ᠰᠢᠶᠠ ᠱᠢ ᠬᠤᠤ ᠪᠠᠯᠭᠠᠰᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠬᠥᠮᠦᠯᠢᠭ ᠦᠵᠡᠯ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠬᠢᠷᠢ ᠲᠦᠪᠰᠢᠨ ᠢ | ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠰᠢᠶᠠ ᠱᠢ ᠬᠤᠤ ᠪᠠᠯᠭᠠᠰᠤᠨ ᠤ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠠᠢ ᠬᠠᠮᠲᠤᠷᠠᠨ 2025 ᠣᠨ ᠤ ᠬᠥᠮᠦᠯᠢᠭ | ᠦᠵᠡᠯ ᠤᠨ ᠠᠪᠤᠷᠠᠨ ᠲᠤᠰᠠᠯᠠᠬᠤ ᠪᠣᠯᠪᠠᠰᠤᠷᠠᠭᠤᠯᠤᠯ ᠤᠨ ᠬᠤᠷᠠᠯ ᠵᠢᠴᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ | ᠠᠪᠤᠷᠠᠨ ᠲᠤᠰᠠᠯᠠᠬᠤ ᠠᠵᠢᠯᠲᠠᠨ ︵ᠠᠩᠬ᠎ᠠ ᠵᠡᠷᠭᠡ ᠶᠢᠨ︶ ᠤ ᠪᠣᠯᠪᠠᠰᠤᠷᠠᠭᠤᠯᠤᠯ ᠤᠨ ᠬᠢᠴᠢᠶᠡᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠪᠠᠯᠭᠠᠰᠤᠨ ᠤ ᠬᠡᠪᠴᠢᠶᠡᠨ ᠤ ᠬᠥᠮᠦᠯᠢᠭ ᠦᠵᠡᠯ ᠤᠨ ᠠᠪᠤᠷᠠᠨ ᠲᠤᠰᠠᠯᠠᠬᠤ ᠠᠵᠢᠯ ᠳᠤ | ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ | ᠪᠣᠯᠪᠠᠰᠤᠷᠠᠭᠤᠯᠤᠯ ᠤᠨ ᠳᠤᠮᠳᠠ᠂ ᠯᠧᠺᠲ᠋ᠣᠷ ︽ᠣᠨᠣᠯ ᠤᠨ ᠨᠠᠷᠢᠯᠢᠭ ᠪᠣᠳᠠᠲᠠᠢ ᠠᠵᠢᠯᠯᠠᠭ᠎ᠠ ᠶᠢᠨ ᠵᠢᠱᠢᠶ᠎ᠡ | ᠦᠵᠡᠭᠦᠯᠦᠨ ᠬᠠᠷᠢᠯᠴᠠᠨ ᠬᠥᠳᠡᠯᠦᠯᠴᠡᠵᠦ ᠰᠤᠳᠤᠯᠤᠨ ᠶᠠᠷᠢᠯᠴᠠᠬᠤ︾ ᠣᠯᠠᠨ ᠡᠰᠢᠵᠢᠭᠰᠡᠨ ᠵᠢᠭᠠᠨ ᠰᠤᠷᠭᠠᠯᠲᠠ ᠶᠢᠨ | ᠵᠠᠭᠪᠤᠷ ᠢ ᠬᠡᠷᠡᠭᠯᠡᠵᠦ᠂ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠤᠨ ᠠᠭᠤᠯᠭ᠎ᠠ ᠶᠢ ᠨᠡᠩ ᠰᠠᠶᠢᠨ ᠬᠦᠯᠢᠶᠡᠨ | ᠠᠪᠬᠤ ᠪᠠ ᠣᠶᠢᠯᠠᠭᠠᠭᠤᠯᠤᠨ᠎ᠠ᠃ ᠵᠢᠷᠦᠬᠡ ᠠᠭᠤᠰᠬᠢᠨ ᠤ ᠰᠡᠷᠭᠦᠭᠡᠯᠲᠡ ᠶᠢᠨ ᠪᠣᠯᠪᠠᠰᠤᠷᠠᠯ ᠤᠨ ᠬᠡᠰᠡᠭ ᠲᠤ᠂ ᠯᠢ | ᠰᠢᠶᠣᠤ ᠯᠢᠶᠠᠩ ᠯᠧᠺᠲ᠋ᠣᠷ ᠲᠡᠭᠦᠨ ᠤ ᠭᠦᠨ ᠵᠤᠵᠠᠭᠠᠨ ᠲᠤᠰᠬᠠᠢ ᠮᠡᠷᠭᠡᠵᠢᠯ ᠤᠨ ᠮᠡᠳᠡᠯᠭᠡ ᠪᠠ ᠡᠯᠪᠡᠭ ᠪᠠᠶᠠᠯᠢᠭ | ᠦᠢᠯᠡᠳᠦᠯᠭᠡ ᠶᠢᠨ ᠲᠤᠷᠰᠢᠯᠭ᠎ᠠ ᠳᠠᠭᠠᠨ ᠲᠦᠰᠢᠭᠯᠡᠨ᠂ ᠵᠢᠷᠦᠬᠡ ᠠᠭᠤᠰᠬᠢᠨ ᠤ ᠰᠡᠷᠭᠦᠭᠡᠯᠲᠡ ᠶᠢᠨ ᠤᠭ ᠶᠣᠰᠣ᠂ | ᠠᠵᠢᠯᠯᠠᠭᠠᠨ ᠤ ᠭᠤᠣᠯᠳᠠᠯᠭ᠎ᠠ ᠵᠢᠴᠢ ᠠᠳᠠᠯᠢ ᠪᠤᠰᠤ ᠦᠵᠡᠭᠳᠡᠯ ᠤᠨ ᠳᠣᠣᠷᠠᠬᠢ ᠬᠡᠷᠡᠭᠯᠡᠯᠲᠡ ᠶᠢ ᠭᠦᠨᠵᠡᠭᠡᠢ ᠪᠥᠭᠡᠳ | ᠣᠶᠢᠯᠠᠭᠠᠮᠵᠢᠲᠠᠢ ᠲᠠᠶᠢᠯᠪᠤᠷᠢᠯᠠᠭᠰᠠᠨ ᠪᠥᠭᠡᠳ ᠳᠠᠭᠤᠷᠢᠶᠠᠮᠠᠯ ᠬᠥᠮᠦᠨ ᠵᠡᠷᠭᠡ ᠵᠢᠭᠠᠨ ᠰᠤᠷᠭᠠᠯᠲᠠ ᠶᠢᠨ ᠬᠡᠷᠡᠭᠰᠡᠯ ᠢ | ᠭᠦᠢᠴᠡᠳ ᠠᠰᠢᠭᠯᠠᠨ᠂ ᠲᠤᠬᠠᠢ ᠶᠢᠨ ᠲᠠᠯᠠᠪᠤᠷ ᠲᠤ ᠪᠠᠷᠢᠮᠵᠢᠶ᠎ᠠ ᠠᠵᠢᠯᠯᠠᠭᠠᠨ ᠤ ᠶᠠᠪᠤᠴᠠ ᠶᠢ ᠦᠵᠡᠭᠦᠯᠵᠦ᠂ | ᠰᠤᠷᠤᠭᠴᠢᠳ ᠢ ᠵᠢᠷᠦᠬᠡ ᠠᠭᠤᠰᠬᠢᠨ ᠤ ᠰᠡᠷᠭᠦᠯᠲᠡ ᠶᠢᠨ ᠵᠥᠪ ᠠᠵᠢᠯᠯᠠᠬᠤ ᠠᠷᠭ᠎ᠠ ᠶᠢ ᠰᠢᠭᠤᠳ ᠰᠤᠷᠤᠯᠴᠠᠭᠤᠯᠪᠠ᠃ | ᠰᠢᠷᠬ᠎ᠠ ᠶᠢ ᠪᠣᠭᠤᠬᠤ ᠵᠡᠷᠭᠡ ᠲᠦᠷᠭᠡᠨ ᠠᠪᠤᠷᠠᠬᠤ ᠮᠡᠷᠭᠡᠵᠢᠯ ᠤᠨ ᠪᠣᠯᠪᠠᠰᠤᠷᠠᠯ ᠤᠨ ᠬᠡᠰᠡᠭ ᠲᠤ᠂ ᠰᠢᠶᠣᠤ ᠵᠢᠩ | ᠪᠠᠭᠰᠢ ᠭᠤᠷᠪᠠᠯᠵᠢᠨ ᠠᠯᠴᠢᠭᠤᠷ ᠢ ᠬᠡᠷᠡᠭᠯᠡᠬᠦ᠂ ᠣᠷᠢᠶᠠᠬᠤ ᠵᠡᠷᠭᠡ ᠲᠠᠯ᠎ᠠ ᠪᠠᠷ᠂ ᠠᠳᠠᠯᠢ ᠪᠤᠰᠤ ᠲᠥᠷᠥᠯ ᠤᠨ ᠰᠢᠷᠬ᠎ᠠ | ᠰᠣᠷᠪᠢ ᠶᠢ ᠪᠣᠭᠤᠬᠤ ᠠᠷᠭ᠎ᠠ ᠪᠠ ᠪᠣᠳᠠᠲᠠᠢ ᠤᠷ᠎ᠠ ᠮᠡᠷᠭᠡᠵᠢᠯ ᠢ ᠲᠠᠶᠢᠯᠪᠤᠷᠢᠯᠠᠨ ᠦᠵᠡᠭᠦᠯᠵᠦ᠂ ᠭᠠᠷᠮᠠᠭᠠᠢ ᠲᠤᠰᠬᠠᠢ | ᠮᠡᠷᠭᠡᠵᠢᠯ ᠤᠨ ᠬᠡᠪ ᠪᠣᠯᠪᠠᠰᠤᠷᠠᠯ ᠢ ᠢᠯᠡᠷᠡᠭᠦᠯᠪᠡ᠃ | ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠲᠤᠬᠠᠢ ᠶᠢᠨ ᠲᠠᠯᠠᠪᠤᠷ ᠲᠤ ᠰᠤᠷᠤᠯᠭ᠎ᠠ ᠲᠡᠭᠦᠰᠬᠦ ᠰᠢᠯᠭᠠᠯᠲᠠ ᠶᠢ | ᠵᠣᠬᠢᠶᠠᠨ ᠪᠠᠶᠢᠭᠤᠯᠵᠤ᠂ ᠪᠣᠯᠪᠠᠰᠤᠷᠠᠯ ᠳᠤ ᠣᠷᠣᠯᠴᠠᠭᠰᠠᠨ 28 ᠰᠤᠷᠤᠭᠴᠢ ᠰᠢᠯᠭᠠᠯᠲᠠ ᠶᠢ ᠤᠷᠤᠭᠰᠢᠲᠠᠢ | ᠥᠩᠭᠡᠷᠡᠭᠡᠵᠦ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠪᠤᠷᠠᠨ ᠲᠤᠰᠠᠯᠠᠭᠴᠢ ︵ᠠᠩᠬ᠎ᠠ ᠵᠡᠷᠭᠡ ᠶᠢᠨ︶ ᠶᠢᠨ | ᠦᠨᠡᠮᠯᠡᠯ ᠢ ᠣᠯᠤᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠰᠢᠶᠠ ᠱᠢ ᠬᠤᠤ ᠪᠠᠯᠭᠠᠰᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ | ᠢᠮᠠᠭᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ | ᠰᠢᠵᠢᠮ ᠪᠣᠯᠭᠠᠵᠤ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠪᠠᠨ ᠪᠠᠲᠤ ᠴᠡᠭᠡᠵᠢᠯᠡᠵᠦ᠂ ᠬᠥᠮᠦᠯᠢᠭ | ᠦᠵᠡᠯ ᠤᠨ ᠠᠪᠤᠷᠠᠨ ᠲᠤᠰᠠᠯᠠᠬᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠦᠷᠭᠦᠯᠵᠢᠯᠡᠨ | ᠠᠬᠢᠭᠤᠯᠵᠤ᠂ ᠠᠮᠤᠷ ᠲᠦᠪᠰᠢᠨ᠂ ᠡᠶ᠎ᠡ ᠵᠣᠬᠢᠴᠠᠩᠭᠤᠢ᠂ ᠰᠠᠶᠢᠨ ᠰᠠᠶᠢᠬᠠᠨ ᠰᠢᠶᠠᠩ ᠪᠠᠯᠭᠠᠰᠤᠨ ᠤ ᠣᠷᠴᠢᠨ | ᠲᠣᠭᠤᠷᠢᠨ ᠢ ᠪᠠᠶᠢᠭᠤᠯᠬᠤ ᠳᠤ ᠨᠡᠩ ᠣᠯᠠᠨ ᠬᠦᠴᠦᠨ ᠴᠢᠳᠠᠯ ᠢᠶᠠᠨ ᠡᠷᠭᠦᠨ᠎ᠡ᠃ | |