ᠰᠠᠭᠤᠭᠠᠯᠢ ᠠᠷᠠᠳ᠂ ᠢᠯᠠᠩᠭᠤᠶ᠎ᠠ ᠨᠠᠰᠤᠲᠠᠶᠢᠴᠤᠳ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠠᠮᠤᠷ | ᠲᠦᠪᠰᠢᠨ ᠤ ᠤᠬᠠᠮᠰᠠᠷ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠵᠢᠨᠱᠠᠨ ᠪᠠᠯᠭᠠᠰᠤᠨ ᠤ | ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠶᠢᠭᠡᠮ ᠲᠣᠭᠤᠷᠢᠭ ᠥᠪᠥᠷ ᠮᠣᠩᠭᠤᠯ ᠤᠨ ᠬᠤᠳᠠᠯᠳᠤᠭᠠᠨ ᠤ | ᠪᠠᠩᠬᠢ ᠲᠠᠢ ᠬᠠᠮᠲᠤᠷᠠᠨ ︽ᠮᠡᠬᠡᠯᠡᠯ ᠢ ᠰᠡᠷᠭᠡᠶᠢᠯᠡᠬᠦ ᠠᠮᠤᠷ ᠲᠦᠪᠰᠢᠨ ᠤ ᠲᠣᠣᠷ ᠢ ᠪᠠᠲᠤ ᠪᠠᠬᠢ ᠪᠠᠶᠢᠭᠤᠯᠵᠤ᠂ ᠠᠮᠠᠨ | ᠤᠩᠰᠢᠯᠭ᠎ᠠ ᠶᠢ ᠲᠦᠮᠡᠨ ᠡᠷᠦᠬᠡ ᠪᠠᠷ ᠬᠠᠮᠠᠭᠠᠯᠠᠬᠤ︾ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠵᠦ᠂ ᠲᠤᠰᠬᠠᠢ ᠮᠡᠷᠭᠡᠵᠢᠯ ᠤᠨ ᠮᠥᠩᠭᠦᠨ ᠭᠦᠢᠯᠭᠡᠭᠡᠨ ᠤ ᠮᠡᠳᠡᠯᠭᠡ ᠶᠢ ᠲᠦᠭᠡᠮᠡᠯᠵᠢᠭᠦᠯᠬᠦ ᠪᠠᠷ ᠳᠠᠮᠵᠢᠭᠤᠯᠤᠨ᠂ | ᠰᠠᠭᠤᠭᠠᠯᠢ ᠠᠷᠠᠳ ᠢ ᠬᠠᠪᠰᠤᠷᠤᠨ ᠴᠠᠬᠢᠯᠭᠠᠨ ᠬᠤᠯᠪᠣᠭᠠᠨ ᠤ ᠮᠡᠬᠡᠯᠡᠯ ᠢ ᠢᠯᠭᠠᠬᠤ ᠪᠠ ᠰᠡᠷᠭᠡᠶᠢᠯᠡᠵᠦ᠂ ᠬᠤᠪᠢ | ᠬᠥᠮᠦᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠪᠠ᠃ | ᠮᠡᠳᠡᠭᠡ ᠵᠠᠩᠭᠢ ᠶᠢᠨ ᠮᠡᠷᠭᠡᠵᠢᠯ ᠤᠨ ᠬᠥᠭᠵᠢᠯᠲᠡ ᠶᠢ ᠳᠠᠭᠠᠯᠳᠤᠨ᠂ ᠮᠡᠬᠡᠯᠡᠭᠴᠢ ᠶᠢᠨ ᠠᠷᠭ᠎ᠠ ᠪᠠᠷᠢᠯ ᠤᠯᠠᠮ ᠠᠴᠠ | ᠤᠯᠠᠮ ᠬᠤᠯᠵᠢᠨ ᠪᠣᠯᠵᠣ᠂ ᠲᠤᠰ ᠤᠳᠠᠭᠠᠨ ᠤ ᠲᠠᠶᠢᠯᠤᠮᠵᠢ ᠶᠢᠨ ᠬᠦᠯᠢᠶᠡᠨ ᠠᠪᠤᠭᠴᠢᠳ ᠤᠨ ᠣᠯᠠᠩᠬᠢ ᠳᠠᠭᠠᠨ | ᠬᠠᠷᠢᠶᠠᠲᠤ ᠣᠷᠣᠨ ᠤ ᠨᠠᠰᠤᠲᠠᠶᠢᠴᠤᠳ ᠪᠣᠯᠬᠤ ᠲᠤᠯᠠ ᠮᠣᠩᠭᠤᠯ ᠬᠤᠳᠠᠯᠳᠤᠭᠠᠨ ᠤ ᠪᠠᠩᠬᠢ ᠶᠢᠨ ᠠᠵᠢᠯᠲᠠᠳ | ᠨᠠᠰᠤᠲᠠᠶᠢᠴᠤᠳ ᠤᠨ ᠠᠮᠠᠷᠬᠠᠨ ᠭᠠᠷᠬᠤ ᠮᠡᠬᠡᠯᠡᠯ ᠤᠨ ᠲᠥᠷᠥᠯ ᠵᠦᠢᠯ ᠳᠤ ᠴᠢᠭᠯᠡᠭᠦᠯᠦᠨ ᠭᠤᠣᠯᠳᠠᠯᠭ᠎ᠠ ᠲᠠᠢ | ᠲᠠᠶᠢᠯᠤᠮᠵᠢ ᠬᠢᠵᠦ᠂ ᠬᠤᠳᠠᠯ ᠬᠠᠭᠤᠷᠮᠠᠭ ᠪᠡᠯᠡ ᠣᠷᠣᠭᠤᠯᠵᠤ ᠡᠳ᠋ ᠤᠨ ᠶᠠᠪᠤᠳᠠᠯ ᠢ ᠬᠠᠮᠢᠶᠠᠷᠬᠤ ᠮᠡᠬᠡᠯᠡᠯ᠂ | ᠰᠦᠯᠵᠢᠶᠡᠨ ᠳᠡᠭᠡᠷ᠎ᠡ ᠨᠠᠶᠢᠵᠠᠯᠠᠬᠤ ᠮᠡᠬᠡᠯᠡᠯ᠂ ᠲᠠᠨᠢᠯ ᠬᠥᠮᠦᠨ᠂ ᠲᠥᠷᠥᠯ ᠰᠠᠳᠤᠨ ᠪᠤᠶᠤ ᠳᠣᠲᠣᠭᠠᠳᠤ ᠶᠢ | ᠬᠠᠮᠠᠭᠠᠯᠠᠬᠤ ᠪᠠᠶᠢᠴᠠᠭᠠᠬᠤ ᠰᠢᠭᠦᠬᠦ ᠬᠤᠷᠢᠶᠠᠨ ᠤ ᠠᠵᠢᠯᠲᠠᠨ ᠤ ᠨᠡᠷ᠎ᠡ ᠪᠠᠷ ᠮᠡᠬᠡᠯᠡᠬᠦ ᠵᠡᠷᠭᠡ ᠣᠯᠠᠨ ᠵᠦᠢᠯ ᠤᠨ ᠮᠡᠬᠡᠯᠡᠯ | ᠬᠢᠬᠦ ᠬᠦᠷᠲᠡᠯ᠎ᠡ᠂ ᠠᠵᠢᠯᠲᠠᠳ ᠤᠴᠢᠷ ᠰᠢᠯᠲᠠᠭᠠᠨ ᠨᠢ ᠬᠡᠷᠬᠢᠨ ᠠᠷᠪᠢᠨ ᠬᠤᠪᠢᠷᠠᠭᠰᠠᠨ ᠴᠤ᠂ ᠡᠴᠦᠰ ᠲᠡᠭᠡᠨ | ᠵᠣᠭᠤᠰ ᠮᠥᠩᠭᠦᠨ ᠤ ᠠᠰᠠᠭᠤᠳᠠᠯ ᠳᠤ ᠬᠤᠯᠪᠣᠭᠳᠠᠭᠰᠠᠨ ᠦᠶ᠎ᠡ ᠳᠤ ᠡᠷᠬᠡᠪᠰᠢ ᠪᠣᠯᠭᠤᠮᠵᠢᠲᠠᠢ ᠪᠠᠶᠢᠬᠤ ᠬᠡᠷᠡᠭᠲᠡᠢ | ᠭᠡᠵᠦ ᠣᠯᠠᠨ ᠳᠤ ᠰᠠᠨᠠᠭᠤᠯᠪᠠ᠃ ᠮᠡᠬᠡᠯᠡᠬᠦ ᠠᠷᠭ᠎ᠠ ᠪᠠᠷᠢᠯ ᠨᠢ ᠬᠤᠪᠢᠷᠠᠯᠲᠠ ᠶᠡᠬᠡᠲᠡᠢ ᠪᠣᠯᠪᠠᠴᠤ ᠲᠦᠮᠡᠨ | ᠬᠤᠪᠢᠷᠠᠯᠲᠠ ᠠᠴᠠ ᠰᠠᠯᠵᠤ ᠴᠢᠳᠠᠬᠤ ᠦᠭᠡᠢ᠂ ︽ᠭᠤᠷᠪᠠᠨ ᠦᠭᠡᠢ︾ ᠵᠠᠷᠴᠢᠮ ᠢ ᠪᠠᠲᠤ ᠴᠡᠭᠡᠵᠢᠯᠡᠬᠦ ᠴᠢᠬᠤᠯᠠᠲᠠᠢ᠄ | ᠰᠣᠨᠣᠰᠬᠤ ᠦᠭᠡᠢ᠂ ᠢᠲᠡᠭᠡᠬᠦ ᠦᠭᠡᠢ᠂ ᠳᠠᠩᠰᠠ ᠰᠢᠯᠵᠢᠭᠦᠯᠬᠦ ᠦᠭᠡᠢ᠃ | ᠬᠠᠷᠢᠶᠠᠲᠤ ᠣᠷᠣᠨ ᠤ ᠨᠠᠰᠤᠲᠠᠶᠢᠴᠤᠳ ᠢ ᠬᠠᠪᠰᠤᠷᠤᠨ ᠰᠡᠷᠭᠡᠶᠢᠯᠡᠬᠦ ᠭᠤᠣᠯᠳᠠᠯᠭ᠎ᠠ ᠶᠢ ᠨᠡᠩ ᠰᠠᠶᠢᠲᠤᠷ | ᠴᠡᠭᠡᠵᠢᠯᠡᠬᠦ ᠶᠢᠨ ᠲᠥᠯᠥᠭᠡ᠂ ᠵᠢᠨᠱᠠᠨ ᠪᠠᠯᠭᠠᠰᠤᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠶᠢᠭᠡᠮ | ᠲᠣᠭᠤᠷᠢᠭ ᠤᠨ ᠬᠢᠨ ᠲᠤᠰᠬᠠᠶᠢᠯᠠᠨ ᠣᠯᠠᠨ ᠳᠤ ᠮᠡᠬᠡᠯᠡᠯ ᠢ ᠰᠡᠷᠭᠡᠶᠢᠯᠡᠬᠦ ᠠᠮᠠᠨ ᠤᠩᠰᠢᠯᠭ᠎ᠠ ᠥᠭᠴᠡᠢ᠂ | ᠣᠯᠠᠨ ᠢᠶᠠᠷ ᠢᠶᠠᠨ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠨᠠᠰᠤᠲᠠᠶᠢᠴᠤᠳ ᠤᠨ ᠵᠣᠭᠤᠰᠣᠨ ᠤᠭᠤᠲᠠ ᠶᠢ | ᠬᠠᠮᠲᠤ ᠪᠠᠷ ᠰᠠᠬᠢᠨ ᠬᠠᠮᠠᠭᠠᠯᠠᠬᠤ ᠶᠢ ᠬᠦᠰᠡᠵᠦ ᠪᠠᠶᠢᠨ᠎ᠠ᠄ | ᠲᠠᠨᠢᠯ ᠪᠤᠰᠤ ᠤᠲᠠᠰᠤ ᠂ ᠮᠡᠳᠡᠭᠡ ᠴᠢᠮᠡᠭᠡ ᠶᠢ ᠰᠡᠵᠢᠭᠯᠡᠬᠦ ᠠᠴᠠ ᠰᠡᠷᠭᠡᠶᠢᠯᠡᠬᠦ ᠬᠡᠷᠡᠭᠲᠡᠢ᠃ | ᠪᠡᠶ᠎ᠡ ᠰᠤᠪᠢᠯᠠᠯᠲᠠ ᠡᠷᠡᠭᠦᠯ ᠮᠡᠨᠳᠦ ᠶᠢ ᠬᠠᠮᠠᠭᠠᠯᠠᠬᠤ ᠂ ᠬᠤᠪᠢᠯᠭᠠᠨ ᠡᠮ ᠣᠨᠴᠠ ᠦᠢᠯᠡᠳᠦᠯ ᠲᠠᠢ ᠪᠣᠯ | ᠪᠢᠲᠡᠭᠡᠢ ᠢᠲᠡᠭᠡᠬᠡᠷᠡᠢ᠃ | ᠨᠠᠰᠤᠵᠢᠯ ᠤᠨ ᠦᠢᠯᠡᠴᠢᠯᠡᠭᠡᠨ ᠤ ᠣᠯᠠᠨ ᠤᠨᠠᠭᠤᠯᠢ ᠶᠡᠭᠡ ᠬᠡᠮᠵᠢᠶᠡᠨ ᠤ ᠬᠠᠷᠢᠭᠤ ᠪᠣᠯ ᠬᠥᠭᠡᠰᠦ᠃ | ᠨᠠᠰᠤᠲᠠᠨ ᠤ ᠠᠰᠠᠷᠠᠮᠵᠢ ᠶᠢᠨ ᠠᠶᠤᠯ ᠲᠦᠭᠰᠢᠭᠦᠷᠢ ᠪᠠᠷ ᠭᠡᠷ ᠬᠥᠷᠥᠩᠭᠡ ᠪᠠᠷᠢᠴᠠᠭᠠᠯᠠᠬᠤ ᠳᠤ ᠪᠣᠯᠭᠤᠮᠵᠢᠲᠠᠢ | ᠪᠠᠶᠢᠬᠤ ᠬᠡᠷᠡᠭᠲᠡᠢ᠃ | ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠭᠦ ᠬᠤᠷᠢᠶ᠎ᠠ ᠤᠲᠠᠰᠤ ᠢᠷᠡᠭᠦᠯᠦᠭᠰᠡᠨ ᠠᠶᠤᠯᠭᠦᠢ ᠶᠢᠨ | ᠳᠠᠩᠰᠠᠨ ᠡᠷᠦᠬᠡ ᠪᠣᠯ ᠮᠡᠬᠡᠯᠡᠯ ᠮᠥᠨ᠃ | ᠱᠠᠩᠨᠠᠯ ᠤᠨ ᠮᠡᠳᠡᠭᠡ ᠵᠠᠩᠭᠢ ᠶᠢ ᠠᠮᠠᠷᠬᠠᠨ ᠢᠲᠡᠭᠡᠵᠦ ᠪᠣᠯᠬᠤ ᠦᠭᠡᠢ᠃ | ᠬᠤᠪᠢ ᠬᠥᠮᠦᠨ ᠤ ᠮᠡᠳᠡᠭᠡ ᠵᠠᠩᠭᠢ ᠶᠢ ᠰᠠᠶᠢᠨ ᠬᠠᠮᠠᠭᠠᠯᠠᠵᠤ᠂ ᠠᠰᠢᠭ ᠲᠤ ᠳᠤᠷᠠᠯᠠᠬᠤ ᠦᠭᠡᠢ᠃ | ᠠᠰᠠᠭᠤᠳᠠᠯ ᠲᠤᠯᠭᠠᠷᠠᠪᠠᠯ ᠭᠡᠷ ᠤᠨ ᠬᠥᠮᠦᠰ ᠨᠢ ᠴᠠᠭ ᠲᠤᠬᠠᠢ ᠳᠤᠨᠢ ᠲᠤᠰᠠᠯᠠᠮᠵᠢ ᠭᠤᠶᠤᠬᠤ ᠨᠢ ᠡᠷᠡᠭᠡᠯᠵᠡᠯ | ᠦᠭᠡᠢ᠃ | ᠮᠡᠬᠡᠯᠡᠯ ᠰᠡᠷᠭᠡᠶᠢᠯᠡᠬᠦ ᠮᠡᠳᠡᠯᠭᠡ ᠶᠢ ᠦᠷᠭᠦᠯᠵᠢ ᠰᠤᠷᠤᠯᠴᠠᠵᠤ᠂ ᠵᠣᠭᠤᠰ ᠤᠨ ᠪᠣᠭᠴᠣ ᠪᠠᠨ ᠬᠠᠮᠠᠭᠠᠯᠠᠨ | ᠥᠲᠡᠯᠦᠭᠡ ᠨᠠᠰᠤ ᠪᠠᠨ ᠦᠩᠭᠡᠷᠡᠭᠦᠯᠦᠨ᠎ᠡ᠃ | ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠰᠠᠭᠤᠭᠠᠯᠢ ᠠᠷᠠᠳ ᠶᠡᠭᠡ ᠣᠯᠤᠯᠲᠠ ᠲᠠᠢ ᠭᠡᠵᠦ ᠢᠯᠡᠷᠬᠡᠶᠢᠯᠡᠵᠡᠢ᠃ | ᠠᠵᠢᠯᠯᠠᠭ᠎ᠠ ᠳᠤ ᠣᠷᠣᠯᠴᠠᠭᠰᠠᠨ ᠰᠠᠭᠤᠭᠠᠯᠢ ᠠᠷᠠᠳ ᠵᠠᠩ ᠠᠨᠢᠶ᠎ᠠ ᠬᠡᠯᠡᠭᠰᠡᠨ ᠨᠢ᠄ ︽ᠥᠨᠥᠳᠦᠷ ᠤᠨ ᠲᠠᠶᠢᠯᠤᠮᠵᠢ ᠶᠢ | ᠰᠣᠨᠣᠰᠤᠭᠠᠳ ᠰᠠᠶ᠋ᠢ ᠮᠡᠬᠡᠯᠡᠭᠴᠢ ᠶᠢᠨ ᠠᠷᠭ᠎ᠠ ᠪᠠᠷᠢᠯ ᠨᠢ ᠬᠥᠮᠦᠨ ᠤ ᠰᠡᠷᠭᠡᠶᠢᠯᠡᠯᠲᠡ ᠶᠢ ᠲᠠᠶᠢᠯᠵᠤ ᠳᠡᠶᠢᠯᠬᠦ ᠦᠭᠡᠢ | ᠪᠣᠯᠵᠠᠢ᠂ ᠡᠨᠡ ᠬᠦ ᠠᠮᠠᠨ ᠤᠩᠰᠢᠯᠭ᠎ᠠ ᠨᠢ ᠦᠨᠡᠬᠡᠷ ᠵᠦᠭᠡᠷ᠂ ᠪᠢ ᠪᠦᠷ ᠭᠠᠷ ᠤᠲᠠᠰᠤ ᠪᠠᠷ ᠰᠡᠭᠦᠳᠡᠷᠯᠡᠵᠦ | ᠠᠪᠤᠭᠠᠳ ᠭᠡᠷ ᠲᠡᠭᠡᠨ ᠬᠠᠷᠢᠬᠤ ᠳᠤ ᠵᠠᠪᠠᠯ ᠬᠡᠦᠬᠡᠳ ᠲᠤ ᠥᠭᠴᠦ᠂ ᠲᠡᠳᠡᠨ ᠳᠤ ᠴᠥᠮ ᠰᠡᠷᠡᠮᠵᠢᠯᠡᠬᠦᠯᠦᠨ᠎ᠡ︾ | ᠭᠡᠵᠦ ᠬᠡᠯᠡᠪᠡ᠃ ᠳᠠᠷᠠᠭᠠᠴᠢ ᠶᠢᠨ ᠠᠯᠬᠤᠮ ᠳᠤ᠂ ᠵᠢᠨᠱᠠᠨ ᠪᠠᠯᠭᠠᠰᠤ ᠦᠷᠭᠦᠯᠵᠢᠯᠡᠨ ᠰᠠᠭᠤᠭᠠᠯᠢ ᠠᠷᠠᠳ ᠤᠨ | ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠮᠡᠬᠡᠯᠡᠯ ᠢ | ᠡᠰᠡᠷᠭᠦᠴᠡᠬᠦ ᠬᠥᠮᠦᠵᠢᠯ ᠢ ᠭᠦᠨᠵᠡᠭᠡᠶᠢᠷᠡᠭᠦᠯᠵᠦ᠂ ᠣᠯᠠᠨ ᠲᠦᠮᠡᠨ ᠤ ︽ᠵᠣᠭᠤᠰᠣᠨ ᠤᠭᠤᠲᠠ︾ ᠶᠢ ᠦᠨᠡᠨᠬᠦ | ᠰᠠᠶᠢᠲᠤᠷ ᠰᠠᠬᠢᠨ ᠬᠠᠮᠠᠭᠠᠯᠠᠵᠤ᠂ ᠠᠮᠤᠭᠤᠯᠠᠩ ᠵᠢᠨᠱᠠᠨ ᠪᠠᠯᠭᠠᠰᠤ ᠶᠢ ᠪᠠᠶᠢᠭᠤᠯᠬᠤ ᠳᠤ ᠬᠦᠴᠦᠨ ᠴᠢᠳᠠᠯ ᠢᠶᠠᠨ | ᠡᠷᠭᠦᠨ᠎ᠡ ᠭᠡᠪᠡ᠃ | |