ᠭᠤᠴᠢᠳᠤᠭᠠᠷ ᠳᠡᠯᠡᠬᠡᠢ ᠶᠢᠨ ᠨᠣᠮ ᠤᠩᠰᠢᠬᠤ ᠡᠳᠦᠷ ᠢ ᠤᠭᠲᠤᠬᠤ ᠶᠢᠨ ᠲᠥᠯᠥᠭᠡ᠂ 4 ᠰᠠᠷ᠎ᠠ ᠶᠢᠨ 23 ᠤ | ᠡᠳᠦᠷ᠂ ᠶᠢᠨ ᠬᠤᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠭᠠᠷ | ᠬᠤᠯᠪᠣᠨ ᠶᠢᠨ ᠬᠤᠤ ᠪᠠᠯᠭᠠᠰᠤᠨ ᠤ ᠡᠪᠯᠡᠯ ᠤᠨ ᠬᠤᠷᠢᠶ᠎ᠡ᠂ ᠶᠢᠨ ᠬᠤᠤ ᠲᠣᠰᠬᠤᠨ ᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠥᠷᠲᠡᠭᠡ ᠲᠠᠢ ᠭᠠᠷ ᠬᠤᠯᠪᠣᠨ ︽ᠴᠠᠭ ᠮᠥᠴᠡ ᠶᠢ ᠤᠩᠰᠢᠵᠤ · ᠳᠡᠯᠡᠬᠡᠢ ᠶᠢᠨ | ᠨᠣᠮ ᠤᠩᠰᠢᠬᠤ ᠡᠳᠦᠷ ᠤᠨ ᠰᠣᠯᠢᠯᠴᠠᠭᠠᠨ ᠤ ᠨᠠᠶᠢᠷ︾ ᠢᠶᠠᠷ ᠭᠤᠣᠯ ᠰᠡᠳᠦᠪ ᠪᠣᠯᠭᠠᠵᠤ᠂ ᠪᠠᠯᠭᠠᠰᠤᠨ ᠤ | ᠭᠤᠷᠪᠠᠳᠤᠭᠠᠷ ᠳᠠᠪᠬᠤᠷᠯᠢᠭ ᠤᠨ ᠶᠡᠭᠡ ᠬᠤᠷᠠᠯ ᠤᠨ ᠭᠡᠷ ᠲᠤ ᠨᠢᠭᠡ ᠤᠳᠠᠭᠠᠨ ᠤ ᠥᠪᠡᠷᠮᠢᠴᠡ ᠤᠩᠰᠢᠯᠭ᠎ᠠ ᠶᠢᠨ | ᠦᠪᠡᠳᠡᠭᠰᠢ ᠨᠠᠶᠢᠷ ᠡᠷᠭᠢᠯᠡᠵᠦ᠂ ᠪᠠᠯᠭᠠᠰᠤᠨ ᠤ ᠪᠠᠶᠢᠭᠤᠯᠭ᠎ᠠ ᠶᠢᠨ ᠺᠠᠳ᠋ᠷ ᠠᠵᠢᠯᠲᠠᠨ ᠠᠵᠢᠯᠴᠢᠨ᠂ ᠭᠡᠷ ᠲᠡᠭᠡᠨ | ᠬᠤᠴᠣᠷᠤᠭᠰᠠᠨ ᠡᠮᠡᠭᠲᠡᠶᠢᠴᠦᠳ᠂ ᠠᠬᠠᠮᠠᠳ ᠨᠠᠮ ᠤᠨ ᠭᠡᠰᠢᠭᠦᠨ ᠵᠡᠷᠭᠡ 30 ᠭᠠᠷᠤᠢ ᠬᠥᠮᠦᠨ ᠣᠷᠣᠯᠴᠠᠵᠤ᠂ | ᠠᠵᠢᠯᠯᠠᠭ᠎ᠠ ᠶᠢᠨ ᠵᠣᠷᠢᠯᠭ᠎ᠠ ᠨᠢ ᠪᠦᠬᠦ ᠠᠷᠠᠳ ᠤᠨ ᠨᠣᠮ ᠤᠩᠰᠢᠬᠤ ᠠᠭᠤᠷ ᠠᠮᠢᠰᠬᠤᠯ ᠢ ᠪᠣᠢ ᠪᠣᠯᠭᠠᠵᠤ᠂ | ᠬᠤᠪᠢᠰᠬᠠᠯ ᠤᠨ ᠤᠳᠤᠮᠰᠢᠯ ᠢ ᠵᠠᠯᠭᠠᠮᠵᠢᠯᠠᠬᠤ ᠶᠢᠨ ᠲᠥᠯᠥᠭᠡ ᠶᠤᠮ᠃ | ᠠᠵᠢᠯᠯᠠᠭ᠎ᠠ ᠨᠢ ᠲᠠᠯ᠎ᠠ ᠨᠤᠲᠤᠭ ᠤᠨ ᠨᠣᠮ ᠤᠨ ᠥᠷᠥᠭᠡ ᠶᠢᠨ ᠡᠯᠪᠡᠭ ᠪᠠᠶᠠᠯᠢᠭ ᠨᠣᠮ ᠤᠩᠰᠢᠬᠤ ᠡᠬᠢ | ᠪᠠᠶᠠᠯᠢᠭ ᠲᠤ ᠲᠦᠰᠢᠭᠯᠡᠨ᠂ ᠰᠦᠯᠵᠢᠶᠡᠨ ᠭᠠᠳᠠᠨ᠎ᠠ ᠲᠣᠭᠤᠷᠢᠨ ᠤᠩᠰᠢᠵᠤ ᠰᠣᠯᠢᠯᠴᠠᠬᠤ ᠪᠠ ᠰᠦᠯᠵᠢᠶᠡᠨ ᠳᠡᠭᠡᠷ᠎ᠡ | ᠤᠬᠠᠭᠤᠯᠬᠤ ᠶᠢ ᠤᠶᠠᠯᠳᠤᠭᠤᠯᠬᠤ ᠬᠡᠯᠪᠡᠷᠢ ᠪᠠᠷ ᠣᠯᠠᠨ ᠶᠠᠩᠵᠤ ᠶᠢᠨ ᠤᠩᠰᠢᠯᠭ᠎ᠠ ᠶᠢᠨ ᠭᠤᠭᠴᠤᠭ᠎ᠠ ᠶᠢ | ᠲᠣᠬᠢᠷᠠᠭᠤᠯᠪᠠ᠃ ᠺᠠᠳ᠋ᠷ ᠠᠵᠢᠯᠲᠠᠨ ᠠᠵᠢᠯᠴᠢᠨ ᠤ ᠨᠣᠮ ᠤᠩᠰᠢᠵᠤ ᠬᠤᠪᠢᠶᠠᠯᠴᠠᠬᠤ ᠬᠤᠷᠠᠯ ᠡᠩ ᠲᠡᠷᠢᠭᠦᠨ ᠳᠤ | ᠡᠬᠢᠯᠡᠵᠦ᠂ ᠢᠯᠠᠩᠭᠤᠶ᠎ᠠ ᠡᠮᠡᠭᠲᠡᠢ ᠠᠵᠢᠯᠲᠠᠨ ᠠᠵᠢᠯᠴᠢᠨ ᠥᠪᠡᠷ ᠤᠨ ᠠᠵᠢᠯ ᠪᠣᠯᠤᠨ ᠠᠮᠢᠳᠤᠷᠠᠯ ᠲᠠᠢ ᠪᠠᠨ | ᠤᠶᠠᠯᠳᠤᠭᠤᠯᠵᠤ᠂ ᠨᠣᠮ ᠤᠩᠰᠢᠵᠤ ᠲᠥᠷᠥᠭᠳᠡᠯ ᠢᠶᠠᠨ ᠬᠤᠪᠢᠶᠠᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ | ᠠᠮᠢᠰᠬᠤᠯ ᠬᠥᠷ ᠬᠥᠭᠵᠢᠶᠡᠨ ᠲᠠᠢ ᠪᠠᠶᠢᠯ᠎ᠠ᠃ ᠡᠭᠦᠨ ᠳᠤ᠂ ᠪᠠᠯᠭᠠᠰᠤᠨ ᠤ ᠡᠪᠯᠡᠯ ᠤᠨ ᠬᠤᠷᠢᠶᠠᠨ ᠤ ᠱᠦᠵᠢ ᠬᠠᠨ | ᠰᠢᠨ ︽ᠴᠠᠩ ᠠᠨ ᠯᠢ ᡁᠢ︾ ᠭᠡᠬᠦ ᠨᠣᠮ ᠢ ᠬᠤᠪᠢᠶᠠᠯᠴᠠᠵᠤ᠂ ᠨᠣᠮ ᠤᠨ ᠳᠣᠲᠣᠷᠠᠬᠢ ᠬᠥᠮᠦᠰ ᠬᠦᠴᠢᠷᠳᠡᠯ ᠳᠤ | ᠲᠤᠯᠭᠠᠷᠠᠭᠰᠠᠨ ᠦᠯᠢᠭᠡᠷ ᠪᠠ ᠣᠶᠤᠨ ᠤᠬᠠᠭᠠᠨ ᠤ ᠬᠦᠴᠦᠨ ᠴᠢᠳᠠᠯ ᠢ ᠣᠯᠵᠤ ᠬᠠᠷᠠᠪᠠ︔ ᠵᠠᠯᠠᠭᠤ ᠺᠠᠳ᠋ᠷ ᠭᠧᠩ | ᠫᠧᠢ ᠷᠦᠩ ᠤᠨ ᠲᠠᠨᠢᠯᠴᠠᠭᠤᠯᠬᠤ ᠳᠠᠭᠠᠨ᠂ ᠭᠤᠣᠯ ᠪᠠᠭᠠᠲᠤᠷ ᠰᠤᠷᠭᠠᠨ ᠬᠥᠮᠦᠵᠢᠯ ᠢᠶᠠᠷ ᠳᠠᠮᠵᠢᠨ ᠤᠤᠯ ᠤᠨ ᠭᠡᠷ | ᠪᠦᠯᠢ ᠶᠢᠨ ᠬᠦᠯᠢᠶᠡᠰᠦᠯᠡᠯ ᠢ ᠣᠯᠵᠤ᠂ ᠥᠪᠡᠷ ᠤᠨ ᠥᠩᠭᠡᠷᠡᠯᠲᠡ ᠪᠠᠨ ᠳᠠᠬᠢᠨ ᠱᠤᠭᠤᠵᠤ᠂ ᠣᠯᠠᠨ ᠤ ᠬᠦᠰᠡᠯ | ᠵᠡᠭᠦᠳᠦ ᠪᠠᠨ ᠵᠣᠷᠢᠭᠲᠠᠢ ᠬᠥᠭᠡᠭᠡᠴᠡᠯᠳᠦᠬᠦ ᠶᠢ ᠵᠣᠷᠢᠭᠵᠢᠭᠤᠯᠵᠤ ᠪᠠᠶᠢᠨ᠎ᠠ︔ ᠯᠢᠦᠢ ᠶᠢᠦ ᠶᠢᠨ ᠠᠪᠴᠢᠷᠠᠭᠰᠠᠨ ︽ᠵᠠᠩ | ᠬᠦᠢ ᠮᠧᠢ ᠪᠣᠯᠤᠨ ᠲᠡᠭᠦᠨ ᠤ ᠬᠡᠦᠬᠡᠳ︾ ᠢ ᠵᠠᠩ ᠬᠦᠢ ᠮᠧᠢ ᠰᠤᠷᠭᠠᠭᠤᠯᠢ ᠶᠢᠨ ᠵᠠᠬᠢᠷᠤᠯ ᠤᠨ ᠠᠭᠤᠯᠠᠷᠬᠠᠭ | ᠣᠷᠣᠨ ᠳᠤ ᠦᠨᠳᠦᠰᠦᠯᠡᠵᠦ᠂ ᠭᠤᠶᠠᠴᠢ ᠦᠭᠡᠢ ᠬᠤᠪᠢ ᠨᠡᠮᠡᠷᠢ ᠦᠵᠡᠭᠦᠯᠵᠦ᠂ ᠶᠠᠳᠠᠭᠤ ᠬᠦᠴᠢᠷᠳᠡᠯᠲᠡᠢ | ᠥᠬᠢᠳ ᠤᠨ ᠬᠤᠪᠢ ᠵᠠᠶᠠᠭ᠎ᠠ ᠪᠠᠨ ᠬᠤᠪᠢᠷᠠᠭᠤᠯᠤᠭᠰᠠᠨ ᠰᠡᠳᠬᠢᠯ ᠬᠥᠳᠡᠯᠭᠡᠮ᠎ᠡ ᠦᠯᠢᠭᠡᠷ ᠢ ᠢᠯᠡᠷᠡᠭᠦᠯᠵᠦ᠂ ᠬᠠᠶᠢᠷ᠎ᠠ | ᠪᠠ ᠬᠦᠰᠡᠯ ᠡᠷᠡᠮᠡᠯᠵᠡᠯ ᠤᠨ ᠬᠦᠴᠦᠨ ᠴᠢᠳᠠᠯ ᠢ ᠳᠠᠮᠵᠢᠭᠤᠯᠪᠠ᠃ ᠲᠡᠳᠡ ᠨᠣᠮ ᠤᠨ ᠳᠣᠲᠣᠷᠠᠬᠢ ᠦᠯᠢᠭᠡᠷ ᠢ ᠶᠠᠷᠢᠵᠤ᠂ | ᠨᠣᠮ ᠠᠴᠠ ᠰᠢᠩᠭᠡᠭᠡᠨ ᠠᠪᠤᠭᠰᠠᠨ ᠣᠶᠤᠨ ᠤᠬᠠᠭᠠᠨ ᠪᠠ ᠬᠦᠴᠦᠨ ᠴᠢᠳᠠᠯ ᠢ ᠠᠭᠤᠵᠢᠷᠠᠲᠠᠯ᠎ᠠ ᠶᠠᠷᠢᠯᠴᠠᠵᠤ᠂ | ᠤᠩᠰᠢᠯᠭ᠎ᠠ ᠶᠢᠨ ᠬᠤᠪᠢ ᠬᠥᠮᠦᠨ ᠤ ᠦᠰᠦᠨ ᠪᠤᠶᠢᠵᠢᠯᠲᠠ ᠪᠠ ᠠᠵᠢᠯ ᠳᠤ ᠦᠵᠡᠭᠦᠯᠬᠦ ᠢᠳᠡᠪᠬᠢᠲᠡᠢ ᠨᠥᠯᠥᠭᠡ ᠶᠢ | ᠢᠯᠡᠷᠡᠭᠦᠯᠪᠡ᠃ | ᠨᠣᠮ ᠤᠩᠰᠢᠬᠤ ᠠᠵᠢᠯᠯᠠᠭ᠎ᠠ ᠶᠢᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠳᠠᠭᠠᠭᠤᠯᠤᠨ ᠤᠩᠰᠢᠬᠤ | ᠭᠤᠭᠴᠤᠭ᠎ᠠ ᠳᠤ ᠨᠢᠭᠡᠳᠦᠭᠡᠷ ᠱᠦᠵᠢ ᠨᠡᠷ ᠬᠤᠪᠢᠰᠬᠠᠯ ᠤᠨ ᠰᠣᠩᠭᠤᠬᠤ ᠪᠠᠷ ᠬᠤᠯᠪᠣᠭᠠᠰᠤ ᠪᠣᠯᠭᠠᠵᠤ᠂ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠣᠪᠴᠢ ᠲᠡᠦᠬᠡ︾ ᠶᠢᠨ ᠰᠣᠩᠭᠤᠯᠲᠠ ᠶᠢᠨ ᠬᠡᠰᠡᠭ ᠢ ᠬᠠᠮᠲᠤᠪᠠᠷ ᠤᠩᠰᠢᠬᠤ ᠪᠠᠷ | ᠳᠠᠮᠵᠢᠭᠤᠯᠵᠤ᠂ ᠲᠣᠰᠬᠤᠨ ᠤ ᠠᠷᠠᠳ ᠢ ᠳᠠᠭᠠᠭᠤᠯᠤᠨ ᠨᠠᠮ ᠤᠨ ᠭᠠᠶᠢᠬᠠᠮᠰᠢᠭᠲᠤ ᠤᠨ ᠰᠠᠷ᠎ᠠ ᠶᠢ ᠡᠷᠭᠢᠴᠡᠭᠦᠯᠪᠡ᠃ | ᠲᠡᠳᠡ ᠲᠤᠰ ᠭᠠᠵᠠᠷ ᠤᠨ ᠬᠤᠪᠢᠰᠬᠠᠯ ᠤᠨ ᠡᠬᠢ ᠪᠠᠶᠠᠯᠢᠭ ᠲᠠᠢ ᠪᠠᠨ ᠤᠶᠠᠯᠳᠤᠭᠤᠯᠵᠤ᠂ ︽ᠠᠬᠠᠮᠠᠳ | ᠬᠤᠪᠢᠰᠬᠠᠯᠴᠢᠳ ᠤᠨ ᠲᠡᠮᠡᠴᠡᠯ ᠤᠨ ᠦᠯᠢᠭᠡᠷ ᠢ ᠬᠠᠮᠲᠤ ᠳᠤᠨᠢ ᠶᠠᠷᠢᠵᠤ᠂ ᠵᠢᠱᠢᠶᠡᠯᠡᠪᠡᠯ ᠦᠷᠡᠭᠳᠡᠭᠰᠡᠨ ᠪᠠᠭᠠᠲᠤᠷ ᠶᠠᠩ | ᠭᠧᠨ ᠼᠠᠢ ᠶᠢᠨ ︽ᠳᠠᠶᠢᠰᠤᠨ ᠲᠠᠢ ᠨᠢᠭᠡ ᠪᠠᠨ ᠦᠵᠡᠯᠴᠡᠬᠦ︾ ᠭᠡᠬᠦ ᠪᠠᠭᠠᠲᠤᠷᠯᠢᠭ ᠦᠢᠯᠡ ᠠᠵᠢᠯᠯᠠᠭ᠎ᠠ᠂ ᠵᠠᠩ ᠬᠦᠢ | ᠮᠧᠢ ᠶᠢᠨ ᠠᠭᠤᠯᠠᠷᠬᠠᠭ ᠣᠷᠣᠨ ᠤ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠬᠤᠪᠢ ᠨᠡᠮᠡᠷᠢ ᠦᠵᠡᠭᠦᠯᠬᠦ | ᠵᠣᠷᠢᠭ ᠰᠠᠨᠠᠭ᠎ᠠ ᠨᠢ ᠨᠠᠮ ᠤᠨ ᠲᠡᠦᠬᠡ ᠪᠣᠯᠤᠨ ᠲᠣᠰᠬᠤᠨ ᠤ ᠬᠥᠭᠵᠢᠯᠲᠡ ᠶᠢᠨ ᠲᠡᠦᠬᠡ ᠶᠢ ᠠᠭᠤᠰᠤᠯᠴᠠᠭᠤᠯᠵᠤ᠂ | ᠣᠨᠣᠯ ᠢ ᠨᠤᠲᠤᠭ ᠤᠨ ᠪᠣᠳᠠᠲᠤ ᠪᠠᠶᠢᠳᠠᠯ ᠲᠠᠢ ᠨᠡᠩ ᠣᠶᠢᠷᠠᠲᠤᠭᠤᠯᠵᠠᠢ᠃ ᠬᠠᠷᠢᠯᠴᠠᠨ ᠬᠥᠳᠡᠯᠦᠯᠴᠡᠬᠦ | ᠭᠤᠭᠴᠤᠭ᠎ᠠ ᠳᠤ᠂ ᠲᠣᠰᠬᠤᠨ ᠤ ᠠᠷᠠᠳ ᠥᠪᠡᠷ ᠤᠨ ᠥᠩᠭᠡᠷᠡᠯᠲᠡ ᠪᠠᠨ ᠢᠳᠡᠪᠬᠢᠲᠡᠢ ᠪᠠᠷ ᠬᠤᠪᠢᠶᠠᠯᠴᠠᠵᠤ᠂ | ᠵᠢᠱᠢᠶᠡᠯᠡᠪᠡᠯ ᠠᠬᠠᠮᠠᠳ ᠪᠠᠶᠢᠯᠳᠤᠭᠴᠢ ᠴᠡᠷᠢᠭ ᠲᠤ ᠤᠷᠤᠭᠰᠠᠨ ᠤᠨ ᠰᠠᠷ᠎ᠠ ᠶᠢ ᠡᠷᠭᠢᠴᠡᠭᠦᠯᠵᠦ᠂ ᠵᠠᠯᠠᠭᠤ ᠨᠠᠮ ᠤᠨ | ᠭᠡᠰᠢᠭᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠤᠭᠰᠠᠨ ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠵᠤ᠂ | ᠨᠢᠭᠡᠳᠦᠭᠡᠷ ᠱᠦᠵᠢ ︽ᠬᠦᠷᠢᠶᠡᠨ ᠤ ᠬᠠᠰᠢᠯᠭ᠎ᠠ ᠶᠢᠨ ᠬᠤᠷᠠᠯ︾ ᠤᠨ ᠬᠡᠯᠪᠡᠷᠢ ᠪᠠᠷ ᠠᠷᠠᠳ ᠤᠨ ᠰᠠᠨᠠᠯ ᠢ ᠰᠣᠨᠣᠰᠴᠤ᠂ | ᠠᠮᠢᠳᠤ ᠰᠣᠷᠭᠤᠭ ᠬᠡᠷᠡᠭ ᠤᠨ ᠵᠢᠱᠢᠶ᠎ᠡ ᠪᠠᠷ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠪᠠ᠃ ᠠᠵᠢᠯᠯᠠᠭ᠎ᠠ ᠨᠢ ᠪᠠᠰᠠ | ︽ᠬᠥᠭᠡᠷᠦᠬᠦᠨ ᠳᠤᠮᠳᠠᠳᠤ ᠤᠯᠤᠰ︾ ᠭᠡᠬᠦ ᠵᠡᠷᠭᠡ ᠬᠡᠯᠪᠡᠷᠢ ᠪᠠᠷ ᠳᠠᠮᠵᠢᠭᠤᠯᠤᠨ ᠬᠠᠶᠢᠷ᠎ᠠ ᠰᠡᠳᠬᠢᠯᠭᠡ ᠶᠢᠨ | ᠬᠠᠮᠲᠤ ᠶᠢᠨ ᠴᠤᠤᠷᠢᠶ᠎ᠠ ᠶᠢ ᠬᠥᠭᠵᠢᠭᠡᠪᠡ᠃ ᠡᠶᠢᠮᠦᠷᠬᠦ ᠰᠤᠷᠤᠯᠴᠠᠬᠤ ᠬᠡᠯᠪᠡᠷᠢ ᠪᠠᠷ ᠳᠠᠮᠵᠢᠨ ᠣᠯᠠᠨ ᠲᠦᠮᠡᠨ ᠤ | ᠨᠠᠮ ᠤᠨ ᠲᠤᠬᠠᠢ ᠣᠨᠣᠯ ᠤᠨ ᠮᠡᠳᠡᠷᠡᠮᠵᠢ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠦᠭᠡᠢ ᠪᠠᠰᠠ ︽ᠺᠠᠳ᠋ᠷ ᠤᠨ ᠤᠭ | ᠰᠠᠨᠠᠭ᠎ᠠ ᠶᠢ ᠡᠷᠬᠢᠮᠯᠡᠬᠦ᠂ ᠣᠯᠠᠨ ᠲᠦᠮᠡᠨ ᠤ ᠦᠭᠡ ᠶᠢ ᠶᠠᠷᠢᠬᠤ︾ ᠬᠤᠣᠰ ᠴᠢᠭᠯᠡᠯ ᠢᠶᠠᠷ ᠰᠣᠯᠢᠯᠴᠠᠬᠤ ᠵᠠᠭᠪᠤᠷ ᠢ | ᠪᠠᠶᠢᠭᠤᠯᠵᠤ᠂ ᠨᠣᠮ ᠤᠨ ᠥᠷᠥᠭᠡ ᠶᠢ ᠨᠠᠮ ᠪᠠ ᠣᠯᠠᠨ ᠲᠦᠮᠡᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ | ᠣᠶᠤᠨ ᠰᠠᠨᠠᠭᠠᠨ ᠤ ᠭᠡᠷ ᠣᠷᠣᠨ ᠪᠣᠯᠭᠠᠪᠠ᠃ | ᠤᠷᠲᠤ ᠬᠤᠭᠤᠴᠠᠭᠠᠨ ᠤ ᠪᠦᠲᠦᠮᠵᠢᠲᠡᠢ ᠤᠩᠰᠢᠯᠭ᠎ᠠ ᠶᠢᠨ ᠲᠣᠭᠲᠠᠴᠠ ᠶᠢ ᠪᠠᠶᠢᠭᠤᠯᠬᠤ ᠶᠢᠨ ᠲᠥᠯᠥᠭᠡ᠂ ᠲᠤᠰ | ᠠᠵᠢᠯᠯᠠᠭ᠎ᠠ ᠶᠢ ᠭᠤᠣᠯᠯᠠᠨ ᠡᠷᠬᠢᠯᠡᠬᠦ ᠲᠠᠯ᠎ᠠ ᠶᠢᠨ ᠬᠢᠨ ᠰᠢᠨ᠎ᠡ ᠶᠢ ᠡᠭᠦᠳᠦᠨ ︽ᠲᠠᠯ᠎ᠠ ᠨᠤᠲᠤᠭ ᠤᠨ ᠨᠣᠮ ᠤᠨ | ᠥᠷᠥᠭᠡ ᠶᠢᠨ ᠤᠩᠰᠢᠯᠭ᠎ᠠ ᠶᠢᠨ ᠴᠤᠭᠯᠠᠭᠠᠨ︾ ᠤ ᠰᠣᠶᠣᠯ ᠤᠨ ᠨᠡᠷᠡᠲᠦ ᠲᠡᠮᠳᠡᠭᠲᠦ ᠶᠢ ᠭᠠᠷᠭᠠᠪᠠ᠃ ︽ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ︾ ᠬᠤᠣᠰ ᠲᠠᠪᠴᠠᠩ ᠳᠤ ᠲᠦᠰᠢᠭᠯᠡᠨ᠂ ᠸᠢᠴᠠᠲ ᠤᠨ ᠰᠣᠯᠢᠯᠴᠠᠭᠠᠨ ᠤ | ᠰᠦᠷᠦᠭ ᠢ ᠪᠠᠶᠢᠭᠤᠯᠵᠤ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠰᠣᠶᠣᠯ ᠤᠨ ᠭᠤᠣᠯᠯᠠᠭᠴᠢ | ᠬᠦᠴᠦᠨ ᠢᠶᠠᠷ ᠳᠠᠭᠠᠭᠤᠯᠤᠨ ᠤᠩᠰᠢᠭᠴᠢ ᠶᠢᠨ ᠲᠤᠰᠢᠶᠠᠯ ᠢ ᠡᠭᠦᠷᠭᠡᠯᠡᠵᠦ᠂ ᠭᠠᠷᠠᠭ ᠪᠦᠷᠢ ᠬᠤᠪᠢᠰᠬᠠᠯ ᠤᠨ | ᠰᠣᠩᠭᠤᠳᠠᠭ ᠪᠦᠲᠦᠭᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯ ᠰᠡᠳᠦᠪᠲᠦ ᠨᠣᠮ ᠤᠨ | ᠬᠠᠭᠤᠳᠠᠰᠤ ᠶᠢ ᠬᠦᠷᠭᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠦᠯᠵᠢᠶᠡᠨ ᠳᠡᠭᠡᠷ᠎ᠡ ᠨᠣᠮ ᠤᠩᠰᠢᠬᠤ ᠪᠤᠯᠤᠩ | ᠨᠡᠭᠡᠭᠡᠵᠦ᠂ ︽ᠬᠠᠮᠤᠭ ᠤᠨ ᠭᠤᠶᠣ ᠨᠣᠮ ᠤᠩᠰᠢᠬᠤ ᠲᠡᠮᠳᠡᠭᠯᠡᠯ︾᠂ ︽ᠤᠩᠰᠢᠯᠭ᠎ᠠ ᠶᠢᠨ ᠣᠳᠣᠨ︾ ᠵᠡᠷᠭᠡ | ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠡᠭᠦᠨ ᠤ ᠬᠠᠮᠲᠤ᠂ ᠠᠵᠢᠯᠯᠠᠭᠠᠨ ᠤ ᠭᠡᠷᠡᠯ ᠵᠢᠷᠤᠭ ᠢ | ᠨᠠᠷᠢᠯᠢᠭ ᠰᠣᠩᠭᠤᠵᠤ ᠦᠵᠡᠭᠦᠯᠦᠯᠭᠡ ᠶᠢᠨ ᠰᠠᠮᠪᠠᠷ᠎ᠠ ᠵᠣᠬᠢᠶᠠᠵᠤ ᠳᠡᠯᠭᠡᠨ ᠦᠵᠡᠭᠦᠯᠬᠦ ᠶᠢᠨ ᠬᠠᠮᠲᠤ ᠪᠠᠯᠭᠠᠰᠤᠨ ᠤ | ᠡᠮᠡᠭᠲᠡᠶᠢᠴᠦᠳ ᠤᠨ ᠬᠤᠯᠪᠣᠭᠠᠲᠤ ᠬᠤᠷᠠᠯ ᠲᠠᠢ ᠬᠠᠮᠲᠤᠷᠠᠨ ᠨᠣᠮ ᠤᠩᠰᠢᠭᠰᠠᠨ ᠰᠢᠯᠢᠳᠡᠭ ᠣᠯᠤᠯᠲᠠ | ᠲᠥᠷᠥᠭᠳᠡᠯ ᠢᠶᠠᠨ ᠡᠮᠬᠢᠳᠬᠡᠨ ᠳᠡᠪᠲᠡᠷᠯᠡᠪᠡ᠃ ᠵᠠᠭᠤᠴᠢᠯᠠᠭᠤᠷ ᠢᠶᠠᠷ ᠮᠡᠳᠡᠭᠡᠯᠡᠬᠦ ᠪᠠ ᠥᠪᠡᠷ ᠤᠨ ᠵᠠᠭᠤᠴᠢᠯᠠᠭᠤᠷ ᠢᠶᠠᠷ | ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯᠯᠠᠭ᠎ᠠ ᠶᠢᠨ ᠨᠥᠯᠥᠭᠡᠯᠡᠬᠦ ᠬᠦᠴᠦᠨ ᠢ ᠥᠷᠭᠡᠳᠬᠡᠵᠦ᠂ | ᠨᠡᠩ ᠣᠯᠠᠨ ᠰᠠᠭᠤᠭᠠᠯᠢ ᠠᠷᠠᠳ ᠢ ᠲᠠᠲᠠᠵᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠤᠩᠰᠢᠯᠭ᠎ᠠ ᠶᠢᠨ | ᠠᠵᠢᠯᠯᠠᠭ᠎ᠠ ᠳᠤ ᠣᠷᠣᠯᠴᠠᠭᠤᠯᠤᠨ᠎ᠠ᠃ | ᠡᠭᠦᠨ ᠠᠴᠠ ᠭᠠᠳᠠᠨ᠎ᠠ᠂ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠪᠠᠰᠠ ︽ᠰᠠᠶᠢᠨ ᠨᠣᠮ ᠤᠨ ᠬᠥᠪᠦᠮᠡᠯ | ᠪᠤᠯᠤᠩ︾ ᠭᠠᠷᠭᠠᠵᠤ᠂ ᠣᠷᠣᠯᠴᠠᠭᠴᠢ ᠨᠣᠮ ᠪᠢᠴᠢᠭ ᠢᠶᠠᠨ ᠴᠢᠯᠥᠭᠡᠲᠡᠢ ᠰᠣᠯᠢᠯᠴᠠᠵᠤ᠂ ᠮᠡᠳᠡᠯᠭᠡ ᠶᠢ | ᠰᠣᠯᠢᠯᠴᠠᠭᠠᠨ ᠤ ᠳᠤᠮᠳᠠ ᠳᠠᠮᠵᠢᠭᠤᠯᠵᠤ ᠪᠣᠯᠤᠨ᠎ᠠ︔ ᠪᠢᠴᠢᠭ ᠤᠨ ᠱᠣᠰᠢᠭ᠎ᠠ ᠶᠢᠨ DIY ᠠᠵᠢᠯᠯᠠᠭ᠎ᠠ ᠶᠢᠨ | ᠭᠤᠭᠴᠤᠭ᠎ᠠ ᠳᠤ ᠨᠢᠭᠡᠨ ᠬᠤᠪᠢ ᠪᠦᠲᠦᠭᠡᠯᠴᠢ ᠰᠠᠨᠠᠭ᠎ᠠ ᠪᠠ ᠪᠠᠶᠠᠷ ᠴᠡᠩᠭᠡᠯ ᠨᠡᠮᠡᠷᠢᠯᠡᠭᠰᠡᠨ ᠪᠠᠶᠢᠨ᠎ᠠ᠃ ᠣᠷᠣᠯᠴᠠᠭᠴᠢ | ᠲᠥᠰᠦᠭᠡᠯᠡᠨ ᠪᠣᠳᠣᠵᠤ᠂ ᠱᠣᠰᠢᠭ᠎ᠠ ᠳᠡᠭᠡᠷ᠎ᠡ ᠰᠢᠯᠦᠭ ᠳᠠᠭᠤᠯᠠᠯ ᠤᠨ ᠨᠠᠷᠠᠲᠤ ᠦᠭᠡ ᠬᠡᠯᠡᠵᠦ᠂ ᠴᠤᠷ ᠤᠨ ᠭᠠᠭᠴᠠ | ᠨᠣᠮ ᠤᠨ ᠱᠣᠰᠢᠭ᠎ᠠ ᠶᠢ ᠵᠣᠬᠢᠶᠠᠪᠠ᠃ ᠡᠳᠡᠭᠡᠷ ᠨᠣᠮ ᠤᠨ ᠱᠣᠰᠢᠭ᠎ᠠ ᠨᠢ ᠤᠩᠰᠢᠯᠭ᠎ᠠ ᠶᠢᠨ ᠰᠠᠶᠢᠨ ᠬᠠᠨᠢ ᠪᠣᠯᠬᠤ ᠪᠠᠷ | ᠪᠠᠷᠠᠬᠤ ᠦᠭᠡᠢ᠂ ᠨᠡᠩ ᠴᠤ ᠣᠯᠠᠨ ᠤ ᠨᠣᠮ ᠪᠢᠴᠢᠭ ᠲᠠᠬᠢ ᠬᠠᠶᠢᠷ᠎ᠠ ᠪᠠ ᠮᠡᠳᠡᠯᠭᠡ ᠶᠢᠨ ᠬᠥᠭᠡᠭᠡᠴᠡᠯᠳᠦᠯ ᠢ | ᠠᠴᠢᠶᠠᠯᠠᠵᠤ ᠪᠠᠶᠢᠨ᠎ᠠ᠃ ᠠᠵᠢᠯᠯᠠᠭ᠎ᠠ ᠳᠠᠭᠤᠰᠬᠤ ᠠᠴᠠ ᠡᠮᠦᠨ᠎ᠡ᠂ ᠭᠤᠣᠯᠯᠠᠨ ᠡᠷᠬᠢᠯᠡᠭᠰᠡᠨ ᠲᠠᠯ᠎ᠠ ᠶᠢᠨ ᠬᠢᠨ | ᠰᠢᠯᠢᠳᠡᠭ ᠢᠯᠡᠷᠡᠯ ᠲᠠᠢ ᠣᠷᠣᠯᠴᠠᠭᠴᠢ ᠳᠤ ︽ᠤᠩᠰᠢᠯᠭ᠎ᠠ ᠶᠢᠨ ᠣᠳᠣᠨ︾ ᠳᠤᠷᠠᠰᠬᠠᠯ ᠤᠨ ᠪᠣᠳᠠᠰ ᠣᠯᠭᠤᠵᠤ᠂ | ᠣᠯᠠᠨ ᠤ ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠲᠠᠢ ᠪᠣᠯᠬᠤ ᠶᠢ ᠵᠣᠷᠢᠭᠵᠢᠭᠤᠯᠵᠠᠢ᠃ | ᠲᠤᠰ ᠤᠳᠠᠭᠠᠨ ᠤ ᠳᠡᠯᠡᠬᠡᠢ ᠶᠢᠨ ᠨᠣᠮ ᠤᠩᠰᠢᠬᠤ ᠡᠳᠦᠷ ᠤᠨ ᠭᠤᠣᠯ ᠰᠡᠳᠦᠪᠲᠦ ᠠᠵᠢᠯᠯᠠᠭ᠎ᠠ ᠶᠢ | ᠠᠮᠵᠢᠯᠲᠠ ᠲᠠᠢ ᠡᠷᠬᠢᠯᠡᠭᠰᠡᠨ ᠨᠢ ᠺᠠᠳ᠋ᠷ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠣᠯᠠᠨ ᠤ ᠤᠩᠰᠢᠯᠭ᠎ᠠ ᠶᠢᠨ ᠬᠠᠯᠠᠭᠤᠨ ᠰᠡᠳᠬᠢᠯᠭᠡ ᠶᠢ | ᠬᠥᠭᠵᠢᠭᠡᠵᠦ᠂ ᠶᠢᠨ ᠬᠤᠤ ᠪᠠᠯᠭᠠᠰᠤᠨ ᠳᠤ ᠰᠠᠶᠢᠨ ᠰᠠᠶᠢᠬᠠᠨ ᠪᠢᠴᠢᠭ ᠤᠨ ᠰᠤᠷᠪᠤᠯᠵᠢᠲᠤ ᠠᠭᠤᠷ ᠠᠮᠢᠰᠬᠤᠯ ᠢ ᠪᠣᠢ | ᠪᠣᠯᠭᠠᠵᠤ ᠥᠭᠴᠡᠢ᠃ ᠳᠠᠷᠠᠭᠠᠴᠢ ᠶᠢᠨ ᠠᠯᠬᠤᠮ ᠳᠤ᠂ ᠶᠢᠨ ᠬᠤᠤ ᠪᠠᠯᠭᠠᠰᠤ ᠡᠯ᠎ᠡ ᠲᠥᠷᠥᠯ ᠤᠨ ᠰᠣᠶᠣᠯ ᠤᠨ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠦᠬᠦ ᠠᠷᠠᠳ ᠤᠨ ᠤᠩᠰᠢᠯᠭ᠎ᠠ ᠶᠢ ᠠᠬᠢᠭᠤᠯᠵᠤ᠂ ᠪᠢᠴᠢᠭ ᠤᠨ | ᠰᠤᠷᠪᠤᠯᠵᠢᠲᠤ ᠵᠢᠵᠢᠭ ᠪᠠᠯᠭᠠᠰᠤ ᠶᠢ ᠪᠦᠲᠦᠭᠡᠨ ᠪᠠᠶᠢᠭᠤᠯᠤᠨ᠎ᠠ᠃ | |