ᠳᠡᠯᠡᠬᠡᠢ ᠶᠢᠨ ᠨᠣᠮ ᠤᠩᠰᠢᠬᠤ ᠡᠳᠦᠷ ᠬᠦᠷᠴᠦ ᠢᠷᠡᠬᠦ ᠲᠠᠰᠢᠷᠠᠮ ᠢᠶᠠᠷ᠂ ᠬᠤᠸᠠᠢ ᠱᠦᠸᠧ ᠪᠠᠯᠭᠠᠰᠤ ᠶᠢᠨ ᠶᠠᠩ | ᠸᠠᠨ ᠲᠣᠰᠬᠤᠨ ᠤ ᠲᠠᠯ᠎ᠠ ᠨᠤᠲᠤᠭ ᠤᠨ ᠨᠣᠮ ᠤᠨ ᠥᠷᠥᠭᠡ᠂ ᠬᠡᠪᠯᠡᠯ ᠤᠨ ᠡᠷᠬᠡ ᠶᠢᠨ ᠦᠢᠯᠡᠴᠢᠯᠡᠭᠡᠨ ᠤ | ᠥᠷᠲᠡᠭᠡ ᠳᠤ ᠨᠢᠭᠡ ᠤᠳᠠᠭ᠎ᠠ ᠶᠢᠨ ᠥᠪᠡᠷᠮᠢᠴᠡ ᠣᠨᠴᠠᠯᠢᠭ ᠲᠠᠢ ︽ᠰᠢᠪᠠᠷ ᠰᠢᠷᠣᠢ ᠶᠢᠨ ᠨᠣᠮ ᠤᠨ ᠦᠨᠦᠷ | ᠬᠠᠩᠬᠤᠯᠤᠭᠰᠠᠨ ᠤᠩᠰᠢᠯᠭ᠎ᠠ ᠶᠢᠨ ᠬᠤᠷᠠᠯ︾ ᠢ ᠡᠷᠬᠢᠯᠡᠵᠦ᠂ ᠲᠣᠰᠬᠤᠨ ᠤ ᠨᠠᠮ ᠤᠨ ᠭᠡᠰᠢᠭᠦᠨ᠂ ᠨᠣᠮ ᠤᠩᠰᠢᠬᠤ | ᠳᠤᠷᠠᠲᠠᠢ ᠬᠥᠮᠦᠰ ᠢ ᠤᠷᠢᠵᠤ ᠬᠠᠮᠲᠤ ᠪᠠᠷ ᠣᠷᠣᠯᠴᠠᠭᠤᠯᠵᠤ᠂ ᠨᠣᠮ ᠤᠩᠰᠢᠬᠤ ᠪᠠᠷ ᠣᠶᠤᠨ ᠤᠬᠠᠭᠠᠨ ᠢ | ᠳᠠᠮᠵᠢᠭᠤᠯᠵᠤ᠂ ᠨᠣᠮ ᠤᠨ ᠦᠨᠦᠷ ᠠᠮᠲᠠ ᠪᠠᠷ ᠬᠥᠳᠡᠭᠡ ᠲᠣᠰᠬᠤᠨ ᠢ ᠤᠮᠳᠠᠯᠠᠪᠠ᠃ | ᠬᠥᠳᠡᠯᠭᠡᠭᠡᠨ ᠠᠴᠠ ᠡᠮᠦᠨᠡᠬᠡᠨ᠂ ᠬᠤᠸᠠᠢ ᠱᠦᠸᠧ ᠪᠠᠯᠭᠠᠰᠤ ︽ᠨᠡᠭᠦᠳᠡᠯ ᠤᠩᠰᠢᠯᠭ᠎ᠠ ᠶᠢᠨ ᠴᠡᠭ︾ ᠤᠨ | ᠵᠢᠭᠠᠯᠲᠠ ᠶᠢᠨ ᠫᠠᠶᠢᠰᠠ ᠶᠢ ᠡᠪᠦᠷᠯᠡᠨ᠂ ᠪᠦᠬᠦ ᠪᠠᠯᠭᠠᠰᠤᠨ ᠤ ᠡᠯ᠎ᠡ ᠥᠨᠴᠥᠭ ᠪᠤᠯᠤᠩ ᠢᠶᠠᠷ ᠶᠠᠪᠤᠵᠤ᠂ ᠨᠣᠮ | ᠤᠩᠰᠢᠬᠤ ᠳᠤᠷᠠᠲᠠᠢ ᠲᠣᠰᠬᠤᠨ ᠤ ᠠᠷᠠᠳ᠂ ᠠᠬᠠᠮᠠᠳ ᠨᠠᠮ ᠤᠨ ᠭᠡᠰᠢᠭᠦᠨ᠂ ᠴᠡᠷᠢᠭ ᠠᠴᠠ ᠬᠠᠯᠠᠭᠳᠠᠭᠰᠠᠳ᠂ | ᠦᠢᠯᠡᠰ ᠪᠤᠰᠬᠠᠬᠤ ᠵᠠᠯᠠᠭᠤᠴᠤᠳ ᠪᠣᠯᠤᠨ ᠡᠮᠡᠭᠲᠡᠶᠢᠴᠦᠳ ᠬᠡᠦᠬᠡᠳ ᠲᠣᠭᠤᠷᠢᠨ ᠦᠵᠡᠵᠦ᠂ ᠲᠡᠳᠡᠨ ᠤ | ᠤᠩᠰᠢᠯᠭ᠎ᠠ ᠶᠢᠨ ᠪᠠᠷ᠎ᠠ ᠲᠡᠮᠳᠡᠭᠯᠡᠪᠡ᠃ ᠸᠢᠳᠢᠣ᠋ ᠳᠤ᠂ ᠲᠣᠰᠬᠤᠨ ᠤ ᠠᠷᠠᠳ ︽ᠤᠯᠤᠰ ᠪᠠᠶᠢᠭᠤᠯᠬᠤ ᠶᠡᠭᠡ ᠦᠢᠯᠡᠰ︾᠂ ︽ | ᠰᠢ ᠶᠢᠨ ᠫᠢᠩ ᠡᠭᠡᠯ ᠠᠷᠠᠳ ᠤᠨ ᠭᠡᠷ ᠲᠤ ᠣᠴᠢᠬᠤ︾᠂ ︽ᠳᠤᠮᠳᠠᠳᠤ ᠤᠯᠤᠰ ᠤᠨ ᠴᠢᠨᠡᠭᠡᠯᠢᠭ ᠵᠠᠮ - ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠠᠯᠠᠮᠰᠢᠯ | ᠠᠰᠠᠭᠤᠳᠠᠯ ᠢ ᠰᠤᠳᠤᠯᠬᠤ︾ ᠵᠡᠷᠭᠡ ᠨᠣᠮ ᠪᠢᠴᠢᠭ ᠢ ᠡᠷᠭᠦᠨ ᠮᠠᠭᠲᠠᠬᠤ ᠪᠤᠶᠤ ᠰᠡᠳᠬᠢᠯ ᠰᠠᠨᠠᠭ᠎ᠠ ᠪᠠᠨ | ᠲᠥᠪᠯᠡᠷᠡᠭᠦᠯᠦᠨ ᠨᠠᠷᠢᠨ ᠤᠩᠰᠢᠬᠤ᠂ ᠡᠰᠡᠬᠦᠯ᠎ᠡ ᠭᠦᠨ ᠰᠡᠳᠬᠢᠯᠭᠡ ᠲᠠᠢ ᠪᠠᠷ ᠤᠶᠠᠩᠭᠠᠯᠠᠨ ᠤᠩᠰᠢᠬᠤ᠂ ᠰᠢᠯᠦᠭ | ᠳᠠᠭᠤᠯᠠᠯ ᠤᠨ ᠨᠠᠶᠢᠷᠠᠭᠤᠯᠤᠯ ︽ᠪᠤᠭᠤᠳᠠᠢ ᠶᠢᠨ ᠳᠠᠪᠠᠯᠭᠠᠨ ᠦᠯᠢᠶᠡᠯ︾ ᠭᠡᠬᠦ ᠢᠷᠠᠭᠤ ᠰᠠᠶᠢᠬᠠᠨ ᠰᠠᠨᠠᠭ᠎ᠠ ᠲᠠᠢ᠂ | ᠬᠡᠦᠬᠡᠳ ᠤᠨ ᠤᠩᠰᠢᠬᠤ ᠪᠢᠴᠢᠭ ︽ᠡᠪᠦᠯ ᠪᠣᠯ︾ ᠭᠡᠬᠦ ᠬᠡᠦᠬᠡᠳ ᠤᠨ ᠰᠣᠨᠢᠷᠬᠠᠯᠲᠠᠢ ᠰᠣᠨᠢᠷᠬᠠᠯ ᠲᠠᠢ ᠪᠠᠶᠢᠵᠤ᠂ | ᠴᠥᠮ ᠦᠵᠡᠭᠳᠡᠯ ᠤᠨ ᠳᠣᠣᠷ᠎ᠠ ᠠᠮᠢᠳᠤᠯᠢᠭ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ | ᠠᠮᠢᠳᠤᠷᠠᠯ ᠤᠨ ᠰᠣᠶᠣᠯ ᠤᠨ ᠠᠭᠤᠷ ᠠᠮᠢᠰᠬᠤᠯ ᠢ ᠢᠯᠡᠷᠡᠭᠦᠯᠪᠡ᠃ | ᠶᠠᠩ ᠸᠠᠨ ᠲᠣᠰᠬᠤᠨ ᠤ ᠲᠠᠯ᠎ᠠ ᠨᠤᠲᠤᠭ ᠤᠨ ᠨᠣᠮ ᠤᠨ ᠥᠷᠥᠭᠡ ᠳᠤ᠂ ᠲᠣᠰᠬᠤᠨ ᠤ ᠠᠷᠠᠳ ᠬᠠᠮᠲᠤ ᠪᠠᠷ | ᠡᠨᠡ ᠬᠦ ᠣᠷᠭᠢᠯᠤᠮ᠎ᠠ ᠬᠠᠯᠠᠭᠤᠨ ᠰᠡᠳᠬᠢᠯᠭᠡ ᠲᠠᠢ ᠨᠣᠮ ᠤᠩᠰᠢᠬᠤ ᠸᠢᠳᠢᠣ᠋ ᠶᠢ ᠰᠣᠨᠢᠷᠬᠠᠪᠠ᠃ ᠸᠢᠳᠢᠣ᠋ ᠳᠤᠮᠳᠠ | ᠲᠠᠨᠢᠯ ᠳᠠᠰᠤᠯ ᠪᠠᠶᠢᠳᠠᠯ ᠪᠣᠯᠤᠨ ᠬᠥᠮᠦᠰ ᠬᠠᠯᠠᠭᠤᠨ ᠢᠶᠠᠷ ᠶᠠᠷᠢᠯᠴᠠᠵᠤ᠂ ᠣᠯᠠᠨ ᠢᠶᠠᠷ ᠢᠶᠠᠨ ᠥᠪᠡᠷ ᠤᠨ | ᠥᠩᠭᠡᠷᠡᠯᠲᠡ ᠲᠠᠢ ᠪᠠᠨ ᠤᠶᠠᠯᠳᠤᠭᠤᠯᠵᠤ᠂ ᠥᠩᠭᠡᠷᠡᠭᠰᠡᠨ ᠪᠠ ᠣᠳᠣ ᠶᠢᠨ ᠠᠮᠢᠳᠤᠷᠠᠯ᠂ ᠠᠵᠢᠯ ᠤᠨ ᠬᠤᠪᠢᠷᠠᠯᠲᠠ ᠶᠢ | ᠠᠭᠤᠵᠢᠷᠠᠲᠠᠯ᠎ᠠ ᠶᠠᠷᠢᠯᠴᠠᠪᠠ᠃ ᠨᠢᠭᠡᠨ ᠠᠬᠠᠮᠠᠳ ᠨᠠᠮ ᠤᠨ ᠭᠡᠰᠢᠭᠦᠨ᠄ ︽ᠥᠩᠭᠡᠷᠡᠭᠰᠡᠨ ᠳᠤ ᠨᠣᠮ ᠦᠵᠡᠬᠦ ᠳᠤ | ᠵᠥᠪᠬᠡᠨ ᠰᠢᠶᠠᠨ ᠤ ᠬᠤᠲᠠ ᠳᠤ ᠣᠴᠢᠨ᠎ᠠ ᠭᠡᠵᠦ ᠪᠣᠳᠣᠵᠤ ᠪᠠᠶᠢᠭᠰᠠᠨ᠂ ᠣᠳᠣ ᠭᠡᠷ ᠤᠨ ᠡᠭᠦᠳᠡᠨ ᠳᠤ ᠨᠣᠮ ᠤᠨ | ᠥᠷᠥᠭᠡ ᠲᠠᠢ ᠪᠣᠯᠵᠤ᠂ ᠪᠠᠰᠠ ᠡᠶᠢᠮᠦ ᠣᠯᠠᠨ ᠰᠠᠶᠢᠨ ᠨᠣᠮ ᠤᠩᠰᠢᠭᠰᠠᠨ ᠶᠤᠮ᠂ ᠦᠨᠡᠬᠡᠷ ᠰᠠᠶᠢᠨ ᠴᠠᠭ ᠦᠶ᠎ᠡ ᠳᠤ | ᠠᠮᠵᠢᠵᠤ ᠪᠠᠶᠢᠨ᠎ᠠ︾ ᠭᠡᠵᠡᠢ᠃ ᠡᠭᠦᠨ ᠠᠴᠠ ᠭᠠᠳᠠᠨ᠎ᠠ᠂ ᠲᠣᠰᠬᠤᠨ ᠤ ᠠᠷᠠᠳ ᠪᠠᠰᠠ ᠰᠣᠶᠣᠯ ᠴᠡᠩᠭᠡᠯ ᠤᠨ | ᠠᠮᠢᠳᠤᠷᠠᠯ ᠢ ᠬᠡᠷᠬᠢᠨ ᠪᠠᠶᠠᠯᠢᠭᠵᠢᠭᠤᠯᠬᠤ ᠲᠤᠬᠠᠢ ᠪᠠᠶᠠᠷ ᠬᠦᠷ ᠲᠠᠢ ᠶᠠᠷᠢᠯᠴᠠᠵᠤ᠂ ᠣᠯᠠᠨ ᠤ ᠪᠠᠭ᠋ᠠᠷᠬᠠᠳᠠᠭ ᠠᠭᠤᠯᠠᠨ | ᠠᠶ᠎ᠠ ᠪᠠ ᠰᠣᠩᠭᠤᠳᠠᠭ ᠤᠯᠠᠭᠠᠨ ᠳᠠᠭᠤᠤ ᠶᠢ ᠢᠯᠡᠭᠦᠬᠡᠨ ᠨᠡᠪᠲᠡᠷᠡᠭᠦᠯᠬᠦ ᠶᠢ ᠰᠠᠨᠠᠭᠤᠯᠬᠤ ᠶᠢᠨ ᠬᠠᠮᠲᠤ | ᠲᠣᠰᠬᠤᠨ ᠤ ᠬᠢᠨ ᠶᠠᠩᠭᠠᠷ ᠪᠥᠵᠢᠭ᠂ ᠠᠶᠠᠯᠭᠤ ᠪᠠᠷ ᠶᠠᠷᠢᠯᠴᠠᠬᠤ ᠵᠡᠷᠭᠡ ᠤᠯᠠᠮᠵᠢᠯᠠᠯᠲᠤ ᠤᠳᠬ᠎ᠠ ᠤᠷᠠᠯᠢᠭ ᠤᠨ | ᠠᠵᠢᠯᠯᠠᠭ᠎ᠠ ᠶᠢ ᠢᠯᠡᠭᠦᠬᠡᠨ ᠵᠣᠬᠢᠶᠠᠨ ᠪᠠᠶᠢᠭᠤᠯᠵᠤ᠂ ᠨᠤᠲᠤᠭ ᠤᠨ ᠠᠬ᠎ᠠ ᠳᠡᠭᠦᠦ ᠨᠡᠷ ᠢᠶᠠᠨ ᠲᠠᠷᠢᠶᠠᠯᠠᠩ ᠤᠨ | ᠰᠡᠯᠡᠭᠦᠦ ᠴᠠᠭ ᠲᠤ ᠴᠤᠭᠯᠠᠷᠠᠨ ᠬᠥᠷ ᠬᠥᠭᠵᠢᠶᠡᠨ ᠲᠠᠢ ᠪᠣᠯᠭᠠᠵᠤ᠂ ᠠᠷᠠᠳ ᠤᠨ ᠰᠣᠶᠣᠯ ᠢ ᠤᠯᠠᠮᠵᠢᠯᠠᠨ | ᠵᠠᠯᠭᠠᠮᠵᠢᠯᠠᠭᠰᠠᠨ ᠮᠥᠷᠲᠡᠭᠡᠨ ᠪᠠᠰᠠ ᠠᠮᠢᠳᠤᠷᠠᠯ ᠢᠶᠠᠨ ᠨᠠᠩ ᠥᠭᠡᠳᠡ ᠡᠰᠡᠷᠡᠭ ᠪᠣᠯᠭᠠᠬᠤ ᠶᠢ ᠬᠦᠰᠡᠵᠦ ᠪᠠᠶᠢᠨ᠎ᠠ᠃ | ᠲᠤᠰ ᠤᠳᠠᠭᠠᠨ ᠤ ︽ᠰᠢᠪᠠᠷ ᠰᠢᠷᠣᠢ ᠶᠢᠨ ᠪᠢᠴᠢᠭ ᠤᠨ ᠰᠤᠷᠪᠤᠯᠵᠢᠲᠤ ᠤᠩᠰᠢᠯᠭ᠎ᠠ ᠶᠢᠨ ᠬᠤᠷᠠᠯ︾ ᠨᠢ ᠨᠢᠭᠡ | ᠤᠳᠠᠭᠠᠨ ᠤ ᠨᠣᠮ ᠤᠩᠰᠢᠵᠤ ᠬᠤᠪᠢᠶᠠᠯᠴᠠᠬᠤ ᠶᠠᠪᠤᠳᠠᠯ ᠪᠣᠯᠬᠤ ᠪᠠᠷ ᠪᠠᠷᠠᠬᠤ ᠦᠭᠡᠢ᠂ ᠨᠡᠩ ᠴᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡ ᠤᠳᠠᠭᠠᠨ ᠤ ᠵᠣᠷᠢᠭ ᠰᠠᠨᠠᠭᠠᠨ ᠤ ᠨᠢᠭᠲᠠᠷᠠᠯ ᠪᠣᠯᠤᠨ᠎ᠠ᠃ ᠬᠤᠸᠠᠢ | ᠱᠦᠸᠧ ᠪᠠᠯᠭᠠᠰᠤ ᠪᠦᠬᠦ ᠠᠷᠠᠳ ᠤᠨ ᠤᠩᠰᠢᠯᠭ᠎ᠠ ᠶᠢ ᠦᠷᠭᠦᠯᠵᠢᠯᠡᠨ ᠠᠬᠢᠭᠤᠯᠵᠤ᠂ ᠲᠠᠯ᠎ᠠ ᠨᠤᠲᠤᠭ ᠤᠨ ᠨᠣᠮ ᠤᠨ | ᠥᠷᠥᠭᠡ ᠶᠢ ᠲᠣᠰᠬᠤᠨ ᠤ ᠠᠷᠠᠳ ᠤᠨ ︽ᠣᠶᠤᠨ ᠰᠠᠨᠠᠭᠠᠨ ᠤ ᠠᠮᠤ ᠪᠤᠳᠠᠭᠠᠨ ᠤ ᠬᠥᠮᠥᠷᠭᠡ︾ ᠪᠣᠯᠭᠠᠵᠤ᠂ | ᠤᠩᠰᠢᠯᠭ᠎ᠠ ᠶᠢᠨ ᠰᠤᠷᠲᠠᠯ ᠢ ᠬᠥᠳᠡᠭᠡ ᠲᠣᠰᠬᠤᠨ ᠤ ᠥᠨᠴᠥᠭ ᠪᠤᠯᠤᠩ ᠪᠣᠯᠭᠠᠨ ᠳᠤ ᠴᠤᠤᠷᠢᠶᠠᠲᠤᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠥᠨᠢ ᠤᠳᠠᠭᠠᠨ ᠰᠣᠶᠣᠯ ᠤᠨ ᠬᠥᠳᠡᠯᠭᠡᠬᠦ ᠬᠦᠴᠦᠨ | ᠨᠡᠮᠡᠷᠢᠯᠡᠨ᠎ᠡ᠃ | |