ᠣᠶᠢᠷ᠎ᠠ ᠳᠤ᠂ ᠶᠢᠨ ᠬᠤᠤ ᠪᠠᠯᠭᠠᠰᠤᠨ ᠤ ᠳ᠋ᠧ ᠴᠧᠩ ᠶᠥᠩ ᠲᠣᠰᠬᠤᠨ ᠪᠠᠢ ᠨᠢᠶᠣᠤ ᠵᠢᠭᠠᠰᠤᠨ ᠬᠠᠰᠢᠶ᠎ᠠ ᠶᠢ | ᠥᠷᠭᠡᠳᠬᠡᠨ ᠪᠠᠶᠢᠭᠤᠯᠬᠤ ᠵᠢᠴᠢ ᠰᠠᠭᠤᠷᠢ ᠲᠥᠬᠦᠭᠡᠷᠦᠮᠵᠢ ᠶᠢᠨ ᠳᠡᠰ ᠳᠡᠪᠰᠢᠭᠦᠯᠬᠦ ᠲᠥᠷᠥᠯ ᠵᠦᠢᠯ ᠢ ᠵᠢᠩᠬᠢᠨᠢ ᠪᠠᠷ | ᠡᠬᠢᠯᠡᠭᠦᠯᠪᠡ᠃ ᠲᠤᠰ ᠲᠥᠷᠥᠯ ᠤᠨ ᠶᠡᠷᠦᠩᠬᠡᠢ ᠪᠡᠯᠡ ᠣᠷᠣᠭᠤᠯᠤᠯᠲᠠ ᠨᠢ 172 ᠲᠦᠮᠡᠨ ᠲᠥᠭᠦᠷᠢᠭ ᠤᠨ | ᠲᠠᠷᠢᠶᠠᠯᠠᠩ ᠵᠤᠭᠠᠴᠠᠯ ᠢ ᠠᠭᠤᠰᠤᠯᠴᠠᠭᠤᠯᠬᠤ ᠢᠨᠵᠧᠨᠧᠷᠢᠩ ᠢᠶᠠᠷ ᠳᠠᠮᠵᠢᠭᠤᠯᠤᠨ᠂ ︽ᠨᠠᠮ ᠤᠨ ᠡᠭᠦᠷ ᠬᠤᠷᠰᠢᠶ᠎ᠡ | ᠲᠠᠷᠢᠶᠠᠴᠢᠨ ᠡᠷᠦᠬᠡ︾ ᠶᠢᠨ ᠰᠢᠨ᠎ᠡ ᠶᠢ ᠡᠭᠦᠳᠬᠦ ᠵᠠᠭᠪᠤᠷ ᠢᠶᠠᠷ ᠳᠠᠮᠵᠢᠭᠤᠯᠤᠨ᠂ ᠵᠢᠱᠢᠯᠲᠡ ᠪᠠᠷ ᠪᠠᠶᠢᠭᠤᠯᠤᠭᠰᠠᠨ ᠤ | ᠳᠠᠷᠠᠭ᠎ᠠ ᠵᠢᠯ ᠪᠦᠷᠢ ᠳᠤᠮᠳᠠᠴᠢ ᠪᠠᠷ 10 ᠲᠦᠮᠡᠨ ᠲᠥᠭᠦᠷᠢᠭ ᠨᠡᠮᠡᠭᠳᠡᠵᠦ᠂ 665 ᠡᠷᠦᠬᠡ ᠶᠢᠨ 1443 | ᠲᠣᠰᠬᠤᠨ ᠤ ᠠᠷᠠᠳ ᠲᠤ ᠠᠰᠢᠭ ᠬᠦᠷᠲᠡᠭᠡᠵᠦ᠂ ᠤᠮᠠᠷᠠᠲᠤ ᠬᠢᠯᠢ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃ | ᠶᠢᠨ ᠬᠤᠤ ᠪᠠᠢ ᠨᠢᠶᠤᠤ ᠵᠢᠭᠠᠰᠤᠨ ᠬᠠᠰᠢᠶ᠎ᠠ ᠶᠢ ᠥᠷᠭᠡᠳᠬᠡᠨ ᠪᠠᠶᠢᠭᠤᠯᠬᠤ ᠢᠨᠵᠧᠨᠧᠷᠢᠩ ᠨᠢ ︽ᠳᠥᠷᠪᠡᠨ | ᠶᠡᠭᠡ ᠳᠡᠰ ᠳᠡᠪᠰᠢᠭᠦᠯᠬᠦ ᠠᠵᠢᠯᠯᠠᠭ᠎ᠠ︾ ᠳᠤ ᠠᠩᠬᠠᠷᠤᠯ ᠢᠶᠠᠨ ᠲᠥᠪᠯᠡᠷᠡᠭᠦᠯᠪᠡ᠄ ᠰᠢᠨ᠎ᠡ ᠪᠠᠷ ᠪᠠᠶᠢᠭᠤᠯᠤᠭᠰᠠᠨ | ᠨᠣᠮ ᠤᠨ ᠥᠷᠥᠭᠡ ᠶᠢᠨ ᠠᠷᠠᠳ ᠤᠨ ᠪᠠᠭᠤᠳᠠᠯ᠂ ᠰᠠᠨᠰᠠᠷ ᠤᠨ ᠥᠷᠥᠭᠡ ᠵᠢᠴᠢ ᠮᠠᠶᠢᠬᠠᠨ ᠤ ᠬᠤᠸᠠᠷᠠᠨ ᠵᠡᠷᠭᠡ | ᠭᠠᠵᠠᠷ ᠲᠤ ᠣᠨᠴᠠᠯᠢᠭᠲᠤ ᠬᠤᠨᠣᠭᠯᠠᠬᠤ ᠰᠢᠰᠲ᠋ᠧᠮ ᠢ ᠪᠠᠶᠢᠭᠤᠯᠪᠠ︔ ᠲᠦᠭᠡᠭᠡᠯ ᠤᠰᠤᠨ ᠤ ᠰᠢᠰᠲ᠋ᠧᠮ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢ ᠳᠡᠰ ᠳᠡᠪᠰᠢᠭᠦᠯᠦᠨ ᠦᠢᠯᠡᠴᠢᠯᠡᠭᠡᠨ ᠤ ᠰᠠᠭᠤᠷᠢ ᠶᠢ | ᠪᠠᠬᠢᠵᠢᠭᠦᠯᠦᠨ᠎ᠡ︔ ᠬᠥᠳᠡᠭᠡ ᠲᠣᠰᠬᠤᠨ ᠤ ᠨᠣᠮ ᠤᠨ ᠥᠷᠥᠭᠡ ᠵᠡᠷᠭᠡ ᠰᠣᠶᠣᠯ ᠤᠨ ᠣᠷᠣᠨ ᠵᠠᠢ ᠶᠢ ᠡᠭᠦᠳᠴᠦ | ᠰᠣᠶᠣᠯ ᠵᠢᠭᠤᠯᠴᠢᠯᠠᠯ ᠤᠨ ᠠᠭᠤᠰᠤᠯᠴᠠᠯ ᠢ ᠭᠦᠨᠵᠡᠭᠡᠶᠢᠷᠡᠭᠦᠯᠦᠨ᠎ᠡ︔ ︽ᠰᠠᠭᠤᠷᠢ ᠶᠢ ᠪᠠᠲᠤᠯᠠᠵᠤ ᠠᠰᠢᠭ | ᠣᠷᠣᠯᠭ᠎ᠠ ᠶᠢ ᠬᠠᠮᠲᠤ ᠪᠠᠷ ᠬᠦᠷᠲᠡᠬᠦ︾ ᠲᠣᠭᠲᠠᠴᠠ ᠶᠢ ᠪᠠᠶᠢᠭᠤᠯᠵᠤ ᠲᠠᠷᠢᠶᠠᠯᠠᠩ ᠲᠤᠰᠠᠯᠠᠬᠤ ᠠᠵᠤ ᠠᠬᠤᠢ ᠶᠢᠨ | ᠪᠦᠲᠦᠭᠡᠭᠳᠡᠬᠦᠨ ᠤ ᠪᠣᠷᠣᠯᠠᠭᠤᠯᠭ᠎ᠠ ᠶᠢ ᠰᠢᠯᠤᠭᠤᠳᠬᠠᠨ᠎ᠠ᠃ ᠲᠥᠷᠥᠯ ᠵᠦᠢᠯ ᠨᠢ ᠣᠨᠴᠠᠭᠠᠶᠢᠯᠠᠨ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ᠶᠢ ᠤᠷᠢᠳᠠᠪᠠᠷ ᠠᠵᠢᠯ ᠣᠯᠭᠤᠬᠤ ᠵᠠᠮ ᠢ ᠪᠠᠶᠢᠭᠤᠯᠵᠤ᠂ 58 ᠡᠷᠦᠬᠡ ᠶᠠᠳᠠᠭᠤ ᠠᠴᠠ | ᠠᠩᠭᠢᠵᠢᠷᠠᠭᠰᠠᠨ ᠡᠷᠦᠬᠡ᠂ 32 ᠬᠢᠨᠠᠨ ᠬᠡᠮᠵᠢᠬᠦ ᠡᠷᠦᠬᠡ ᠶᠢᠨ ᠲᠣᠭᠲᠠᠭᠤᠨ ᠢᠶᠠᠷ ᠠᠰᠢᠭ ᠬᠦᠷᠲᠡᠬᠦ ᠶᠢ ᠦᠨᠡᠨᠬᠦ | ᠪᠠᠲᠤᠯᠠᠪᠠ᠃ | ᠶᠢᠨ ᠬᠤᠤ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠥᠷᠥᠯ | ᠵᠦᠢᠯ ᠨᠢ 2025 ᠣᠨ ᠤ 4 ᠰᠠᠷ᠎ᠠ ᠳᠤ ᠠᠵᠢᠯ ᠡᠬᠢᠯᠡᠭᠦᠯᠵᠦ᠂ 7 ᠰᠠᠷ᠎ᠠ ᠳᠤ ᠰᠢᠯᠭᠠᠨ ᠬᠤᠷᠢᠶᠠᠬᠤ ᠪᠠᠷ | ᠲᠥᠯᠥᠪᠯᠡᠵᠦ᠂ ᠲᠠᠷᠢᠵᠤ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠᠷ | ᠳᠠᠮᠵᠢᠭᠤᠯᠤᠨ᠂ ᠠᠮᠢ ᠠᠬᠤᠢ ᠶᠢᠨ ᠰᠤᠳᠤᠯᠤᠨ ᠰᠤᠷᠤᠯᠴᠠᠬᠤ᠂ ᠲᠠᠷᠢᠶᠠᠯᠠᠩ ᠤᠨ ᠶᠠᠪᠤᠳᠠᠯ ᠢ ᠣᠶᠢᠯᠠᠭᠠᠬᠤ ᠵᠡᠷᠭᠡ | ᠨᠡᠶᠢᠯᠡᠮᠡᠯ ᠡᠵᠡᠩᠨᠡᠯᠲᠡ ᠶᠢᠨ ᠪᠠᠶᠢᠳᠠᠯ ᠢ ᠨᠡᠭᠡᠭᠡᠨ ᠬᠥᠭᠵᠢᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠢ ᠠᠳᠠᠯᠢ | ᠴᠢᠨᠠᠷ ᠲᠠᠢ ᠪᠣᠯᠭᠠᠬᠤ ᠪᠠᠷ ᠲᠥᠯᠥᠪᠯᠡᠵᠦ ᠪᠠᠶᠢᠨ᠎ᠠ᠃ | ᠳ᠋ᠧ ᠴᠧᠩ ᠶᠥᠩ ᠲᠣᠰᠬᠤᠨ ︽ᠭᠦᠶᠡᠩ ᠰᠢᠶᠠᠨ ᠤ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ︾ ᠪᠣᠯᠤᠭᠰᠠᠨ ᠤ ᠬᠤᠪᠢ ᠳᠤ᠂ ᠲᠡᠭᠦᠨ ᠢ ᠵᠠᠯᠠᠭᠤᠵᠢᠭᠤᠯᠬᠤ᠂ ᠥᠨᠳᠥᠷ ᠰᠤᠷᠤᠯᠭ᠎ᠠ ᠶᠢᠨ | ᠨᠠᠮᠲᠠᠷ ᠲᠠᠢ ᠲᠣᠰᠬᠤᠨ ᠤ ᠬᠤᠶᠠᠷ ᠵᠥᠪᠯᠡᠯ ᠤᠨ ᠤᠳᠤᠷᠢᠳᠬᠤ ᠪᠠᠭ ᠴᠢᠩᠭ᠎ᠠ ᠬᠡᠷᠡᠭᠵᠢᠭᠦᠯᠬᠦ ᠬᠦᠴᠦᠨ ᠢᠶᠠᠨ | ᠢᠯᠡᠷᠡᠭᠦᠯᠪᠡ᠃ 5 ᠨᠡᠷᠡᠰ ᠳᠤᠮᠳᠠᠴᠢ ᠪᠠᠷ 44 ᠨᠠᠰᠤ᠂ 80% ᠶᠢᠨ ᠳᠡᠭᠡᠳᠦ ᠵᠡᠷᠭᠡ ᠶᠢᠨ ᠲᠤᠰᠬᠠᠢ | ᠮᠡᠷᠭᠡᠵᠢᠯ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠤᠳᠤᠷᠢᠳᠬᠤ ᠪᠠᠭ ᠤᠨ ᠪᠦᠷᠢᠯᠳᠦᠬᠦᠨ᠂ ᠲᠣᠰᠬᠤᠨ ᠤ | ᠠᠷᠠᠳ ᠢ ᠳᠠᠭᠠᠭᠤᠯᠤᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ᠂ ᠠᠮᠢ ᠠᠬᠤᠢ ᠶᠢᠨ ᠲᠡᠵᠢᠭᠡᠨ ᠦᠷᠡᠵᠢᠭᠦᠯᠬᠦ ᠵᠡᠷᠭᠡ | ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ 2023 ᠣᠨ ᠤ ᠡᠵᠡᠩᠨᠡᠯᠲᠡ ᠶᠢᠨ ᠴᠢᠨᠠᠷᠲᠠᠢ ᠣᠷᠣᠯᠭ᠎ᠠ 35 | ᠲᠦᠮᠡᠨ ᠲᠥᠭᠦᠷᠢᠭ ᠢ ᠳᠠᠪᠠᠵᠤ᠂ ᠲᠣᠰᠬᠤᠨ ᠤ ᠱᠠᠲᠤᠨ ᠤ ᠡᠳ᠋ ᠤᠨ ᠶᠠᠪᠤᠳᠠᠯ ᠤᠨ ︽ᠳᠥᠷᠪᠡ ᠶᠢ ᠵᠥᠪᠯᠡᠵᠦ | ᠬᠤᠶᠠᠷ ᠢ ᠢᠯᠡ ᠪᠣᠯᠭᠠᠬᠤ︾ ᠢᠯᠡ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠪᠡ᠃ | ᠪᠦᠷᠢᠳᠬᠡᠯ ᠠᠴᠠ ᠦᠵᠡᠪᠡᠯ᠂ ᠲᠤᠰ ᠲᠣᠰᠬᠤᠨ ᠲᠠᠷᠢᠶᠠᠯᠠᠩ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠪᠠᠷ | ᠳᠠᠮᠵᠢᠭᠤᠯᠤᠨ᠂ ᠨᠢᠭᠡᠨᠲᠡ ︽ᠠᠵᠢᠯ ᠣᠯᠭᠤᠯᠲᠠ ᠨᠢ ᠠᠰᠢᠭ ᠬᠤᠪᠢᠶᠠᠬᠤ ᠪᠠᠲᠤᠯᠠᠭ᠎ᠠ ᠪᠣᠷᠣᠯᠠᠭᠤᠯᠭ᠎ᠠ ᠶᠢᠨ | ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ︾ ᠪᠣᠰᠤᠭ᠎ᠠ ᠴᠣᠭᠴᠠᠲᠤ ᠣᠷᠣᠯᠭ᠎ᠠ ᠶᠢᠨ ᠨᠡᠮᠡᠭᠳᠡᠯ ᠤᠨ ᠰᠦᠯᠵᠢᠶ᠎ᠡ ᠶᠢ | ᠪᠣᠢ ᠪᠣᠯᠭᠠᠪᠠ᠃ 2023 ᠣᠨ ᠳᠤ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠶᠢᠨ ᠳᠣᠲᠣᠷ᠎ᠠ᠂ | 40% ᠶᠢ ᠨᠢ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠬᠤ ᠳᠤ ᠬᠡᠷᠡᠭᠯᠡᠵᠦ᠂ 30% ᠶᠢ ᠨᠢ ᠠᠵᠤ ᠦᠢᠯᠡᠰ ᠤᠨ | ᠳᠡᠰ ᠳᠡᠪᠰᠢᠬᠦ ᠶᠢ ᠳᠡᠮᠵᠢᠵᠦ᠂ 20% ᠶᠢ ᠨᠢ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠰᠠᠭᠤᠷᠢ ᠮᠥᠩᠭᠦ ᠪᠠᠶᠢᠭᠤᠯᠵᠤ᠂ | 10% ᠶᠢ ᠨᠢ ᠲᠣᠰᠬᠤᠨ ᠤ ᠠᠷᠠᠳ ᠤᠨ ᠠᠰᠢᠭ ᠬᠤᠪᠢᠶᠠᠷᠢᠯᠠᠬᠤ ᠳᠤ ᠬᠡᠷᠡᠭᠯᠡᠵᠦ᠂ ᠠᠰᠢᠭ ᠲᠤᠰᠠ ᠶᠢ | ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠎ᠠ᠃ | | | | | | ᠪᠠᠢ ᠨᠢᠶᠤᠤ ᠵᠢᠭᠠᠰᠤᠨ ᠤ ᠪᠠᠶᠢᠷᠢ ᠶᠢᠨ ᠲᠥᠷᠥᠯ ᠵᠦᠢᠯ ᠤᠨ ᠠᠬᠢᠭᠤᠯᠣᠯᠳᠠ ᠶᠢ ᠳᠠᠭᠠᠯᠳᠤᠨ᠂ ᠡᠨᠡ ᠬᠦ | ᠤᠮᠠᠷᠠᠲᠤ ᠬᠢᠯᠢ ᠶᠢᠨ ᠲᠤᠰᠬᠤᠨ ︽ᠠᠮᠢ ᠠᠬᠤᠢ ᠰᠠᠶᠢᠬᠠᠨ᠂ ᠠᠵᠤ ᠦᠢᠯᠡᠰ ᠬᠥᠭᠵᠢᠨ ᠮᠠᠨᠳᠤᠵᠤ᠂ ᠠᠷᠠᠳ ᠣᠯᠠᠨ | ᠪᠠᠶᠠᠵᠢᠭᠰᠠᠨ︾ ᠰᠢᠨ᠎ᠡ ᠵᠢᠷᠤᠭ ᠢ ᠶᠠᠭ ᠵᠢᠷᠤᠭᠯᠠᠵᠤ ᠪᠠᠶᠢᠨ᠎ᠠ᠃ ᠶᠢᠨ ᠬᠤᠤ ᠪᠠᠯᠭᠠᠰᠤᠨ ᠤ ᠨᠠᠮ ᠤᠨ ᠬᠤᠷᠢᠶᠠᠨ ᠤ | ᠱᠦᠵᠢ ᠢᠯᠡᠷᠬᠡᠶᠢᠯᠡᠬᠦ ᠳᠡᠭᠡᠨ᠂ ᠡᠭᠦᠨ ᠢᠶᠠᠷ ᠬᠠᠭᠤᠯᠪᠤᠷᠢᠯᠠᠵᠤ ᠪᠣᠯᠬᠤ ᠲᠠᠷᠢᠶᠠᠯᠠᠩ ᠵᠢᠭᠤᠯᠴᠢᠯᠠᠯ ᠤᠨ | ᠠᠭᠤᠰᠤᠯᠴᠠᠯ ᠤᠨ ᠵᠠᠭᠪᠤᠷ ᠢ ᠪᠣᠢ ᠪᠣᠯᠭᠠᠵᠤ᠂ ︽ᠴᠢᠰᠤ ᠶᠡᠭᠦᠯᠡᠬᠦ︾ ᠠᠴᠠ ︽ᠴᠢᠰᠤ ᠪᠦᠲᠦᠭᠡᠬᠦ︾ ᠬᠦᠷᠲᠡᠯᠡᠬᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠨᠡᠩ ᠣᠯᠠᠨ ᠮᠠᠯᠴᠢᠨ | ᠲᠠᠷᠢᠶᠠᠴᠢᠨ ᠳᠤ ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠡᠳ᠋ᠯᠡᠭᠦᠯᠦᠨ᠎ᠡ ᠭᠡᠵᠡᠢ᠃ | |