᠥᠷᠳᠡᠨ | ᠱᠠᠯᠠᠪᠳᠠᠭᠤᠯᠤᠨ ᠰᠢᠢᠳᠪᠦᠷᠢᠯᠡᠬᠦ᠂ ᠦᠷ᠎ᠡ ᠳ᠋ᠦᠩ ᠢ ᠬᠠᠷᠢᠭᠤ ᠲᠤᠰᠬᠠᠬᠤ︾ ᠲᠦᠷᠪᠡᠨ ᠭᠤᠭᠴᠤᠭ᠎ᠠ ᠳᠤ | ᠣᠷᠣᠯᠴᠠᠬᠤ ᠶᠢ ᠱᠠᠭᠠᠷᠳᠠᠪᠠ᠃ | ᠬᠤᠶᠠᠷ᠂ ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ︽ᠪᠢᠲᠡᠭᠦᠦ ᠴᠠᠭᠠᠷᠢᠭ ᠤᠨ ᠬᠡᠯᠬᠢᠶ᠎ᠡ︾ | ᠪᠠᠷ ︽ᠪᠣᠳᠠᠲᠠᠢ ᠰᠢᠢᠳᠪᠦᠷᠢᠯᠡᠬᠦ︾ ᠶᠢ ᠠᠬᠢᠭᠤᠯᠤᠨ᠎ᠠ | ᠨᠢᠭᠡ ᠳᠤ᠂ ᠨᠢᠭᠡᠳᠦᠭᠡᠷ ᠹᠷᠣᠨᠲ ᠤᠨ ᠪᠠᠶᠢᠴᠠᠭᠠᠨ ᠰᠤᠳᠤᠯᠤᠯᠲᠠ ᠬᠢᠵᠦ ᠭᠡᠮ ᠰᠣᠭᠤᠭ ᠢ ᠲᠣᠳᠣᠷᠬᠠᠢ | ᠣᠶᠢᠯᠠᠭᠠᠪᠠ᠃ ︽ᠭᠤᠷᠪᠠᠨ ᠡᠷᠬᠡᠪᠰᠢ︾ ᠶᠢᠨ ᠵᠠᠷᠴᠢᠮ ᠢ ᠨᠠᠶᠢᠳᠠᠪᠤᠷᠢᠵᠢᠭᠤᠯᠤᠨ᠎ᠠ᠄ ᠡᠷᠬᠡᠪᠰᠢ ᠲᠤᠬᠠᠢ ᠶᠢᠨ | ᠲᠠᠯᠠᠪᠤᠷ ᠲᠤ ᠬᠦᠷᠴᠦ ᠪᠣᠳᠠᠲᠤ ᠪᠠᠶᠢᠳᠠᠯ ᠢ ᠬᠠᠶᠢᠨ ᠪᠠᠶᠢᠴᠠᠭᠠᠵᠤ᠂ ᠡᠷᠬᠡᠪᠰᠢ ᠣᠯᠠᠨ ᠲᠦᠮᠡᠨ ᠲᠠᠢ ᠬᠠᠷᠢᠯᠴᠠᠵᠤ᠂ | ᠵᠠᠪᠠᠯ ᠬᠠᠷᠢᠭᠤᠴᠠᠯᠭᠠᠲᠤ ᠰᠠᠯᠠᠭ᠎ᠠ ᠮᠥᠴᠢᠷ ᠲᠠᠢ ᠮᠠᠲ᠋ᠧᠷᠢᠶᠠᠯ ᠪᠠᠶᠢᠴᠠᠭᠠᠨ ᠦᠵᠡᠨ᠎ᠡ᠃ ᠵᠢᠱᠢᠶᠡᠯᠡᠪᠡᠯ᠂ ︽ | ᠰᠥᠨᠢ ᠶᠢᠨ ᠱᠤᠤᠭᠢᠶᠠᠨ ᠠᠷᠠᠳ ᠢ ᠦᠢᠮᠡᠭᠦᠯᠬᠦ︾ ᠠᠵᠢᠯ ᠤᠨ ᠬᠠᠭᠤᠳᠠᠰᠤ ᠶᠢ ᠭᠦᠢᠴᠡᠳᠬᠡᠬᠦ ᠦᠶ᠎ᠡ ᠳᠤ᠂ | ᠲᠥᠯᠥᠭᠡᠯᠡᠭᠴᠢ 3 ᠰᠥᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠬᠡᠮᠵᠢᠯᠲᠡ ᠬᠢᠵᠦ᠂ ᠳᠠᠷᠠᠭᠠᠴᠢ ᠶᠢᠨ ᠬᠠᠤᠯᠢ | ᠬᠡᠷᠡᠭᠵᠢᠭᠦᠯᠦᠯᠲᠡ ᠳᠤ ᠭᠡᠷᠡᠴᠢ ᠪᠠᠷᠢᠮᠲᠠ ᠶᠢᠨ ᠲᠤᠯᠭᠠᠭᠤᠷᠢᠯᠠᠯ ᠬᠠᠩᠭᠠᠪᠠ᠃ ᠬᠤᠶᠠᠷ ᠲᠤ ᠬᠠᠮᠲᠤᠷᠠᠭᠰᠠᠨ | ᠵᠥᠪᠳᠡᠯᠴᠡᠭᠡᠨ ᠤ ᠬᠤᠷᠠᠯ ᠬᠢᠵᠦ ᠲᠦᠭᠵᠢᠷᠡᠯ ᠢ ᠰᠢᠢᠳᠪᠦᠷᠢᠯᠡᠪᠡ᠃ ︽ᠲᠥᠯᠥᠭᠡᠯᠡᠭᠴᠢ ᠱᠦᠭᠯᠦ ᠦᠯᠢᠶᠡᠵᠦ᠂ | ᠰᠠᠯᠠᠭ᠎ᠠ ᠮᠥᠴᠢᠷ ᠨᠡᠷ᠎ᠡ ᠪᠠᠨ ᠮᠡᠳᠡᠭᠦᠯᠬᠦ︾ ᠲᠣᠭᠲᠠᠴᠠ ᠶᠢ ᠪᠠᠶᠢᠭᠤᠯᠤᠨ᠎ᠠ᠄ ᠣᠯᠠᠨ ᠰᠠᠯᠠᠭ᠎ᠠ ᠮᠥᠴᠢᠷ ᠤᠨ | ᠪᠤᠳᠤᠯᠢᠶᠠᠨᠲᠠᠢ ᠠᠵᠢᠯ ᠤᠨ ᠬᠠᠭᠤᠳᠠᠰᠤ ᠶᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ | ᠬᠠᠮᠲᠤᠷᠠᠭᠰᠠᠨ ᠬᠤᠷᠠᠯ ᠬᠢᠵᠦ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠣᠷᠴᠢᠨ ᠠᠬᠤᠢ ᠶᠢᠨ | ᠬᠠᠮᠠᠭᠠᠯᠠᠯᠲᠠ᠂ ᠳᠣᠲᠣᠭᠠᠳᠤ ᠶᠢ ᠬᠠᠮᠠᠭᠠᠯᠠᠬᠤ ᠵᠡᠷᠭᠡ ᠨᠢᠭᠡᠴᠡ ᠶᠢ ᠴᠤᠭᠯᠠᠭᠤᠯᠤᠨ ᠲᠤᠬᠠᠢ ᠶᠢᠨ ᠲᠠᠯᠠᠪᠤᠷ ᠲᠤ | ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠪᠣᠯᠭᠠᠨ᠎ᠠ᠃ ᠭᠤᠷᠪᠠ ᠳᠤ᠂ ᠪᠦᠬᠦ ᠶᠠᠪᠤᠴᠠ ᠳᠤ ᠰᠢᠮᠳᠠᠭᠤᠯᠤᠨ | ᠰᠢᠢᠳᠪᠦᠷᠢᠯᠡᠭᠦᠯᠵᠦ ᠦᠷ᠎ᠡ ᠪᠦᠲᠦᠮᠵᠢ ᠶᠢ ᠮᠥᠷᠳᠡᠨ ᠠᠰᠠᠭᠤᠪᠠ᠃ ᠰᠦᠯᠵᠢᠶᠡᠨ ᠳᠡᠭᠡᠷ᠎ᠡ ᠨᠡᠪᠲᠡᠷᠡᠯᠴᠡᠬᠦ᠄ ᠸᠢᠴᠠᠲ | ᠪᠣᠳᠠᠲᠠᠢ ᠴᠠᠭ ᠲᠤ ᠭᠦᠢᠴᠡᠳᠬᠡᠬᠦ ᠵᠠᠩᠭᠢᠯᠠᠭ᠎ᠠ ᠶᠢᠨ ᠴᠢᠭ ᠢ ᠰᠢᠨᠡᠳᠭᠡᠨ᠎ᠡ᠃ ᠴᠠᠭ ᠲᠤᠬᠠᠢ ᠳᠤᠨᠢ ᠬᠠᠷᠢᠭᠤ | ᠰᠤᠷᠪᠤᠯᠵᠢᠯᠠᠬᠤ ᠠᠵᠢᠯ ᠤᠨ ᠬᠠᠭᠤᠳᠠᠰᠤ ᠶᠢ ᠴᠠᠭ ᠲᠤᠬᠠᠢ ᠳᠤᠨᠢ ᠬᠠᠷᠢᠭᠤ ᠰᠤᠷᠪᠤᠯᠵᠢᠯᠠᠪᠠ᠃ | ᠭᠤᠷᠪᠠ᠂ ᠤᠷᠲᠤ ᠬᠤᠭᠤᠴᠠᠭᠠᠨ ᠤ ᠪᠦᠲᠦᠮᠵᠢᠲᠡᠢ ᠵᠠᠰᠠᠯᠲᠠ ᠶᠢ ᠳᠣᠪᠤᠶᠢᠯᠭᠠᠵᠤ᠂ ︽ᠨᠢᠭᠡ ᠶᠠᠪᠤᠳᠠᠯ ᠢ | ᠰᠢᠢᠳᠪᠦᠷᠢᠯᠡᠬᠦ︾ ᠠᠴᠠ ︽ᠨᠢᠭᠡ ᠲᠥᠷᠥᠯ ᠢ ᠵᠢᠷᠤᠮᠵᠢᠭᠤᠯᠬᠤ︾ ᠬᠦᠷᠲᠡᠯ᠎ᠡ᠂ | ᠲᠥᠷᠥ ᠶᠢᠨ ᠪᠣᠳᠣᠯᠭ᠎ᠠ ᠶᠢᠨ ᠡᠬᠢ ᠡᠭᠦᠰᠦᠯ ᠠᠴᠠ ᠨᠢ ᠰᠢᠯᠢᠳᠡᠭᠵᠢᠭᠦᠯᠬᠦ ᠶᠢ ᠠᠬᠢᠭᠤᠯᠬᠤ ᠬᠡᠷᠡᠭᠲᠡᠢ᠃ | ᠠᠵᠢᠯ ᠤᠨ ᠬᠠᠭᠤᠳᠠᠰᠤ ᠪᠠᠷ ᠳᠠᠮᠵᠢᠭᠤᠯᠤᠨ ᠨᠡᠶᠢᠲᠡᠯᠢᠭ ᠴᠢᠨᠠᠷᠲᠠᠢ ᠠᠰᠠᠭᠤᠳᠠᠯ ᠢ ᠵᠠᠳᠠᠯᠤᠨ ᠪᠣᠯᠪᠠᠰᠤᠷᠠᠭᠤᠯᠵᠤ᠂ | ᠪᠠᠯᠭᠠᠰᠤᠨ ᠤ ᠵᠠᠰᠠᠭ ᠤᠨ ᠣᠷᠳᠣᠨ ᠳᠤ 3 ᠵᠤᠷᠪᠤᠰ ᠰᠠᠨᠠᠭᠤᠯᠭ᠎ᠠ ᠲᠤᠰᠢᠶᠠᠪᠠ᠃ ᠵᠢᠱᠢᠶᠡᠯᠡᠪᠡᠯ᠂ ᠲᠠᠷᠢᠶᠠᠯᠠᠩ ᠤᠨ | ᠳᠠᠭᠠᠳᠬᠠᠯ ᠤᠨ ᠲᠥᠯᠥᠪᠦᠷᠢ ᠥᠭᠬᠦ ᠨᠢ ᠵᠦᠢ ᠵᠣᠬᠢᠰ ᠦᠭᠡᠢ ᠪᠠᠶᠢᠳᠠᠯ ᠳᠤ ᠴᠢᠭᠯᠡᠭᠦᠯᠦᠨ᠂ ᠲᠠᠷᠢᠶᠠᠴᠢᠳ ᠤᠨ ᠡᠷᠬᠡ | ᠠᠰᠢᠭ ᠤᠨ ᠬᠠᠮᠠᠭᠠᠯᠠᠯᠲᠠ ᠶᠢ ᠲᠦᠯᠬᠢᠨ ᠠᠬᠢᠭᠤᠯᠬᠤ ᠬᠡᠷᠡᠭᠲᠡᠢ᠃ ᠠᠷᠠᠳ ᠤᠨ ᠰᠠᠨᠠᠭ᠎ᠠ ᠶᠢ ᠬᠤᠪᠢᠷᠠᠭᠤᠯᠬᠤ ᠵᠠᠮ ᠢ | ᠪᠠᠶᠢᠭᠤᠯᠤᠨ᠎ᠠ᠃ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠯᠠᠷᠢᠯ ᠪᠦᠷᠢ ᠣᠷᠣᠯᠠᠨ | ᠭᠦᠢᠴᠡᠳᠬᠡᠬᠦ ᠠᠵᠢᠯ ᠤᠨ ᠬᠠᠭᠤᠳᠠᠰᠤ ᠶᠢᠨ ᠲᠤᠭ᠎ᠠ ᠪᠠᠷᠢᠮᠲᠠ ᠶᠢ ᠡᠮᠬᠢᠯᠡᠵᠦ᠂ ᠠᠷᠠᠳ ᠤᠨ ᠠᠮᠢᠳᠤᠷᠠᠯ ᠤᠨ | ᠬᠠᠯᠠᠮᠰᠢᠯ ᠪᠠᠶᠢᠳᠠᠯ ᠢ ᠵᠠᠳᠠᠯᠵᠤ᠂ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ | ᠬᠠᠩᠭᠠᠪᠠ᠃ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠭᠠᠨ | ᠬᠤᠪᠢᠷᠠᠭᠤᠯᠵᠤ᠂ ᠣᠶᠢᠷ᠎ᠠ ᠶᠢᠨ ᠨᠢᠭᠡ ᠵᠢᠯ ᠳᠤ ᠪᠤᠶᠢᠳᠠ ᠪᠥᠭᠯᠡᠭᠦᠦ ᠬᠥᠳᠡᠭᠡ ᠲᠣᠰᠬᠤᠨ ᠤ ᠳᠣᠬᠢᠶ᠎ᠠ ᠶᠢᠨ | ᠪᠦᠷᠬᠦᠴᠡ᠂ ᠤᠶᠤᠨᠲᠤ ᠨᠡᠶᠢᠭᠡᠮ ᠲᠣᠭᠤᠷᠢᠭ ᠤᠨ ᠨᠠᠰᠤᠲᠠᠨ ᠳᠤ ᠳᠣᠭᠢᠷᠠᠬᠤ ᠪᠠᠭᠠᠵᠢ ᠬᠡᠷᠡᠭᠰᠡᠯ ᠢ ᠤᠭᠰᠠᠷᠠᠬᠤ ᠵᠡᠷᠭᠡ | ᠲᠥᠷᠥᠯ ᠵᠦᠢᠯ ᠢ ᠥᠷᠨᠢᠭᠦᠯᠬᠦ ᠶᠢ ᠠᠬᠢᠭᠤᠯᠪᠠ᠃ | ᠳᠥᠷᠪᠡ᠂ ᠨᠡᠶᠢᠲᠡᠯᠢᠭ ᠬᠡᠷᠡᠭ ᠤᠨ ᠵᠢᠱᠢᠶ᠎ᠡ᠄ ᠤᠰᠤ ᠬᠠᠩᠭᠠᠬᠤ ᠶᠢ ︽ᠲᠦᠷᠭᠡᠨ︾ ᠲᠠᠶᠢᠯᠵᠤ᠂ ᠠᠷᠠᠳ ᠤᠨ | ᠰᠡᠳᠬᠢᠯ ᠢ ᠳᠤᠯᠠᠭᠠᠴᠠᠭᠤᠯᠤᠨ᠎ᠠ | ᠰᠢᠨᠵᠢᠯᠡᠬᠦ ᠤᠬᠠᠭᠠᠨ ᠰᠤᠷᠭᠠᠨ ᠬᠥᠮᠦᠵᠢᠯ ᠨᠡᠶᠢᠭᠡᠮ ᠲᠤᠭᠤᠷᠢᠭ ᠤᠨ ᠬᠠᠷᠢᠶ᠎ᠠ ᠣᠷᠣᠨ ᠳᠠᠬᠢ ᠨᠡᠷᠡᠨ ᠬᠤᠲᠠ | ᠭᠤᠷᠪᠠᠨ ᠬᠤᠭᠤᠴᠠᠭᠠᠨ ᠳᠤ ᠭᠡᠨᠡᠳᠲᠡ ᠶᠢᠨ ᠤᠰᠤ ᠵᠣᠭᠰᠣᠭᠰᠠᠨ ᠪᠠᠶᠢᠳᠠᠯ ᠢᠯᠡᠷᠡᠪᠡ᠃ ᠲᠤᠰ ᠰᠠᠭᠤᠭᠠᠯᠢ | ᠲᠣᠭᠤᠷᠢᠭ ᠤᠨ ᠲᠦᠭᠡᠭᠡᠯ ᠤᠰᠤᠨ ᠤ ᠬᠤᠭᠤᠯᠠᠢ ᠡᠪᠳᠡᠷᠡᠭᠰᠡᠨ ᠠᠴᠠ ᠨᠢᠭᠡ ᠠᠰᠠᠷ ᠤᠨ ᠰᠠᠭᠤᠭᠠᠯᠢ ᠡᠷᠦᠬᠡ ᠶᠢᠨ | ᠤᠰᠤ ᠢᠳᠡᠬᠦ ᠳᠤ ᠬᠦᠴᠢᠷ ᠪᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠵᠤᠸᠠᠩ ᠶᠢᠩ ᠯᠢ ᠲᠤᠰ ᠠᠵᠢᠯ ᠤᠨ ᠬᠠᠭᠤᠳᠠᠰᠤ ᠶᠢ ᠲᠠᠨᠢᠵᠤ ᠠᠪᠤᠭᠰᠠᠨ ᠤ ᠳᠠᠷᠠᠭ᠎ᠠ᠂ ︽ᠭᠤᠷᠪᠠᠨ ᠠᠯᠬᠤᠮ ᠤᠨ | ᠠᠵᠢᠯ ᠤᠨ ᠠᠷᠭ᠎ᠠ︾ ᠪᠠᠷ᠄ ᠨᠢᠭᠡ ᠳᠤ᠂ ᠵᠢᠵᠢᠭ ᠲᠣᠭᠤᠷᠢᠭ ᠲᠤ ᠬᠦᠷᠴᠦ ᠪᠠᠷᠢᠯᠭ᠎ᠠ ᠪᠠᠷᠢᠬᠤ ᠶᠢ ᠵᠥᠪᠰᠢᠶᠡᠷᠡᠬᠦ | ᠦᠭᠡᠢ ᠰᠠᠭᠤᠭ᠎ᠠ ᠡᠷᠦᠬᠡ ᠶᠢ ᠰᠤᠷᠪᠤᠯᠵᠢᠯᠠᠵᠤ᠂ ᠪᠠᠷᠢᠯᠭ᠎ᠠ ᠪᠠᠷᠢᠬᠤ ᠴᠠᠭ ᠢ ᠨᠡᠪᠲᠡᠷᠡᠯᠴᠡᠭᠦᠯᠬᠦ᠂ ᠳᠠᠭᠤ ᠱᠤᠤᠭᠢᠶᠠᠨ ᠢ | ᠪᠠᠭᠠᠰᠬᠠᠬᠤ ᠠᠷᠭ᠎ᠠ ᠬᠡᠮᠵᠢᠶ᠎ᠡ ᠶᠢ ᠰᠠᠶᠢᠵᠢᠷᠠᠭᠤᠯᠬᠤ ᠵᠡᠷᠭᠡ ᠭᠤᠣᠯ ᠬᠦᠰᠡᠯ ᠱᠠᠭᠠᠷᠳᠠᠯᠭ᠎ᠠ ᠶᠢ ᠰᠤᠷᠪᠤᠯᠵᠢᠯᠠᠪᠠ︔ | ᠬᠤᠶᠠᠷ ᠲᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠤᠰᠤᠨ ᠤ ᠶᠠᠪᠤᠳᠠᠯ ᠤᠨ ᠲᠣᠪᠴᠢᠶ᠎ᠠ ᠶᠢ ᠵᠣᠬᠢᠴᠠᠭᠤᠯᠵᠤ ᠬᠠᠮᠤᠭ ᠤᠨ ᠲᠦᠷᠭᠡᠨ ᠲᠤᠬᠠᠢ ᠶᠢᠨ ᠲᠠᠯᠠᠪᠠᠢ ᠳᠤ ᠣᠷᠣᠵᠤ | ᠰᠠᠭᠤᠬᠤ ᠬᠠᠮᠤᠭ ᠤᠨ ᠲᠦᠷᠭᠡᠨ ᠪᠠᠷᠢᠯᠭ᠎ᠠ ᠶᠢᠨ ᠲᠥᠰᠦᠯ ᠢ ᠲᠣᠳᠣᠷᠬᠠᠶᠢᠯᠠᠪᠠ︔ ᠭᠤᠷᠪᠠ ᠳᠤ᠂ ᠰᠦᠯᠵᠢᠶᠡᠨ | ᠳᠡᠭᠡᠷ᠎ᠡ ᠥᠮᠴᠢᠲᠡᠨ ᠲᠠᠢ ᠨᠡᠪᠲᠡᠷᠡᠯᠴᠡᠵᠦ᠂ 94% ᠶᠢᠨ ᠵᠥᠪᠰᠢᠶᠡᠷᠡᠯ ᠤᠨ ᠨᠣᠷᠮ᠎ᠠ ᠪᠠᠷ ᠲᠣᠬᠢᠷᠠᠭᠤᠯᠤᠯᠲᠠ | ᠬᠢᠬᠦ ᠪᠠᠷ ᠳᠠᠮᠵᠢᠭᠤᠯᠤᠨ ᠪᠠᠷᠢᠯᠭ᠎ᠠ ᠶᠢᠨ ᠲᠥᠰᠦᠯ ᠢ ᠥᠩᠭᠡᠷᠡᠭᠡᠪᠡ᠃ | ᠲᠠᠪᠤ᠂ ᠲᠤᠷᠰᠢᠯᠭ᠎ᠠ ᠶᠢᠨ ᠰᠡᠩᠬᠡᠷᠡᠭᠦᠯᠦᠯ | ᠵᠢᠨᠱᠠᠨ ᠪᠠᠯᠭᠠᠰᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ 12345 | ᠠᠵᠢᠯ ᠤᠨ ᠬᠠᠭᠤᠳᠠᠰᠤ ᠶᠢ ᠣᠷᠣᠯᠠᠨ ᠭᠦᠢᠴᠡᠳᠬᠡᠬᠦ ᠲᠣᠭᠲᠠᠴᠠ ᠪᠠᠷ ᠳᠠᠮᠵᠢᠭᠤᠯᠤᠨ᠂ ︽ᠭᠤᠷᠪᠠ ᠶᠢ | ᠬᠤᠪᠢᠷᠠᠭᠤᠯᠬᠤ︾ ᠶᠢ ᠪᠡᠶᠡᠯᠡᠭᠦᠯᠵᠡᠢ᠄ ︽ᠰᠠᠯᠠᠭ᠎ᠠ ᠮᠥᠴᠢᠷ ᠭᠠᠭᠴᠠᠭᠠᠷ ᠲᠡᠮᠡᠴᠡᠬᠦ︾ ᠠᠴᠠ ︽ᠣᠯᠠᠨ ᠡᠰᠢᠲᠦ | ᠬᠠᠮᠵᠢᠯᠴᠠᠨ ᠬᠠᠮᠲᠤ ᠪᠠᠷ ᠵᠠᠰᠠᠬᠤ︾ ᠬᠦᠷᠲᠡᠯ᠎ᠡ᠂ ︽ᠳᠡᠰ ᠳᠠᠷᠠᠭᠠᠯᠠᠯ ᠤᠨ ᠴᠢᠨᠠᠷᠲᠠᠢ ᠬᠠᠷᠢᠭᠤᠯᠲᠠ︾ ᠠᠴᠠ ︽ | ᠪᠣᠳᠠᠲᠠᠢ ᠴᠢᠨᠠᠷᠲᠠᠢ ᠰᠢᠢᠳᠪᠦᠷᠢᠯᠡᠬᠦ︾ ᠬᠦᠷᠲᠡᠯ᠎ᠡ᠂ ︽ᠰᠠᠨᠠᠭᠠᠴᠢᠯᠠᠭᠠᠲᠤ ᠪᠤᠰᠤ ᠪᠠᠷ ᠵᠠᠭᠠᠯᠳᠤᠯᠭ᠎ᠠ ᠶᠢ ᠬᠦᠯᠢᠶᠡᠨ | ᠠᠪᠬᠤ︾ ᠠᠴᠠ ︽ᠰᠠᠨᠠᠭᠠᠴᠢᠯᠠᠭ᠎ᠠ ᠠᠴᠠ ᠪᠠᠨ ᠵᠠᠰᠠᠬᠤ︾ ᠬᠦᠷᠲᠡᠯ᠎ᠡ᠃ ᠡᠨᠡ ᠬᠦ ᠦᠢᠯᠡᠳᠦᠯᠭᠡ ᠨᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠬᠢ᠂ | ᠬᠤᠯᠪᠣᠭᠠᠰᠤ ᠶᠢᠨ ᠦᠢᠯᠡᠳᠦᠯ ᠢ ᠦᠨᠳᠦᠰᠦᠨ ᠱᠠᠲᠤᠨ ᠤ ᠵᠠᠰᠠᠯᠲᠠ ᠶᠢᠨ ᠬᠡᠯᠬᠢᠶ᠎ᠡ ᠳᠤ ᠰᠢᠭᠢᠳᠬᠡᠵᠦ᠂ ᠵᠠᠰᠠᠭ | ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ ᠴᠢᠳᠠᠬᠤ ᠮᠥᠷᠲᠡᠭᠡᠨ ᠪᠠᠰᠠ ᠣᠯᠠᠨ ᠲᠦᠮᠡᠨ ᠤ ᠠᠵᠢᠯ ᠤᠨ | ᠰᠠᠭᠤᠷᠢ ᠶᠢ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠳᠤ ᠠᠮᠢᠳᠤ ᠰᠣᠷᠭᠤᠭ | ᠦᠯᠢᠭᠡᠷ ᠬᠡᠪ ᠬᠠᠩᠭᠠᠵᠠᠢ ᠭᠡᠳᠡᠭ ᠢ ᠬᠠᠷᠠᠭᠤᠯᠵᠤ ᠪᠠᠶᠢᠨ᠎ᠠ᠃ | |