4 ᠳ᠋ᠦ᠋ᠭᠡᠷ ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠡᠳᠦᠷ ᠤᠨ ᠰᠣᠨᠢᠨ ᠤ 03 ᠳ᠋ᠤᠭᠠᠷ | ᠬᠡᠪᠯᠡᠯ ᠤᠨ ᠴᠢᠬᠤᠯᠠ ᠮᠡᠳᠡᠭᠡ ︽ᠥᠪᠡᠷᠲᠡᠭᠡᠨ ᠵᠠᠰᠠᠬᠤ ᠣᠷᠣᠨ ᠤ ᠬᠠᠷᠢᠭᠤᠴᠠᠯᠭ᠎ᠠ ᠡᠭᠦᠷᠭᠡᠯᠡᠵᠦ ᠵᠢᠳᠬᠦᠯ | ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ ᠶᠣᠣ ᠵᠢᠶᠦ᠋ᠨ ᠵᠢᠶᠧ᠄ ᠰᠢᠨ᠎ᠡ ᠶᠢ ᠡᠭᠦᠳᠴᠦ ᠪᠣᠳᠠᠲᠠᠢ ᠠᠵᠢᠯᠯᠠᠨ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠶ᠎ᠡ︾ ᠭᠡᠬᠦ ᠨᠣᠮ ᠢ ᠨᠡᠶᠢᠲᠡᠯᠡᠪᠡ᠃ | 2021 ᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠨᠡᠮᠡᠭᠳᠡᠯ ᠤᠨ ᠬᠤᠷᠳᠤᠴᠠ ᠪᠤᠭᠤᠲᠤ ᠬᠤᠲᠠ ᠶᠢᠨ ᠨᠢᠭᠡᠳᠦᠭᠡᠷ᠂ 2022 ᠣᠨ ᠤ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ᠂ 2023 ᠣᠨ ᠤ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠠᠩᠬ᠎ᠠ ᠤᠳᠠᠭ᠎ᠠ 100 ᠳ᠋ᠦᠩᠰᠢᠭᠤᠷ ᠲᠥᠭᠦᠷᠢᠭ ᠢ | ᠳᠠᠪᠠᠵᠤ᠂ 2024 ᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠶ ᠥᠷᠲᠡᠭ ᠠᠩᠬ᠎ᠠ | ᠤᠳᠠᠭ᠎ᠠ 300 ᠳ᠋ᠦᠩᠰᠢᠭᠤᠷ ᠲᠥᠭᠦᠷᠢᠭ ᠢ ᠳᠠᠪᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ | ᠦᠷᠭᠦᠯᠵᠢᠯᠡᠨ ᠭᠤᠷᠪᠠᠨ ᠵᠢᠯ ᠤᠨ ᠨᠡᠮᠡᠭᠳᠡᠯ ᠤᠨ ᠬᠤᠷᠳᠤᠴᠠ 13% ᠠᠴᠠ ᠳᠡᠭᠡᠭᠰᠢ ᠪᠠᠶᠢᠵᠤ᠂ ᠬᠥᠭᠵᠢᠭᠡᠳᠦᠢ | ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠪᠡ᠃ | ᠡᠨᠡ ᠪᠣᠯ ᠶᠣᠣ ᠵᠢᠶᠦ᠋ᠨ ᠵᠢᠶᠧ ᠭᠦᠶᠡᠩ ᠰᠢᠶᠠᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ | ᠡᠭᠦᠷᠭᠡᠯᠡᠭᠰᠡᠨ ᠤ ᠳᠠᠷᠠᠭ᠎ᠠ ᠠᠷᠠᠳ ᠣᠯᠠᠨ ᠳᠤ ᠲᠤᠰᠢᠶᠠᠭᠰᠠᠨ ᠯᠠᠪᠳᠠᠭᠤᠨ ᠪᠠᠲᠤᠲᠠᠶ ᠬᠢᠷᠢ ᠪᠦᠲᠦᠮᠵᠢ ᠶᠢᠨ | ᠬᠠᠭᠤᠳᠠᠰᠤ ᠪᠣᠯᠤᠨ᠎ᠠ᠃ | ᠭᠦᠶᠡᠩ ᠰᠢᠶᠠᠨ ᠪᠣᠯ ᠳᠠᠯᠠᠨ ᠬᠠᠷ᠎ᠠ ᠠᠭᠤᠯᠠ ᠶᠢᠨ ᠠᠷᠤ ᠬᠤᠷᠮᠣᠶ ᠳᠤ ᠪᠠᠶᠢᠷᠢᠰᠢᠵᠤ᠂ ︽ᠠᠷᠪᠠᠨ ᠵᠢᠯ ᠶᠢᠰᠦᠨ | ᠵᠢᠯ ᠭᠠᠩ ᠬᠠᠭᠰᠠᠷᠠᠭᠠᠨ︾ ᠪᠠᠶᠢᠵᠤ᠂ ᠡᠨᠡ ᠨᠢ ᠭᠦᠶᠡᠩ ᠰᠢᠶᠠᠨ ᠤ ᠭᠠᠵᠠᠷ ᠤᠨ ᠪᠠᠶᠢᠴᠠ ᠪᠠ ᠠᠭᠤᠷ | ᠠᠮᠢᠰᠬᠤᠯ ᠤᠨ ᠣᠨᠴᠠᠯᠢᠭ ᠪᠣᠯᠤᠨ᠎ᠠ᠃ ᠪᠤᠭᠤᠲᠤ ᠬᠤᠲᠠ ᠶᠢᠨ ᠤᠤᠯ ᠤᠨ ᠴᠤᠷ ᠤᠨ ᠭᠠᠭᠴᠠ ᠤᠯᠤᠰ ᠤᠨ | ᠲᠠᠰ ᠤᠨ ᠶᠠᠳᠠᠭᠤ ᠬᠦᠴᠢᠷᠳᠡᠯᠲᠡᠶ ᠰᠢᠶᠠᠨ ᠪᠣᠯᠤᠭᠰᠠᠨ ᠤ ᠬᠤᠪᠢ ᠳᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ | ᠵᠠᠰᠠᠭ ᠤᠨ ᠣᠷᠳᠣᠨ ᠣᠷᠳᠣ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠦᠨᠡᠨᠴᠢ ᠰᠢᠳᠤᠷᠭᠤ ᠪᠠᠷ ᠠᠵᠢᠯᠯᠠᠬᠤ ᠳᠤ | ᠬᠤᠶᠢᠷᠭᠤᠰᠢᠬᠤ ᠥᠬᠡᠶ ᠪᠠᠶᠢᠨ᠎ᠠ᠃ ᠶᠣᠣ ᠵᠢᠶᠦ᠋ᠨ ᠵᠢᠶᠧ 2021 ᠣᠨ ᠤ 6 ᠰᠠᠷ᠎ᠠ ᠳᠤ ᠲᠤᠰᠢᠶᠠᠯ ᠳᠤ | ᠭᠠᠷᠤᠭᠰᠠᠨ ᠠᠴᠠ ᠨᠠᠭᠠᠰᠢ᠂ ︽ᠲᠠᠷᠢᠶᠠᠯᠠᠩ ᠮᠠᠯ ᠠᠵᠤ ᠠᠬᠤᠶ ᠨᠢ ᠰᠢᠶᠠᠨ ᠢᠶᠠᠨ ᠲᠣᠭᠲᠠᠪᠤᠷᠢᠵᠢᠭᠤᠯᠬᠤ᠂ ᠠᠵᠤ | ᠦᠢᠯᠡᠳᠪᠦᠷᠢ ᠨᠢ ᠰᠢᠶᠠᠨ ᠢ ᠪᠠᠶᠠᠵᠢᠭᠤᠯᠬᠤ᠂ ᠬᠤᠳᠠᠯᠳᠤᠭ᠎ᠠ ᠨᠢ ᠰᠢᠶᠠᠨ ᠢ ᠠᠮᠢᠳᠤᠯᠢᠭᠵᠢᠭᠤᠯᠬᠤ᠂ ᠠᠮᠢ | ᠠᠬᠤᠶ ᠶᠢᠨ ᠵᠢᠭᠤᠯᠴᠢᠯᠠᠯ ᠨᠢ ᠰᠢᠶᠠᠨ ᠢ ᠬᠥᠭᠵᠢᠭᠦᠯᠬᠦ︾ ᠬᠥᠭᠵᠢᠯᠲᠡ ᠶᠢᠨ ᠰᠡᠳᠬᠢᠮᠵᠢ ᠶᠢ ᠳᠤᠷᠠᠳᠪᠠ᠃ | ︽ᠮᠠᠨ ᠤ ᠰᠢᠶᠠᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ | ᠭᠤᠭᠴᠤᠭ᠎ᠠ ᠳᠤ ᠣᠷᠣᠰᠢᠵᠤ ᠪᠠᠶᠢᠨ᠎ᠠ᠂ ᠠᠮᠤᠷ ᠲᠦᠪᠰᠢᠨ ᠲᠣᠭᠲᠠᠭᠤᠨ ᠪᠠᠶᠢᠬᠤ ᠪᠣᠯ ᠠᠯᠢᠪᠠ ᠠᠵᠢᠯ ᠢ ᠰᠠᠶᠢᠲᠤᠷ | ᠬᠢᠬᠦ ᠶᠢᠨ ᠤᠷᠢᠲᠠᠯ ᠨᠥᠬᠦᠴᠡᠯ ᠮᠥᠨ᠂ ᠬᠠᠷᠢᠨ ᠲᠣᠭᠲᠠᠭᠤᠨ ᠪᠠᠶᠢᠯᠭᠠᠬᠤ ᠳᠤ ᠺᠠᠳ᠋ᠷ ᠤᠨ ᠬᠡᠪ ᠴᠢᠨᠠᠷ ᠪᠠ | ᠴᠢᠳᠠᠪᠤᠷᠢ ᠳᠤ ᠲᠦᠰᠢᠭᠯᠡᠬᠦ ᠬᠡᠷᠡᠭᠲᠡᠶ᠃ ᠡᠭᠦᠨ ᠳᠤ ᠡᠷᠬᠡᠪᠰᠢ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠠᠶᠢᠲᠤᠷ | ᠬᠢᠬᠦ ᠪᠠᠷ ᠳᠠᠮᠵᠢᠭᠤᠯᠤᠨ᠂ ᠰᠢᠶᠠᠨ ᠤ ᠬᠡᠪᠴᠢᠶᠡᠨ ᠤ ᠨᠡᠶᠢᠭᠡᠮ ᠤᠨ ᠲᠣᠭᠲᠠᠭᠤᠨ ᠣᠷᠴᠢᠨ ᠲᠣᠭᠤᠷᠢᠨ ᠢ ᠪᠤᠢ | ᠪᠣᠯᠭᠠᠬᠤ ᠶᠢᠨ ᠬᠠᠮᠲᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢᠶᠠᠷ ᠭᠠᠷᠳᠠᠴᠠ ᠪᠣᠯᠭᠠᠵᠤ᠂ ᠺᠠᠳ᠋ᠷᠴᠤᠳ ᠤᠨ | ᠪᠣᠳᠠᠲᠠᠢ ᠶᠢ ᠡᠷᠬᠢᠮᠯᠡᠬᠦ ᠰᠤᠷᠲᠠᠯ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ︾ ᠶᠣᠣ ᠵᠢᠶᠦ᠋ᠨ ᠵᠢᠶᠧ | ᠰᠤᠷᠪᠤᠯᠵᠢᠯᠠᠭᠴᠢ ᠳᠤ ᠢᠩᠭᠢᠵᠦ ᠬᠡᠯᠡᠪᠡ᠃ | ᠣᠶᠢᠷ᠎ᠠ ᠶᠢᠨ 4 ᠵᠢᠯ ᠤᠨ ᠲᠤᠷᠰᠢ᠂ ᠲᠡᠷᠡ ᠪᠦᠬᠦ ᠰᠢᠶᠠᠨ ᠤ ᠺᠠᠳ᠋ᠷ ᠢ ᠳᠠᠭᠠᠭᠤᠯᠤᠨ ᠮᠣᠩᠭᠤᠯ ᠮᠣᠷᠢᠨ ᠤ | ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠷᠠᠯᠲᠠ ᠪᠠᠨ ᠪᠠᠲᠤ ᠡᠵᠡᠮᠳᠡᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ | 300 ᠭᠠᠷᠤᠢ ᠬᠤᠪᠢ ᠬᠠᠭᠤᠴᠢᠨ ᠵᠢᠯ ᠤᠨ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠪᠦᠬᠦᠨ ᠢ | ᠰᠢᠢᠳᠪᠦᠷᠢᠯᠡᠪᠡ᠃ ᠵᠠᠬᠢᠳᠠᠯ ᠰᠤᠷᠪᠤᠯᠵᠢᠯᠠᠭ᠎ᠠ ᠵᠡᠷᠭᠡ 21 ᠰᠠᠯᠠᠭ᠎ᠠ ᠮᠥᠴᠢᠷ ᠢ ᠡᠮᠬᠢᠯᠡᠨ ᠨᠡᠶᠢᠯᠡᠭᠦᠯᠵᠦ ᠰᠢᠶᠠᠨ ᠤ | ᠶᠡᠷᠦᠩᠬᠡᠶᠢᠯᠡᠨ ᠵᠠᠰᠠᠬᠤ ᠲᠥᠪ ᠲᠤ ᠣᠷᠣᠭᠤᠯᠤᠨ ᠠᠪᠴᠢᠷᠠᠵᠤ᠂ ᠣᠯᠠᠨ ᠲᠦᠮᠡᠨ ᠤ ᠵᠥᠷᠢᠴᠡᠯ ᠵᠢᠭᠤᠷᠠᠯᠳᠤᠭᠠᠨ ᠢ | ᠨᠢᠭᠡ ᠯᠡ ᠥᠷᠲᠡᠭᠡᠨ ᠤ ᠮᠠᠶ᠋ᠢᠭ ᠢᠶᠠᠷ ᠭᠥᠯᠢᠶᠡᠨ ᠠᠪᠴᠤ ᠰᠢᠢᠳᠪᠦᠷᠢᠯᠡᠨ᠂ ᠨᠢᠭᠡ ᠯᠡ ᠤᠳᠠᠭ᠎ᠠ ᠳᠤ 1300 | ᠭᠠᠷᠤᠶ ᠵᠠᠬ᠎ᠠ ᠰᠢᠢᠳᠪᠦᠷᠢᠯᠡᠬᠦ ᠬᠡᠷᠡᠭᠲᠡᠢ᠃ ᠢᠯᠠᠩᠭᠤᠶ᠎ᠠ ᠥᠯᠥ ᠬᠥᠳᠡᠯᠬᠦ ᠬᠥᠷᠥᠩᠭᠡ ᠶᠢᠨ ᠦᠨᠡᠮᠯᠡᠯ ᠠᠪᠬᠤ ᠳᠤ | ᠬᠦᠴᠢᠷᠲᠡᠶ ᠪᠠᠶᠢᠬᠤ ᠡᠨᠡ ᠬᠦ ᠬᠦᠴᠢᠷ ᠠᠰᠠᠭᠤᠳᠠᠯ ᠤᠨ ᠡᠮᠦᠨ᠎ᠡ᠂ ᠲᠡᠷᠡ ᠬᠡᠷ ᠪᠠᠶᠢᠰᠢᠩ ᠭᠠᠵᠠᠷ ᠬᠥᠷᠥᠩᠭᠡ ᠶᠢᠨ | ᠠᠵᠤ ᠠᠬᠤᠶᠢᠯᠠᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠲᠤᠰᠬᠠᠶ ᠰᠡᠳᠦᠪᠲᠦ ᠬᠤᠷᠠᠯ ᠬᠤᠷᠠᠯᠳᠤᠭᠤᠯᠤᠨ | ᠭᠦᠨᠵᠡᠭᠡᠶ ᠰᠤᠳᠤᠯᠵᠤ᠂ ᠵᠠᠰᠠᠭ ᠤᠨ ᠣᠷᠳᠣᠨ ᠤ ᠢᠲᠡᠭᠡᠮᠵᠢ ᠶᠢᠨ ᠳᠠᠭᠠᠭᠠᠯᠲᠠ᠂ ᠣᠷᠣᠯᠠᠨ ᠬᠠᠮᠢᠶᠠᠷᠬᠤ ᠲᠠᠪᠴᠠᠩ | ᠪᠠᠶᠢᠭᠤᠯᠬᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠬᠦ᠂ ᠠᠵᠤ ᠠᠬᠤᠶᠢᠯᠠᠯ ᠤᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠰᠢᠪᠠᠳᠠᠬᠤ᠂ ᠬᠠᠤᠯᠢ ᠴᠠᠭᠠᠵᠠ ᠶᠢᠨ ᠨᠡᠶᠢᠲᠡ ᠶᠢᠨ | ᠠᠰᠠᠷᠠᠮᠵᠢ ᠶᠢᠨ ᠲᠤᠰᠠᠯᠠᠮᠵᠢ ᠶᠢᠨ ︽ᠲᠠᠪᠤᠨ ᠨᠢᠭᠡ ᠪᠦᠯᠦᠭ︾ ᠤᠨ ᠬᠦᠴᠦᠲᠡᠶ ᠠᠷᠭ᠎ᠠ ᠬᠡᠮᠵᠢᠶ᠎ᠡ ᠪᠠᠷ ᠳᠠᠮᠵᠢᠭᠤᠯᠤᠨ | ᠂ ᠪᠥᠬᠦ ᠰᠢᠶᠠᠨ ᠤ 1.6 ᠲᠦᠮᠡᠨ ᠡᠷᠦᠬᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠥᠮᠴᠢᠯᠡᠬᠦ ᠡᠷᠬᠡ ᠶᠢᠨ | ᠦᠨᠡᠮᠯᠡᠯ ᠠᠪᠬᠤ ᠳᠤ ᠬᠦᠴᠢᠷᠲᠡᠶ ᠪᠠᠶᠢᠬᠤ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠪᠡ᠃ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠦᠷ᠎ᠡ ᠪᠦᠲᠦᠮᠵᠢ ᠲᠣᠪᠤᠶᠢᠮ᠎ᠠ ᠪᠣᠯᠬᠤᠷ ᠭᠦᠶᠡᠩ ᠰᠢᠶᠠᠨ ᠥᠪᠡᠷᠲᠡᠭᠡᠨ ᠵᠠᠰᠠᠬᠤ | ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠡᠷᠢᠭᠦᠨ ᠤ ᠬᠠᠮᠲᠤ ᠪᠠᠷ ᠦᠨᠡᠯᠡᠭᠳᠡᠵᠦ᠂ ᠥᠪᠡᠷᠲᠡᠭᠡᠨ | ᠵᠠᠰᠠᠬᠤ ᠣᠷᠣᠨ ᠠᠴᠠ ᠪᠥᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ | ᠰᠢᠶᠠᠨ ᠢᠶᠠᠷ ᠲᠠᠨᠢᠯᠴᠠᠭᠤᠯᠤᠨ ᠰᠢᠯᠭᠠᠷᠠᠭᠤᠯᠪᠠ᠃ | ᠭᠦᠶᠡᠩ ᠰᠢᠶᠠᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠭᠰᠡᠨ 4 ᠵᠢᠯ ᠤᠨ ᠲᠤᠷᠰᠢ᠂ | ᠲᠡᠷᠡ ᠠᠵᠠ ᠲᠣᠬᠢᠶᠠᠯ ᠢ ᠠᠮᠵᠢᠵᠤ᠂ ᠬᠥᠭᠵᠢᠯᠲᠡ ᠶᠢ ᠶᠡᠬᠡᠪᠡᠷ ᠠᠳᠬᠤᠵᠤ᠂ ᠪᠦᠬᠦ ᠰᠢᠶᠠᠨ ᠤ ᠺᠠᠳ᠋ᠷ ᠤᠯᠠᠨ | ᠲᠦᠮᠡᠨ ᠢ ᠳᠠᠭᠠᠭᠤᠯᠤᠨ ᠴᠥᠭᠡᠨ ᠪᠤᠰᠤ ᠶᠡᠭᠡ ᠶᠠᠪᠤᠳᠠᠯ᠂ ᠬᠦᠴᠢᠷ ᠶᠠᠪᠤᠳᠠᠯ ᠢ ᠪᠦᠲᠦᠭᠡᠵᠡᠢ᠃ | ᠬᠤᠨᠴᠢᠷ ᠤᠨ ᠣᠨᠴᠠᠯᠢᠠᠠᠳᠤ ᠠᠵᠦ ᠦᠢᠯᠡᠰ ᠤᠨ ᠴᠢᠨᠡᠷ ᠰᠠᠶᠢᠳᠡᠢ ᠪᠦᠳᠦᠬᠡᠭᠳᠡᠬᠦᠨ ᠤ ᠦᠷᠳᠡᠭ ᠢᠶᠠᠷ ᠲᠣᠣᠷ᠎ᠠ᠂ | ︽ᠬᠦᠪᠡᠬᠦᠨ ᠦᠬᠢᠳ ᠢ ᠲᠠᠨᠢᠬᠤ︾ ᠬᠦᠴᠢᠷᠳᠡᠯ ᠳᠤ ᠴᠢᠭᠯᠡᠬᠦᠯᠦᠨ᠂ ᠲᠡᠷᠡ ︽ᠶᠠᠮᠤᠨ ᠪᠡᠭᠡᠵᠢᠩ ᠳᠤ ᠭᠠᠷᠬᠤ︾ | ᠤᠯᠠᠨ ᠤᠳᠠᠭ᠎ᠠ ᠵᠤᠬᠢᠴᠠᠭᠤᠯᠵᠦ᠂ ᠬᠤᠨᠴᠢᠷ ᠤᠨ ᠭᠠᠷᠤᠯᠳᠡ ᠨᠢ ᠤᠯᠤᠰ ᠤᠨ ︽ᠡᠮ ᠤᠨ ᠵᠦᠢᠯ ᠠᠳᠠᠯᠢ | ᠢᠷᠡᠯᠲᠡ ᠲᠠᠢ︾ ᠬᠡᠬᠦ ᠭᠠᠷᠴᠠᠭ ᠲᠤ ᠤᠷᠤᠵᠦ᠂ ᠬᠤᠨᠴᠢᠷ ᠤᠨ ᠭᠠᠷᠤᠯᠳᠡ ᠨᠢ ᠪᠦᠬᠦ ᠤᠯᠤᠰ ᠤᠨ ᠲᠠᠪᠤᠨ ᠤ ᠨᠢᠭᠡ | ᠬᠤᠪᠢ ᠶᠢ ᠡᠵᠡᠯᠡᠵᠦ᠂ ᠡᠮ ᠤᠨ ᠵᠦᠢᠯ᠂ ᠠᠷᠢᠬᠢᠨ ᠤ ᠵᠦᠢᠯ᠂ ᠢᠳᠡᠭᠡᠨ᠂ ᠴᠠᠢ ᠶᠢᠨ ᠵᠦᠢᠯ᠂ ᠦᠨᠦᠷᠳᠦ ᠡᠳ᠋᠂ | ᠭᠤᠶᠣᠯᠠᠯ ᠤᠨ ᠡᠳ᠋᠂ ᠡᠷᠡᠭᠦᠯᠵᠢᠯ ᠤᠨ ᠵᠦᠢᠯᠡᠰ ᠵᠡᠷᠭᠡ 7 ᠰᠢᠷᠢᠰ 100 ᠭᠠᠷᠤᠢ ᠵᠦᠢᠯ ᠤᠨ ᠲᠠᠩ ᠡᠳ᠋ ᠤᠨ | ᠵᠠᠬ᠎ᠠ ᠳᠡᠯᠭᠡᠭᠦᠷ ᠲᠤ ᠤᠷᠤᠭᠤᠯᠤᠨ᠂ ᠦᠢᠯᠡᠳᠬᠦᠨ ᠤ ᠥᠷᠲᠡᠭ ᠨᠢ 5 ᠳ᠋ᠦᠩᠰᠢᠭᠤᠷ ᠲᠥᠭᠦᠷᠢᠭ ᠰᠢᠨ᠎ᠡ ᠪᠠᠷ 10 | ᠳ᠋ᠦᠩᠰᠢᠭᠤᠷ ᠲᠦᠭᠦᠷᠢᠭ ᠢ ᠲᠠᠪᠠᠪᠠ᠃ ᠭᠦᠶᠡᠩ ᠰᠢᠶᠠᠨ ᠪᠦᠬᠦ ᠤᠯᠤᠰ ᠤᠨ ᠢᠳᠡᠭᠡᠨ ᠪᠠ ᠡᠮ ᠤᠨ ᠵᠦᠢᠯ ᠤᠨ | ᠰᠢᠨ᠎ᠡ ᠶᠢ ᠡᠭᠦᠳᠬᠦ ᠬᠥᠭᠵᠢᠯᠲᠡ ᠶᠢᠨ ᠵᠢᠱᠢᠶ᠎ᠡ ᠦᠵᠡᠭᠦᠯᠬᠦ ᠰᠢᠶᠠᠩ ᠢᠶᠠᠷ ᠦᠨᠡᠯᠡᠭᠳᠡᠪᠡ᠃ | ᠲᠡᠷᠡ ᠰᠠᠶᠢᠨ ᠦᠢᠯᠡᠳᠬᠦᠨ ᠳᠤ ᠰᠠᠶᠢᠨ ᠲᠦᠷᠦᠯ ᠲᠡᠮᠳᠡᠭ ᠲᠠᠢ ᠪᠠᠶᠢᠬᠤ ᠶᠢ ᠰᠠᠶᠢᠨ ᠮᠡᠳᠡᠵᠦ᠂ ᠰᠠᠶᠢᠨ ᠲᠦᠷᠦᠯ | ᠲᠡᠮᠳᠡᠭ ᠲᠤ ᠪᠠᠰᠠ ᠰᠠᠶᠢᠨ ᠤᠬᠠᠭᠤᠯᠭ᠎ᠠ ᠬᠢᠵᠦ᠂ ᠬᠤᠨᠴᠢᠷ ᠤᠨ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠢᠶᠠᠷ | ᠭᠠᠷᠳᠠᠬᠤ ᠴᠡᠭ ᠪᠣᠯᠭᠠᠵᠤ᠂ ᠤᠮᠠᠷᠠᠲᠤ ᠥᠷᠭᠡᠷᠢᠭ ᠤᠨ ︽41° ᠤᠨ ᠭᠦᠶᠡᠩ ᠬᠠᠨᠳᠢᠪᠯᠠᠯ︾ ᠤᠨ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠡᠭᠦᠳᠴᠦ᠂ ︽ᠭᠦᠶᠡᠩ ᠠᠴᠠ ᠢᠷᠡᠭᠰᠡᠨ · ᠳᠡᠯᠡᠬᠡᠢ | ᠳ᠋ᠠᠬᠢᠨ ᠳᠤ ᠡᠷᠭᠦᠨ᠎ᠡ︾ ᠭᠡᠬᠦ ᠰᠠᠶᠢᠨ ᠰᠠᠶᠢᠬᠠᠨ ᠬᠦᠰᠡᠯ ᠡᠷᠡᠮᠡᠯᠵᠡᠯ ᠢ ᠢᠯᠡᠳᠬᠡᠵᠦ᠂ ᠲᠦᠷᠦᠯ ᠲᠡᠮᠳᠡᠭ ᠤᠨ ᠦᠨ᠎ᠡ | ᠥᠷᠲᠡᠭ ᠨᠢ 213.79 ᠳ᠋ᠦᠩᠰᠢᠭᠤᠷ ᠲᠥᠭᠦᠷᠢᠭ ᠲᠤ ᠬᠦᠷᠴᠦ᠂ ᠬᠤ᠋ ᠷᠦᠨ ᠪᠠᠶ ᠹᠦ᠋ ᠪᠦᠬᠦ ᠪᠥᠮᠪᠥᠷᠴᠡᠭ ᠤᠨ | ᠭᠠᠵᠠᠷ ᠤᠨ ᠲᠡᠮᠳᠡᠭ ᠤᠨ ᠰᠢᠯᠢᠳᠡᠭ ᠪᠦᠲᠦᠭᠡᠭᠳᠡᠬᠦᠨ ᠵᠡᠷᠭᠡ 14 ᠵᠦᠢᠯ ᠤᠨ ᠳᠡᠯᠡᠬᠡᠢ ᠶᠢᠨ ᠪᠠ ᠤᠯᠤᠰ ᠤᠨ | ᠳᠣᠲᠣᠭᠠᠳᠤ ᠶᠢᠨ ᠢᠷᠠᠭᠤ ᠠᠯᠳᠠᠷ ᠢ ᠬᠦᠷᠲᠡᠪᠡ᠃ | ᠠᠵᠤ ᠦᠢᠯᠡᠳᠪᠦᠷᠢ ᠶᠢᠨ ᠲᠡᠮᠦᠷ ᠤᠨ ᠬᠦᠩᠭᠡᠨᠴᠠᠭᠠᠨ ᠤ ᠲᠤᠰᠠᠭᠠᠷ ᠶᠡᠭᠡ ᠠᠵᠤ ᠦᠢᠯᠡᠰ ᠤᠨ ᠲᠤᠤᠷ᠎ᠠ | ᠲᠡᠰ ᠤᠨ ᠬᠥᠳᠡᠯᠭᠡᠬᠦ ᠡᠨᠧᠷᠭᠢ ᠬᠦᠷᠦᠯᠴᠡᠬᠦ ᠦᠭᠡᠢ ᠪᠠᠶᠢᠬᠤ ᠪᠠᠶᠢᠳᠠᠯ ᠤᠨ ᠡᠮᠦᠨ᠎ᠡ᠂ ᠲᠡᠷᠡ ︽ᠤᠯᠠᠨ ᠡᠰᠢᠵᠢᠨ | ᠬᠥᠭᠵᠢᠬᠦ᠂ ᠠᠭᠤᠰᠤᠯᠴᠠᠨ ᠬᠥᠭᠵᠢᠬᠦ︾ ᠤᠢᠢᠯᠠᠭᠠᠭᠳᠠᠬᠤᠨ ᠢ ᠳᠤᠷᠠᠳᠴᠤ᠂ ᠪᠤᠯᠤᠳ ᠲᠡᠮᠦᠷ᠂ ᠬᠦᠩᠭᠡᠨᠴᠠᠭᠠᠨ᠂ | ᠮᠠᠭᠨᠢ᠂ ᠮᠠᠩᠭᠠᠨ᠂ ᠵᠡᠰ᠂ ᠨᠢᠺᠧᠯ᠂ ᠯᠢᠲ᠋ᠢ ᠵᠡᠷᠭᠡ ᠲᠡᠮᠦᠷᠯᠢᠭ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠲᠥᠪᠯᠡᠷᠡᠯ ᠤᠨ ᠬᠠᠨᠳᠤᠰᠢ᠂ ᠲᠠᠯᠠᠰᠲᠤ ᠴᠠᠬᠢᠭᠤᠷ ᠤᠨ ᠭᠡᠷᠡᠯ ᠴᠡᠨᠡᠭ᠂ ᠰᠠᠯᠬᠢᠨ ᠬᠦᠴᠦᠨ ᠤ ᠴᠠᠬᠢᠯᠭᠠᠨ ᠤ | ᠲᠣᠨᠣᠭᠯᠠᠯ᠂ ᠤᠰᠤᠲᠥ᠋ᠷᠥᠭᠴᠢ ᠡᠨᠧᠷᠭᠢ ᠶᠢᠨ ᠡᠨᠧᠷᠭᠢ ᠬᠠᠳᠠᠭᠠᠯᠠᠬᠤ ᠵᠡᠷᠭᠡ ᠪᠣᠬᠢᠷᠲᠤᠯ ᠦᠭᠡᠢ ᠰᠢᠨ᠎ᠡ ᠡᠨᠧᠷᠭᠢ ᠶᠢᠨ | ᠠᠵᠤ ᠦᠢᠯᠡᠰ ᠤᠨ ᠬᠠᠨᠳᠤᠰᠢ ᠳᠤ ᠲᠤᠬᠢᠷᠠᠭᠤᠯᠤᠨ ᠬᠦᠳᠦᠯᠦᠨ ᠵᠢᠯᠣᠭᠤᠳᠴᠤ᠂ ᠪᠤᠳᠤᠬᠤ ᠬᠦᠴᠦᠨ ᠵᠡᠷᠭᠡ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠠᠵᠤ ᠦᠢᠯᠡᠰ ᠤᠨ ᠨᠥᠭᠡᠴᠡ ᠪᠠᠶᠢᠳᠠᠯ ᠢ ᠦᠨᠳᠦᠰᠦᠯᠡᠨ | ᠲᠠᠷᠬᠠᠭᠠᠬᠤ ᠪᠠᠷ ᠪᠠᠶᠢᠨ᠎ᠠ᠃ ᠵᠢᠨᠱᠠᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠨᠢ ᠤᠯᠤᠰ ᠤᠨ ᠪᠣᠬᠢᠷᠲᠤᠯ | ᠥᠬᠡᠶ ᠬᠦᠷᠢᠶᠡᠯᠡᠩ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠪᠠᠷ ᠴᠢᠩᠭ᠎ᠠ ᠪᠠᠶᠢᠭ᠎ᠠ ᠬᠦᠷᠢᠶᠡᠯᠡᠩ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ | ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠭᠡᠬᠦ ᠲᠤᠷᠰᠢᠯᠲᠠ ᠶᠢᠨ ᠬᠦᠷᠢᠶᠡᠯᠡᠩ ᠲᠣᠭᠤᠷᠢᠭ ᠢᠶᠠᠷ | ᠦᠨᠡᠯᠡᠭᠳᠡᠵᠦ᠂ ᠨᠢᠭᠡᠳᠦᠭᠡᠷ ᠲᠥᠷᠥᠯ ᠤᠨ ᠬᠦᠷᠢᠶᠡᠯᠡᠩ ᠲᠣᠭᠤᠷᠢᠭ ᠤᠨ ᠦᠨᠳᠦᠰᠦᠨ ᠨᠥᠬᠦᠴᠡᠯ ᠳᠤ ᠭᠦᠷᠦᠭᠰᠡᠨ | ᠪᠠᠶᠢᠨ᠎ᠠ᠃ | ᠲᠡᠷᠡ ᠤᠮᠠᠷᠠᠲᠤ ᠸᠧᠢ ᠬᠤᠸᠠᠢ ᠬᠤᠸᠠᠢ ᠱᠦᠸᠧ ᠬᠠᠭᠤᠴᠢᠨ ᠬᠤᠳᠠ ᠶᠢᠨ ᠮᠦᠽᠧᠢ ᠶᠢ ᠪᠦᠳᠦᠭᠡᠨ | ᠪᠠᠶᠢᠭᠤᠯᠬᠤ ᠶᠢ ᠠᠬᠢᠭᠤᠯᠵᠤ᠂ ᠪᠦᠬᠦ ᠤᠯᠤᠰ ᠤᠨ ᠠᠩᠬᠠᠳᠠᠭᠴᠢ ᠴᠢᠨ ᠤᠯᠤᠰ ᠤᠨ ᠤᠷᠲᠤ ᠴᠠᠭᠠᠨ ᠬᠡᠷᠡᠮ ᠤᠨ | ᠤᠯᠤᠰ ᠤᠨ ᠰᠣᠶᠣᠯ ᠤᠨ ᠴᠡᠴᠡᠷᠯᠢᠭ ᠢ ᠪᠠᠶᠢᠭᠤᠯᠵᠤ᠂ ᠪᠤᠭᠤᠲᠤ ᠶᠢᠨ ᠰᠣᠶᠣᠯ ᠵᠢᠭᠤᠯᠴᠢᠯᠠᠯ ᠤᠨ ᠰᠢᠨ᠎ᠡ ᠭᠠᠵᠠᠷ ᠤᠨ | ᠲᠡᠮᠳᠡᠭ᠂ ᠤᠮᠠᠷᠠᠲᠤ ᠬᠢᠯᠢ ᠶᠢᠨ ᠰᠣᠶᠣᠯ ᠤᠨ ᠰᠢᠨ᠎ᠡ ᠨᠡᠷ᠎ᠡ ᠶᠢᠨ ᠬᠠᠭᠤᠳᠠᠰᠤ ᠪᠣᠯᠵᠤ᠂ ︽ᠳᠤᠮᠳᠠᠳᠤ ᠤᠯᠤᠰ ᠤᠨ | ᠬᠠᠮᠤᠭ ᠤᠨ ᠭᠤᠶᠤ ᠬᠥᠳᠡᠭᠡ ᠲᠣᠰᠬᠤᠨ ᠤ ᠵᠢᠭᠤᠯᠴᠢᠯᠠᠯ ᠤᠨ ᠨᠡᠷᠡᠳᠦ ᠰᠢᠶᠠᠨ︾ ᠢᠶᠠᠷ ᠦᠨᠡᠯᠡᠭᠳᠡᠪᠡ᠃ 2024 | ᠣᠨ ᠳᠤ ᠪᠦᠬᠦ ᠰᠢᠶᠠᠨ ᠢᠶᠠᠷ ᠢᠶᠠᠨ ᠵᠤᠭᠠᠴᠠᠭᠰᠠᠳ ᠢ 105 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ | ᠠᠳᠠᠯᠢ ᠬᠤᠭᠤᠴᠠᠭᠠᠨ ᠤ ᠬᠢ ᠠᠴᠠ 59.5% ᠪᠠᠷ ᠨᠡᠮᠡᠭᠳᠡᠪᠡ᠃ | ᠲᠡᠷᠡ ᠬᠡᠵᠢᠶᠡᠳᠡ ᠠᠷᠠᠳ ᠲᠦᠮᠡᠨ ᠳᠤ ᠬᠠᠮᠤᠭ ᠤᠨ ᠡᠭᠡᠯ ᠪᠣᠷᠣᠭᠵᠢᠭᠤᠨ ᠰᠡᠳᠬᠢᠯᠭᠡ ᠡᠪᠦᠷᠯᠡᠵᠦ ᠪᠠᠶᠢᠳᠠᠭ᠃ | ᠭᠦᠶᠡᠩ ᠢᠷᠡᠵᠦ ᠠᠵᠢᠯᠯᠠᠭᠰᠠᠨ ᠤ ᠳᠠᠷᠠᠭ᠎ᠠ᠂ ᠮᠠᠰᠢ ᠣᠯᠠᠨ ᠭᠡᠷ ᠤᠨ ᠠᠬᠠᠮᠠᠳ ᠬᠡᠦᠬᠡᠳ ᠤᠨ ᠢᠶᠠᠨ ᠨᠠᠩ ᠰᠠᠶᠢᠨ | ᠰᠤᠷᠭᠠᠨ ᠬᠥᠮᠦᠵᠢᠯ ᠬᠦᠷᠲᠡᠬᠦ ᠶᠢᠨ ᠲᠥᠯᠥᠭᠡ᠂ ᠠᠷᠭ᠎ᠠ ᠪᠤᠰᠤ ᠭᠡᠷ ᠢᠶᠠᠨ ᠬᠠᠶᠠᠵᠤ ᠠᠵᠢᠯ ᠬᠠᠶᠠᠵᠤ᠂ ᠭᠠᠵᠠᠷ | ᠪᠣᠯᠭᠠᠨ ᠳᠤ ᠰᠤᠷᠭᠠᠭᠤᠯᠢ ᠰᠣᠩᠭᠤᠵᠤ᠂ ᠰᠡᠳᠬᠢᠯ ᠲᠦᠭᠦᠷᠡᠩ ᠪᠠᠶᠢᠯ᠎ᠠ᠃ ᠬᠡᠦᠬᠡᠳ ᠢᠶᠠᠨ ᠦᠯᠡᠳᠡᠭᠡᠪᠡᠯ ᠳᠠᠷᠤᠢ | ᠭᠦᠶᠡᠩ ᠤᠨ ᠢᠷᠡᠭᠡᠳᠦᠢ ᠶᠢ ᠦᠯᠡᠳᠡᠭᠡᠵᠦ ᠴᠢᠳᠠᠨ᠎ᠠ ᠭᠡᠳᠡᠭ ᠢ ᠲᠡᠷᠡ ᠰᠠᠶᠢᠨ ᠮᠡᠳᠡᠨ᠎ᠡ᠃ ᠡᠭᠦᠨ ᠳᠤ᠂ ᠲᠡᠷᠡ | ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠶᠡᠭᠡ ᠪᠠᠷ ᠳᠥᠯᠭᠢᠨ ᠠᠬᠢᠭᠤᠯᠵᠤ᠂ 3 ᠵᠢᠯ ᠳᠤ ᠳᠡᠭᠡᠳᠦ ᠱᠠᠲᠤᠨ ᠤ | ᠲᠤᠰᠬᠠᠶ ᠪᠠᠯᠠ ᠮᠥᠩᠭᠦ ᠶᠢ ᠨᠡᠶᠢᠲᠡ 6000 ᠲᠦᠮᠡᠨ ᠲᠥᠭᠦᠷᠢᠭ ᠣᠯᠵᠤ᠂ 314 ᠵᠠᠯᠠᠭᠤ ᠪᠠᠭᠰᠢ ᠶᠢ | ᠣᠷᠣᠭᠤᠯᠤᠨ ᠠᠪᠴᠢᠷᠠᠵᠤ᠂ 10 ᠵᠢᠯ ᠤᠨ ᠨᠡᠶᠢᠯᠡᠪᠦᠷᠢ ᠶᠢ ᠤᠷᠢᠳᠴᠢᠯᠠᠭᠤᠯᠪᠠ᠃ ᠪᠠᠭᠰᠢ ᠶᠢᠨ ᠱᠠᠩᠨᠠᠯ ᠤᠨ | ᠴᠢᠨᠠᠷᠲᠠᠶ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ᠂ ᠰᠤᠷᠭᠠᠭᠤᠯᠢ ᠶᠢᠨ ᠬᠦᠷᠢᠶᠡᠨ ᠤ ᠳᠠᠷᠤᠭ᠎ᠠ ᠶᠢᠨ | ᠥᠷᠢᠰᠦᠯᠳᠦᠨ ᠤᠷᠢᠬᠤ᠂ ᠰᠣᠶᠣᠯ ᠢᠷᠭᠡᠨᠰᠢᠯ ᠤᠨ ᠬᠠᠯᠠᠮᠵᠢᠯᠠᠯ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠶᠡᠬᠡᠪᠡᠷ ᠬᠡᠷᠡᠭᠵᠢᠭᠦᠯᠵᠦ᠂ ᠪᠠᠭᠰᠢ ᠶᠢᠨ ᠣᠯᠭᠤᠮᠵᠢ ᠶᠢᠨ ᠪᠠᠲᠤᠯᠠᠭ᠎ᠠ ᠪᠠ ᠠᠵᠢᠯ ᠤᠨ ᠢᠳᠡᠪᠬᠢᠵᠢᠯ ᠢ ᠶᠡᠬᠡᠪᠡᠷ | ᠳᠡᠭᠡᠭᠰᠢᠯᠡᠭᠦᠯᠪᠡ᠃ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠢᠩᠬᠢᠨᠢ | ᠠᠩᠭᠢ ᠶᠢᠨ ᠨᠣᠷᠮ᠎ᠠ ᠦᠷᠭᠦᠯᠵᠢᠯᠡᠨ 80% ᠣᠷᠴᠢᠮ ᠪᠠᠶᠢᠵᠤ᠂ ᠥᠷᠲᠡᠭ ᠨᠡᠮᠡᠭᠳᠡᠯ ᠤᠨ ᠦᠨᠡᠯᠡᠯᠲᠡ ᠨᠢ ᠪᠤᠭᠤᠲᠤ | ᠬᠤᠲᠠ ᠶᠢᠨ ᠨᠢᠭᠡᠳᠦᠭᠡᠷ ᠲᠤ ᠣᠷᠣᠪᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠵᠢᠩᠬᠢᠨᠢ | ᠠᠩᠭᠢ ᠶᠢᠨ ᠰᠦᠯᠵᠢᠶᠡᠨ ᠳᠤ ᠭᠠᠷᠤᠭᠰᠠᠨ ᠨᠣᠷᠮ᠎ᠠ 14 ᠵᠢᠯ ᠳᠠᠷᠠᠭᠠᠯᠠᠨ ᠪᠤᠭᠤᠲᠤ ᠬᠤᠲᠠ ᠶᠢᠨ ᠠᠳᠠᠯᠢ | ᠲᠥᠷᠥᠯ ᠤᠨ ᠰᠤᠷᠭᠠᠭᠤᠯᠢ ᠶᠢᠨ ᠨᠢᠭᠡᠳᠦᠭᠡᠷ ᠲᠤ ᠣᠷᠣᠪᠠ᠃ ᠣᠯᠠᠨ ᠲᠦᠮᠡᠨ ᠤ ᠭᠦᠶᠡᠩ ᠤᠨ ᠬᠥᠮᠦᠵᠢᠯ ᠳᠠᠬᠢ | ᠬᠠᠨᠤᠮᠵᠢ ᠶᠢᠨ ᠬᠡᠮᠵᠢᠶ᠎ᠡ ᠨᠢ 3 ᠵᠢᠯ ᠤᠨ ᠡᠮᠦᠨᠡᠬᠢ 73% ᠪᠠᠶᠢᠭᠰᠠᠨ ᠠᠴᠠ ᠪᠠᠨ ᠳᠡᠭᠡᠭᠰᠢᠯᠡᠭᠡᠳ ᠣᠳᠣ 95% | ᠪᠣᠯᠪᠠ᠃ | ᠲᠡᠷᠡ ᠭᠦᠶᠡᠩ ᠤᠨ ᠡᠮᠴᠢᠯᠡᠭᠡᠨ ᠤ ᠣᠯᠠᠨ ᠲᠦᠮᠡᠨ ᠳᠤ ᠦᠢᠯᠡᠴᠢᠯᠡᠬᠦ ᠲᠠᠯ᠎ᠠ ᠪᠠᠷ ᠪᠠᠰᠠ ᠮᠠᠰᠢ ᠶᠡᠭᠡ | ᠵᠥᠷᠢᠶ᠎ᠡ ᠲᠠᠢ ᠪᠠᠶᠢᠨ᠎ᠠ᠂ ᠭᠠᠭᠴᠠ ᠬᠦ ᠣᠨᠴᠠᠯᠢᠭ ᠢᠶᠠᠨ ᠪᠠᠳᠠᠷᠠᠭᠤᠯᠵᠤ᠂ ᠡᠷᠡᠭᠦᠯᠵᠢᠯ ᠰᠤᠪᠢᠯᠠᠯᠲᠠ ᠪᠠ ᠰᠡᠷᠭᠡᠶᠢᠯᠡᠨ | ᠬᠠᠮᠠᠭᠠᠯᠠᠬᠤ ᠬᠤᠶᠠᠷ ᠲᠠᠯ᠎ᠠ ᠶᠢ ᠠᠳᠬᠤᠪᠠᠯ ᠰᠠᠶ᠋ᠢ ᠣᠨᠣᠰᠢᠯᠠᠨ ᠡᠮᠨᠡᠬᠦ ᠴᠢᠳᠠᠪᠤᠷᠢ ᠶᠢᠨ ᠳᠡᠭᠡᠭᠰᠢᠯᠡᠯᠲᠡ ᠶᠢ ᠦᠨᠡᠨ ᠬᠦ | ᠳᠠᠶᠢᠴᠢᠯᠠᠵᠤ ᠴᠢᠳᠠᠨ᠎ᠠ᠂ ᠡᠭᠦᠨ ᠳᠤ ᠲᠡᠷᠡ ᠪᠥᠬᠦ ᠬᠤᠲᠠ ᠶᠢᠨ ᠬᠡᠪᠴᠢᠶᠡᠨ ᠳᠤ ᠰᠢᠶᠠᠨ ᠤ ᠱᠠᠲᠤᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠳᠠᠷᠤᠭ᠎ᠠ ᠶᠢ ᠢᠯᠡ ᠪᠠᠷ ᠠᠵᠢᠯᠲᠠᠨ ᠡᠯᠰᠡᠵᠦ᠂ ᠰᠢᠶᠠᠨ ᠤ | ᠬᠡᠪᠴᠢᠶᠡᠨ ᠤ ᠡᠮᠴᠢᠯᠡᠭᠡᠨ ᠤ ᠪᠠᠶᠢᠭᠤᠯᠤᠮᠵᠢ ᠳᠤ ᠤᠨᠴᠠᠯᠢᠬᠳᠤ ᠡᠷᠡᠭᠦᠯᠵᠢᠯ ᠰᠤᠪᠢᠯᠠᠯᠲᠠ ᠶᠢᠨ ᠲᠤᠰᠬᠠᠶ ᠰᠠᠯᠠᠭ᠎ᠠ ᠶᠢ | ᠪᠠᠶᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠰᠢᠶᠠᠨ ᠤ | ᠬᠡᠪᠴᠢᠶᠡᠨ ᠳᠤ ᠡᠪᠡᠳᠴᠢᠨ ᠦᠵᠡᠭᠦᠯᠬᠦ ᠨᠣᠷᠮ᠎ᠠ 30 ᠵᠠᠭᠤᠨ ᠤ ᠨᠢᠭᠡᠴᠢ ᠳᠡᠭᠡᠭᠰᠢᠯᠡᠵᠦ ᠴᠢᠳᠠᠨ᠎ᠠ ᠭᠡᠳᠡᠭ ᠢ | ᠲᠣᠳᠣᠷᠬᠠᠶ ᠲᠣᠭᠲᠠᠭᠠᠪᠠ᠃ | 10 ᠵᠢᠯ ᠬᠡᠷᠡᠭᠰᠡᠵᠦ ᠪᠠᠶᠢᠭ᠎ᠠ ᠲᠡᠮᠦᠷ ᠵᠠᠮ ᠤᠨ ᠲᠤᠰᠬᠠᠶ ᠱᠤᠭᠤᠮ ᠤᠨ ᠲᠥᠷᠥᠯ ᠵᠦᠢᠯ ᠢ ᠳᠠᠬᠢᠨ ᠡᠬᠢᠯᠡᠭᠦᠯᠵᠦ | ᠂ ᠣᠶᠢᠷ᠎ᠠ ᠶᠢᠨ 10 ᠵᠢᠯ ᠳᠤ ᠭᠠᠳᠠᠭᠠᠳᠤ ᠪᠡᠯᠡ ᠶᠢᠨ ᠲᠡᠭᠰᠢᠷᠡᠵᠦ ᠳᠡᠶᠢᠯᠦᠭᠰᠡᠨ ᠦᠭᠡᠶ ᠪᠠᠶᠢᠳᠠᠯ ᠡᠪᠳᠡᠭᠳᠡᠵᠦ᠂ | ᠸᠧᠨ ᠭᠧ ᠴᠢ ᠲᠡᠮᠦᠷ ᠤᠨ ᠠᠭᠤᠷᠬᠠᠶ ᠶᠢᠨ 20 ᠭᠠᠷᠤᠶ ᠵᠢᠯ ᠲᠠᠰᠤᠯᠤᠭᠠᠳᠤᠶ ᠲᠥᠷᠥᠯ ᠵᠦᠢᠯ ᠲᠣᠭᠲᠠᠭᠠᠬᠤ ᠭᠠᠷ | ᠭᠦᠢᠴᠡᠳᠬᠡᠯ ᠤᠨ ᠠᠰᠠᠭᠤᠳᠠᠯ ᠰᠢᠢᠳᠪᠦᠷᠢᠯᠡᠭᠳᠡᠵᠦ᠂ ᠪᠥᠬᠦ ᠰᠢᠶᠠᠨ ᠤ ᠥᠷᠢ ᠥᠭᠴᠡᠭᠡᠨ ᠤ ᠲᠦᠭᠰᠢᠭᠦᠷᠢ ᠶᠢᠨ | ᠵᠡᠷᠭᠡ ᠳᠡᠰ ᠢ ᠤᠯᠠᠭᠠᠨ ᠵᠦᠷᠵᠢ ᠶᠢᠨ ᠰᠠᠶᠢᠨ ᠠᠴᠠ ᠪᠠᠭᠤᠷᠠᠭᠤᠯᠬᠤ ᠶᠢ ᠦᠷᠭᠦᠯᠵᠢᠯᠡᠨ ᠪᠡᠶᠡᠯᠡᠭᠦᠯᠪᠡ ᠁ | ᠶᠣᠣ ᠵᠢᠶᠦ᠋ᠨ ᠵᠢᠶᠧ ᠰᠤᠷᠪᠤᠯᠵᠢᠯᠠᠭᠴᠢ ᠳᠤ ᠬᠡᠯᠡᠬᠦ ᠳᠡᠭᠡᠨ᠄ ᠠᠮᠵᠢᠯᠲᠠ ᠪᠦᠲᠦᠮᠵᠢ ᠥᠩᠭᠡᠷᠡᠭᠰᠡᠨ ᠳᠤ | ᠬᠠᠷᠢᠶᠠᠯᠠᠭᠳᠠᠨ᠎ᠠ᠂ ᠪᠢ ᠴᠠᠭ ᠢᠮᠠᠭᠲᠠ ᠴᠠᠭ ᠲᠤᠬᠠᠢ ᠳᠤᠨᠢ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠨ | ᠪᠠᠲᠤᠯᠠᠵᠤ᠂ ᠪᠣᠳᠠᠲᠠᠢ ᠠᠵᠢᠯᠯᠠᠬᠤ ᠶᠢ ᠠᠳᠬᠤᠨ ᠰᠢᠨ᠎ᠡ ᠶᠢ ᠡᠭᠦᠳᠬᠦ ᠠᠵᠢᠯ ᠤᠨ ᠣᠪᠣᠷ ᠢ ᠪᠤᠢ ᠪᠣᠯᠭᠠᠵᠤ᠂ | ᠦᠨᠡᠨ ᠠᠴᠠ ᠵᠥᠪ ᠢ ᠡᠷᠢᠭᠰᠡᠨ ᠰᠠᠭᠤᠷᠢᠨ ᠳᠡᠭᠡᠷ᠎ᠡ ᠠᠵᠢᠯ ᠢᠶᠠᠨ ᠪᠦᠲᠦᠭᠡᠯᠴᠢ ᠪᠠᠷ ᠥᠷᠨᠢᠭᠦᠯᠵᠦ᠂ ᠥᠪᠡᠷᠲᠡᠭᠡᠨ | ᠵᠠᠰᠠᠬᠤ ᠣᠷᠣᠨ ᠤ ᠰᠢᠨ᠎ᠡ ᠵᠠᠮ ᠢᠶᠠᠷ ᠵᠠᠮᠨᠠᠵᠤ ᠳᠤᠮᠳᠠ ᠤᠮᠪᠠᠯᠲᠠ ᠳᠤ ᠣᠷᠣᠵᠤ᠂ ᠪᠤᠭᠤᠲᠤ ᠬᠤᠳᠠ ᠶᠢᠨ | ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠲᠠᠬᠢᠨ ᠪᠤᠴᠠᠵᠤ ᠬᠦᠴᠦᠨ ᠴᠢᠳᠠᠯ ᠢᠶᠠᠨ ᠡᠷᠭᠦᠨ᠎ᠡ︕ | |