ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠰᠤᠷᠲᠠᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ ᠭᠦᠶᠡᠩ ᠰᠢᠶᠠᠨ ᠰᠦᠯᠵᠢᠶᠡᠨ | ᠳᠡᠭᠡᠷ᠎ᠡ ᠥᠩᠭᠡ ᠢᠯᠭᠠᠷᠠᠭᠰᠠᠨ ᠱᠤᠭᠤᠮ ᠨᠡᠭᠡᠭᠡᠵᠦ᠂ ᠰᠦᠯᠵᠢᠶᠡᠨ ᠭᠠᠳᠠᠨ᠎ᠠ ᠰᠠᠨᠠᠯ ᠬᠤᠷᠢᠶᠠᠬᠤ ᠬᠠᠶᠢᠷᠴᠠᠭ | ᠭᠠᠷᠭᠠᠬᠤ᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠣᠯᠠᠨ ᠠᠷᠭ᠎ᠠ ᠵᠠᠮ ᠥᠷᠭᠡᠨ ᠢᠶᠠᠷ ᠰᠠᠨᠠᠯ | ᠰᠠᠨᠠᠭᠤᠯᠭ᠎ᠠ ᠬᠤᠷᠢᠶᠠᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠪᠠᠷ ᠰᠤᠷᠤᠯᠴᠠᠯᠭ᠎ᠠ ᠬᠥᠮᠦᠵᠢᠯ ᠤᠨ | ᠰᠢᠯᠭᠠᠨ ᠪᠠᠶᠢᠴᠠᠭᠠᠬᠤ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ | ᠪᠦᠲᠦᠮᠵᠢ ᠪᠠᠷ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ | 4 ᠰᠠᠷ᠎ᠠ ᠶᠢᠨ 18 ᠤ ᠡᠳᠦᠷ᠂ ᠭᠦᠶᠡᠩ ᠰᠢᠶᠠᠨ ᠤ ᠨᠠᠮ ᠤᠨ ᠬᠤᠷᠢᠶᠠᠨ ᠤ ᠰᠤᠷᠤᠯᠴᠠᠯᠭ᠎ᠠ ᠬᠥᠮᠦᠵᠢᠯ ᠤᠨ | ᠠᠵᠢᠯ ᠤᠨ ᠲᠤᠰᠬᠠᠢ ᠠᠩᠭᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ | ᠰᠤᠷᠤᠯᠴᠠᠯᠭ᠎ᠠ ᠬᠥᠮᠦᠵᠢᠯ ᠤᠨ ᠠᠰᠠᠭᠤᠳᠠᠯ ᠢ ᠪᠠᠶᠢᠴᠠᠭᠠᠨ ᠳᠡᠯᠭᠡᠬᠦ ᠰᠠᠨᠠᠯ ᠬᠤᠷᠢᠶᠠᠬᠤ ᠶᠠᠷᠢᠯᠴᠠᠬᠤ ᠬᠤᠷᠠᠯ ᠢ | ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ | ᠰᠣᠨᠣᠰᠴᠤ᠂ ᠰᠢᠶᠠᠨ ᠤ ᠨᠠᠮ ᠤᠨ ᠬᠤᠷᠢᠶᠠᠨ ᠤ ᠰᠤᠷᠲᠠᠯ ᠤᠨ ᠪᠠᠶᠢᠭᠤᠯᠤᠯᠲᠠ ᠶᠢᠨ ᠲᠠᠯ᠎ᠠ ᠪᠠᠷ ᠬᠢ ᠳᠣᠪᠤᠶᠢᠮ᠎ᠠ | ᠠᠰᠠᠭᠤᠳᠠᠯ ᠢ ᠭᠦᠨᠵᠡᠭᠡᠢ ᠠᠭᠤᠳᠠᠯᠪᠠ᠃ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ | ᠵᠥᠪᠯᠡᠯ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ 9 ᠰᠠᠯᠠᠭ᠎ᠠ | ᠮᠥᠴᠢᠷ ᠨᠢᠭᠡᠴᠡ ᠶᠢᠨ ᠬᠠᠷᠢᠭᠤᠴᠠᠯᠭᠠᠲᠠᠨ ᠨᠥᠬᠦᠳ᠂ ᠬᠡᠰᠡᠭ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠵᠢᠴᠢ | ᠵᠠᠯᠠᠭᠤ ᠺᠠᠳ᠋ᠷᠴᠤᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ | ᠰᠡᠳᠬᠢᠯᠭᠡ ᠪᠠᠷ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭᠠᠨ ᠤ | ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠨ ᠨᠠᠷᠢᠨ ᠳᠠᠩᠰᠠ | ᠪᠣᠯᠤᠨ ᠨᠢᠭᠤᠭᠳᠠᠮᠠᠯ ᠰᠤᠷᠲᠠᠯ ᠤᠨ ᠠᠰᠠᠭᠤᠳᠠᠯ ᠤᠨ ᠨᠠᠷᠢᠨ ᠳᠠᠩᠰᠠ ᠲᠠᠢ ᠬᠠᠷᠭᠤᠭᠤᠯᠵᠤ᠂ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠵᠤ᠂ ᠠᠰᠠᠭᠤᠳᠠᠯ ᠢ ᠰᠢᠭᠤᠳ ᠬᠠᠨᠳᠤᠵᠤ᠂ ᠦᠨᠡᠨ ᠢ ᠪᠠᠷᠢᠮᠲᠠᠯᠠᠨ ᠰᠢᠶᠠᠨ ᠤ | ᠨᠠᠮ ᠤᠨ ᠬᠤᠷᠢᠶᠠᠨ ᠤ ᠤᠳᠤᠷᠢᠳᠬᠤ ᠪᠠᠭ ᠲᠤ ᠬᠠᠨᠳᠤᠯᠭᠠᠲᠤ ᠴᠢᠨᠠᠷᠲᠠᠢ᠂ ᠪᠦᠲᠦᠭᠡᠯᠴᠢ ᠴᠢᠨᠠᠷᠲᠠᠢ ᠰᠠᠨᠠᠯ | ᠰᠠᠨᠠᠭᠤᠯᠭ᠎ᠠ ᠳᠤᠷᠠᠳᠴᠤ᠂ ᠳᠠᠷᠠᠭᠠᠴᠢ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠳᠤ ᠴᠢᠬᠤᠯᠠ ᠦᠨᠳᠦᠰᠦᠯᠡᠯ ᠪᠠ | ᠯᠠᠪᠯᠠᠯᠲᠠ ᠬᠠᠩᠭᠠᠪᠠ᠃ | ᠲᠤᠰ ᠤᠳᠠᠭᠠᠨ ᠤ ᠶᠠᠷᠢᠯᠴᠠᠬᠤ ᠬᠤᠷᠠᠯ ᠨᠢ ︽ᠡᠭᠦᠳᠡ ᠪᠠᠨ ᠨᠡᠭᠡᠭᠡᠵᠦ ᠰᠤᠷᠭᠠᠨ ᠬᠥᠮᠦᠵᠢᠯ ᠬᠢᠬᠦ︾ ᠶᠢ | ᠪᠠᠷᠢᠮᠲᠠᠯᠠᠵᠤ᠂ ᠶᠠᠷᠢᠶ᠎ᠠ ᠬᠡᠯᠡᠯᠴᠡᠭᠡᠨ ᠤ ᠵᠠᠮ ᠢ ᠥᠷᠭᠡᠨ ᠢᠶᠠᠷ ᠨᠡᠭᠡᠭᠡᠵᠦ᠂ ᠣᠯᠠᠨ ᠤ ᠣᠶᠤᠨ ᠤᠬᠠᠭᠠᠨ ᠢ | ᠲᠥᠪᠯᠡᠷᠡᠭᠦᠯᠦᠨ᠂ ᠰᠤᠷᠲᠠᠯ ᠤᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ | ᠪᠠᠶᠢᠴᠠᠭᠠᠨ ᠳᠡᠯᠭᠡᠵᠦ᠂ ᠰᠢᠶᠠᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠠᠰᠠᠭᠤᠳᠠᠯ ᠢ ᠣᠨᠢᠨ | ᠳᠡᠭᠡᠷ᠎ᠡ ᠨᠢ ᠪᠠᠶᠢᠴᠠᠭᠠᠨ ᠳᠡᠯᠭᠡᠵᠦ᠂ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠢ ᠠᠬᠢᠭᠤᠯᠬᠤ ᠳᠤ ᠪᠠᠲᠤ ᠪᠠᠬᠢ | ᠰᠠᠭᠤᠷᠢ ᠶᠢ ᠲᠠᠯᠪᠢᠵᠠᠢ᠃ ᠳᠠᠷᠠᠭᠠᠴᠢ ᠶᠢᠨ ᠠᠯᠬᠤᠮ ᠳᠤ᠂ ᠭᠦᠶᠡᠩ ᠰᠢᠶᠠᠨ ᠲᠤᠰ ᠤᠳᠠᠭ᠎ᠠ ᠶᠢᠨ ᠶᠠᠷᠢᠯᠴᠠᠬᠤ | ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠰᠠᠬᠢᠯᠭ᠎ᠠ ᠪᠠᠲᠤ ᠶᠣᠰᠣ ᠳᠦᠷᠢᠮ ᠢ ᠴᠢᠩᠳᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠭᠦᠶᠡᠩ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠦᠨᠡᠨ ᠬᠦ ᠬᠤᠪᠢᠷᠠᠭᠤᠯᠤᠨ᠎ᠠ᠃ | |