2025 ᠣᠨ ᠤ 4 ᠰᠠᠷ᠎ᠠ ᠳᠤ᠂ ᠶᠠᠭ 37 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠰᠠᠷ᠎ᠠ ᠳᠤ ᠣᠷᠣᠰᠢᠵᠤ ᠪᠠᠶᠢᠨ᠎ᠠ᠂ ᠪᠣᠯᠪᠠᠰᠤᠨ ᠡᠷᠡᠭᠦᠯ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ | ᠠᠮᠢᠳᠤᠷᠠᠯ ᠤᠨ ᠠᠷᠭ᠎ᠠ ᠬᠡᠯᠪᠡᠷᠢ ᠶᠢ ᠢᠳᠡᠪᠬᠢᠲᠡᠢ ᠰᠠᠨᠠᠭᠠᠴᠢᠯᠠᠵᠤ᠂ ᠴᠡᠪᠡᠷ ᠴᠡᠮᠴᠡᠭᠡᠷ᠂ ᠲᠠᠭᠠᠯᠠᠮᠵᠢᠲᠠᠢ ᠣᠷᠴᠢᠨ | ᠲᠣᠭᠤᠷᠢᠨ ᠢ ᠪᠦᠬᠦ ᠬᠦᠴᠦᠨ ᠢᠶᠠᠷ ᠢᠶᠠᠨ ᠪᠣᠢ ᠪᠣᠯᠭᠠᠬᠤ ᠶᠢᠨ ᠲᠥᠯᠥᠭᠡ᠂ ᠰᠢᠶᠠ ᠱᠢ ᠬᠤᠤ ᠪᠠᠯᠭᠠᠰᠤᠨ ᠤ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠥᠷᠲᠡᠭᠡ ᠬᠠᠮᠲᠤ ᠪᠠᠷ ︽ᠡᠷᠡᠭᠦᠯ ᠡᠩᠬᠡ ᠭᠡᠷ ᠣᠷᠣᠨ ᠢ | ᠬᠠᠮᠲᠤ ᠪᠠᠷ ᠪᠦᠲᠦᠭᠡᠨ ᠪᠠᠶᠢᠭᠤᠯᠵᠤ᠂ ᠡᠷᠡᠭᠦᠯ ᠰᠠᠷᠠᠭᠤᠯ ᠠᠮᠢᠳᠤᠷᠠᠯ ᠢ ᠬᠠᠮᠲᠤ ᠪᠠᠷ ᠡᠳ᠋ᠯᠡᠬᠦ︾ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃ | ︽ᠲᠤᠰᠬᠠᠢ ᠪᠠ ᠣᠯᠠᠨ ᠲᠦᠮᠡᠨ ᠢ ᠤᠶᠠᠯᠳᠤᠭᠤᠯᠵᠤ︾ ᠬᠦᠴᠦ ᠪᠠᠨ ᠬᠠᠮᠲᠤᠳᠬᠠᠨ ᠬᠠᠪᠤᠷ ᠤᠨ ᠤᠯᠠᠷᠢᠯ ᠳᠤ | ᠨᠤᠲᠤᠭ ᠤᠰᠤ ᠪᠠᠨ ᠬᠠᠮᠠᠭᠠᠯᠠᠵᠤ ᠠᠮᠤᠷ ᠠᠮᠤᠭᠤᠯᠠᠩ ᠢ ᠬᠠᠮᠠᠭᠠᠯᠠᠪᠠ | ᠬᠠᠪᠤᠷ ᠲᠤᠯᠠᠭᠠᠷᠠᠨ ᠴᠡᠴᠡᠭ ᠳᠡᠯᠭᠡᠷᠡᠵᠦ᠂ ᠪᠠᠲᠠᠭᠠᠨ᠎ᠠ᠂ ᠢᠯᠠᠭ᠎ᠠ᠂ ᠬᠤᠯᠤᠭᠠᠨ᠎ᠠ᠂ ᠵᠣᠣᠮ᠎ᠠ ᠵᠡᠷᠭᠡ | ᠡᠪᠡᠳᠴᠢᠨ ᠤ ᠵᠠᠭᠤᠴᠢ ᠠᠮᠢᠳᠤ ᠪᠣᠳᠠᠰ ᠴᠤ ᠬᠥᠭᠵᠢᠶᠡᠨᠲᠡᠢ ᠪᠠᠶᠢᠵᠤ᠂ ᠡᠪᠡᠳᠴᠢᠨ ᠡᠮᠭᠡᠭ ᠤᠨ ᠬᠠᠯᠳᠠᠪᠤᠷᠢᠯᠠᠯ ᠤᠨ | ︽ᠶᠠᠷᠭᠠᠴᠢᠨ︾ ᠪᠣᠯᠪᠠ᠃ ᠬᠠᠪᠤᠷ ᠵᠤᠨ ᠤ ᠤᠯᠠᠷᠢᠯ ᠤᠨ ᠬᠠᠯᠳᠠᠪᠤᠷᠢᠲᠤ ᠡᠪᠡᠳᠴᠢᠨ ᠣᠯᠠᠨ ᠡᠭᠦᠰᠬᠦ ᠤᠯᠠᠷᠢᠯ ᠳᠤ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠡᠷᠡᠭᠦᠯ | ᠮᠡᠨᠳᠦ ᠶᠢᠨ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠢ ᠪᠠᠲᠤ ᠴᠣᠭᠴᠠᠯᠠᠨ᠎ᠠ᠃ | ᠰᠢᠶᠠ ᠱᠢ ᠬᠤᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ | ᠥᠷᠲᠡᠭᠡ ᠶᠢᠨ ᠪᠦᠷᠢᠯᠳᠦᠬᠦᠨ ︽ᠲᠤᠰᠬᠠᠢ ᠪᠠ ᠣᠯᠠᠨ ᠲᠦᠮᠡᠨ ᠢ ᠤᠶᠠᠯᠳᠤᠭᠤᠯᠬᠤ︾ ᠰᠢᠨ᠎ᠡ ᠵᠠᠭᠪᠤᠷ ᠢ ᠠᠪᠴᠤ᠂ | ᠣᠷᠣᠨ ᠪᠦᠰᠡ ᠶᠢᠨ ᠳᠣᠲᠣᠷᠠᠬᠢ ᠰᠠᠶᠢᠨ ᠳᠤᠷ᠎ᠠ ᠶᠢᠨ ᠠᠵᠢᠯᠯᠠᠭᠴᠢ᠂ ᠨᠠᠮ ᠤᠨ ᠭᠡᠰᠢᠭᠦᠨ ᠺᠠᠳ᠋ᠷ᠂ ᠴᠡᠪᠡᠷᠯᠡᠭᠴᠢ᠂ | ᠬᠠᠯᠠᠭᠤᠨ ᠰᠡᠳᠬᠢᠯᠲᠦ ᠲᠣᠰᠬᠤᠨ ᠤ ᠠᠷᠠᠳ ᠲᠠᠢ ᠬᠤᠯᠪᠣᠭᠠᠯᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠴᠡᠭᠴᠡᠯᠡᠨ ᠵᠠᠰᠠᠬᠤ ᠠᠵᠢᠯᠯᠠᠭ᠎ᠠ ᠶᠢ ᠬᠠᠮᠲᠤᠪᠠᠷ ᠥᠷᠨᠢᠭᠦᠯᠪᠡ᠃ ᠣᠯᠠᠨ ᠢᠶᠠᠷ ᠢᠶᠠᠨ ᠱᠦᠭᠦᠷ᠂ ᠲᠡᠮᠦᠷ ᠬᠦᠷᠵᠡ᠂ | ᠬᠤᠭ ᠨᠣᠪᠰᠢ ᠶᠢᠨ ᠬᠠᠪᠴᠢᠭᠤᠷ᠂ ᠮᠠᠳᠠᠢ ᠵᠡᠷᠭᠡ ᠶᠢ ᠪᠠᠷᠢᠵᠤ᠂ ᠲᠣᠮᠣ ᠬᠡᠯᠪᠡᠷᠢ ᠶᠢᠨ ᠠᠴᠢᠶᠠᠯᠠᠬᠤ ᠮᠠᠰᠢᠨ᠂ ᠬᠤᠭ | ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠲᠡᠷᠭᠡ ᠵᠡᠷᠭᠡ ᠠᠷᠢᠭᠤᠨ ᠴᠡᠪᠡᠷ ᠤᠨ ᠪᠠᠭᠠᠵᠢ ᠬᠡᠷᠡᠭᠰᠡᠯ ᠢ ᠬᠥᠳᠡᠯᠭᠡᠨ | ᠨᠣᠭᠤᠭᠠᠷᠠᠭᠤᠯᠤᠯᠲᠠ ᠶᠢᠨ ᠣᠷᠣᠨ᠂ ᠲᠣᠰᠬᠤᠨ ᠤ ᠲᠤᠮᠳᠠᠭᠤᠷᠬᠢ ᠵᠠᠮ᠂ ᠲᠠᠷᠢᠶᠠᠨ ᠭᠠᠵᠠᠷ᠂ ᠭᠤᠣᠯ ᠤᠨ ᠵᠠᠮ | ᠭᠤᠤ ᠰᠤᠪᠠᠭ ᠢᠶᠠᠷ ᠭᠦᠨᠵᠡᠭᠡᠶᠢᠷᠡᠨ᠂ ᠣᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠬᠥᠳᠡᠭᠡ ᠲᠣᠰᠬᠤᠨ ᠤ ᠣᠷᠴᠢᠨ | ᠲᠣᠭᠤᠷᠢᠨ ᠴᠣ᠋ ᠰᠢᠨ᠎ᠡ ᠪᠣᠯᠵᠤ᠂ ᠲᠠᠭᠠᠯᠠᠮᠵᠢᠲᠠᠢ᠂ ᠦᠵᠡᠰᠬᠦᠯᠡᠩᠲᠦ ᠰᠠᠶᠢᠬᠠᠨ ᠠᠮᠢᠳᠤᠷᠠᠯ ᠤᠨ ᠣᠷᠴᠢᠨ | ᠲᠣᠭᠤᠷᠢᠨ ᠢ ᠬᠠᠮᠲᠤᠪᠠᠷ ᠴᠣᠭᠴᠠᠯᠠᠪᠠ᠃ | ︽ᠬᠤᠪᠢᠰᠬᠠᠯᠲᠤ ᠰᠠᠶᠢᠨ ᠳᠤᠷ᠎ᠠ︾ ᠶᠢᠨ ᠨᠡᠶᠢᠲᠡᠯᠢᠭ ᠵᠢᠱᠢᠶ᠎ᠡ ᠶᠢ ᠪᠣᠢ ᠪᠣᠯᠭᠠᠵᠤ᠂ ᠡᠷᠡᠭᠦᠯ ᠮᠡᠨᠳᠦ ᠶᠢᠨ | ᠤᠬᠠᠮᠰᠠᠷ ᠬᠥᠮᠦᠰ ᠤᠨ ᠰᠡᠳᠬᠢᠯ ᠳᠤ ᠬᠠᠳᠠᠩᠰᠢᠪᠠ | ᠰᠢᠶᠠ ᠱᠢ ᠬᠤᠤ ᠪᠠᠯᠭᠠᠰᠤᠨ ᠤ ︽ᠭᠤᠷᠪᠠ ᠭᠤᠷᠪᠠ ᠶᠢᠨ ᠳᠦᠷᠢᠮ ᠤᠨ ᠤᠬᠠᠭᠤᠯᠤᠨ ᠲᠠᠶᠢᠯᠪᠤᠷᠢᠯᠠᠬᠤ | ᠬᠥᠩᠭᠡᠨ ᠮᠣᠷᠢᠲᠤ ᠴᠡᠷᠢᠭ︾ ᠤᠨ ᠡᠩᠨᠡᠭᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠷᠦᠬᠡ ᠳᠤ ᠣᠷᠣᠵᠤ | ᠤᠬᠠᠭᠤᠯᠬᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠡᠷᠡᠭᠦᠯ ᠮᠡᠨᠳᠦ ᠶᠢᠨ ᠪᠣᠯᠪᠠᠰᠤᠨ ᠤ | ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ᠂ ᠥᠷᠭᠡᠨ ᠣᠯᠠᠨ ᠲᠦᠮᠡᠨ ᠳᠤ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠮᠡᠳᠡᠯᠭᠡ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠵᠡᠷᠭᠡ ᠠᠭᠤᠯᠭ᠎ᠠ ᠶᠢ | ᠲᠦᠭᠡᠮᠡᠯᠵᠢᠭᠦᠯᠵᠦ᠂ ᠣᠯᠠᠨ ᠲᠦᠮᠡᠨ ᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠮᠡᠳᠡᠯᠭᠡ ᠶᠢ | ᠲᠦᠭᠡᠮᠡᠯᠵᠢᠭᠦᠯᠬᠦ᠂ ᠠᠯᠳᠠᠰᠢ ᠭᠠᠷᠬᠤ ᠶᠢ ᠠᠷᠢᠯᠭᠠᠨ ︽ᠪᠥᠭᠯᠡᠬᠦ︾᠂ ᠰᠠᠪᠠ ᠶᠢ ᠤᠷᠪᠠᠭᠤᠯᠤᠨ ︽ᠬᠥᠳᠡᠯᠭᠡᠬᠦ︾᠂ | ᠬᠤᠷᠣᠬᠠᠢ ᠶᠢᠨ ᠬᠥᠨᠥᠭᠡᠯ ᠢ ᠠᠷᠢᠯᠭᠠᠬᠤ ᠤᠷ᠎ᠠ ᠮᠡᠷᠭᠡᠵᠢᠯ ᠢ ︽ᠰᠤᠷᠤᠯᠴᠠᠬᠤ︾᠂ ᠬᠤᠭ ᠨᠣᠪᠰᠢ ᠶᠢ ᠲᠥᠷᠥᠯ | ᠬᠤᠪᠢᠶᠠᠨ ︽ᠬᠢᠬᠦ︾ ᠶᠢ ᠤᠷᠢᠶᠠᠯᠠᠪᠠ᠃ ᠡᠭᠦᠨ ᠤ ᠬᠠᠮᠲᠤ᠂ ᠸᠢᠴᠠᠲ ᠤᠨ ᠨᠡᠶᠢᠲᠡ ᠶᠢᠨ ᠳ᠋ᠤᠭᠠᠷ᠂ ᠸᠢᠳᠢᠣ᠋ ᠳ᠋ᠤᠭᠠᠷ | ᠵᠡᠷᠭᠡ ᠲᠠᠪᠴᠠᠩ ᠢ ᠠᠰᠢᠭᠯᠠᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠬᠠᠮᠢᠶ᠎ᠠ ᠪᠦᠬᠦᠢ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠭᠤᠯᠭ᠎ᠠ ᠶᠢ ᠨᠡᠶᠢᠲᠡᠯᠡᠵᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ | ᠥᠷᠭᠡᠳᠬᠡᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠭᠤᠯᠵᠤ᠂ ᠡᠷᠡᠭᠦᠯ ᠮᠡᠨᠳᠦ ᠶᠢᠨ ᠤᠬᠠᠮᠰᠠᠷ ᠢ ᠬᠥᠮᠦᠰ ᠤᠨ | ᠰᠡᠳᠬᠢᠯ ᠳᠤ ᠬᠠᠳᠠᠩᠰᠢᠭᠤᠯᠪᠠ᠃ | ᠣᠯᠠᠨ ᠲᠦᠮᠡᠨ ᠤ ᠡᠷᠡᠭᠦᠯ ᠬᠠᠮᠠᠭᠠᠯᠠᠯ᠂ ᠡᠷᠡᠭᠦᠯ ᠮᠡᠨᠳᠦ ᠶᠢᠨ ᠬᠦᠷᠢᠶᠡᠨ ᠳᠠᠬᠢ ᠪᠠᠶᠢᠩᠭᠤ ᠶᠢᠨ ᠠᠩᠬᠠᠷᠤᠯ ᠢ | ᠦᠷᠭᠦᠯᠵᠢᠯᠡᠨ ᠨᠡᠮᠡᠭᠳᠡᠭᠦᠯᠬᠦ ᠶᠢᠨ ᠲᠥᠯᠥᠭᠡ ᠶᠤᠮ᠃ ᠰᠢᠶᠠ ᠱᠢ ᠬᠤᠤ ᠪᠠᠯᠭᠠᠰᠤ ᠪᠣᠯᠪᠠᠰᠤᠨ ᠪᠦᠯᠬᠦᠮᠳᠡᠯ ᠤᠨ | ᠴᠢᠯᠥᠭᠡᠲᠦ ᠳᠡᠯᠭᠡᠭᠦᠷ ᠤᠨ ᠰᠣᠯᠢᠬᠤ ᠤᠷᠮᠠᠰᠢᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠠᠷᠢᠭᠤᠨ ᠴᠡᠪᠡᠷ | ᠠᠶᠢᠯ ᠡᠷᠦᠬᠡ ᠶᠢ ᠰᠢᠯᠭᠠᠷᠠᠭᠤᠯᠬᠤ ᠵᠡᠷᠭᠡ ᠠᠷᠭ᠎ᠠ ᠬᠡᠯᠪᠡᠷᠢ ᠪᠠᠷ ᠥᠷᠭᠡᠨ ᠣᠯᠠᠨ ᠲᠦᠮᠡᠨ ᠤ ᠣᠷᠣᠯᠴᠠᠬᠤ ᠬᠠᠯᠠᠭᠤᠨ | ᠰᠡᠳᠬᠢᠯᠭᠡ ᠶᠢ ᠬᠥᠭᠵᠢᠭᠡᠵᠦ᠂ ︽ᠲᠥᠪᠯᠡᠷᠡᠩᠭᠦᠢ ᠶᠡᠭᠡ ᠴᠡᠪᠡᠷᠯᠡᠯᠲᠡ︾ ᠠᠴᠠ ︽ᠬᠡᠪ ᠤᠨ ᠪᠠᠶᠢᠳᠠᠯ ᠢ ᠪᠠᠲᠤᠯᠠᠬᠤ︾ | ᠬᠦᠷᠲᠡᠯ᠎ᠡ᠂ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠦᠨᠡᠨᠬᠦ ᠬᠠᠳᠠᠩᠰᠢᠭᠤᠯᠵᠤ᠂ | ᠬᠥᠮᠦᠨ ᠨᠢᠭᠡᠪᠦᠷᠢ ᠳᠤ ︽ᠡᠷᠡᠭᠦᠯ ᠮᠡᠨᠳᠦ ᠶᠢᠨ ᠬᠠᠮᠠᠭᠠᠯᠠᠭᠴᠢ︾ ᠶᠢ ᠲᠤᠯᠭᠠᠭᠤᠷᠢᠯᠠᠨ ᠥᠭᠴᠡᠢ᠃ | ︽ᠬᠤᠤᠰ ᠰᠡᠳᠬᠢᠯ ᠢᠶᠠᠷ ᠡᠷᠡᠭᠦᠯ ᠬᠠᠮᠠᠭᠠᠯᠠᠯ ᠢᠶᠠᠨ ᠬᠠᠶᠢᠷᠠᠯᠠᠬᠤ︾ ᠶᠢ ᠵᠡᠷᠭᠡᠪᠡᠷ ᠬᠥᠳᠡᠯᠦᠯᠴᠡᠨ᠂ ᠣᠶᠤᠨ ᠤ | ᠡᠷᠡᠭᠦᠯ ᠬᠠᠮᠠᠭᠠᠯᠠᠯ ᠢᠶᠠᠨ ᠬᠠᠮᠠᠭᠠᠯᠠᠪᠠ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢᠨ ᠰᠠᠷ᠎ᠠ ᠶᠢᠨ ᠬᠤᠭᠤᠴᠠᠭᠠᠨ ᠳᠤ᠂ ᠰᠢᠶᠠ | ᠱᠢ ᠬᠤᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠬᠤᠯᠪᠣᠭᠠᠲᠤ | ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠨᠢ ︽ᠣᠶᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠣᠨ︾ | ᠤ ᠠᠵᠢᠯᠯᠠᠭ᠎ᠠ ᠠᠴᠠ ᠭᠠᠷᠳᠠᠵᠤ᠂ ᠭᠤᠣᠯᠳᠠᠯᠭ᠎ᠠ ᠲᠠᠢ ᠬᠥᠮᠦᠰ ᠤᠨ ᠰᠡᠳᠬᠢᠴᠡ ᠶᠢᠨ ᠡᠷᠡᠭᠦᠯ ᠮᠡᠨᠳᠦ ᠪᠠ ᠣᠶᠤᠨ ᠤ | ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠴᠢᠩᠭᠠᠳᠬᠠᠵᠤ᠂ ᠶᠡᠷᠦᠩᠬᠡᠶᠢᠯᠡᠨ ᠵᠠᠰᠠᠬᠤ ᠲᠥᠪ ᠪᠣᠯᠤᠨ ᠲᠣᠰᠬᠤᠨ ᠤ | ᠡᠮᠴᠢ ᠶᠢ ᠬᠠᠪᠰᠤᠷᠤᠨ ᠲᠡᠳᠬᠦᠬᠦ ᠳᠤᠭᠤᠶᠢᠯᠠᠩ ᠪᠠᠶᠢᠭᠤᠯᠵᠤ᠂ ᠳᠠᠩᠰᠠᠨ ᠳᠤ ᠪᠠᠶᠢᠭ᠎ᠠ ᠡᠪᠡᠳᠴᠢᠲᠡᠨ ᠢ ᠭᠡᠷ ᠲᠤᠨᠢ | ᠬᠦᠷᠴᠦ ᠲᠣᠭᠤᠷᠢᠨ ᠦᠵᠡᠵᠦ᠂ ᠡᠷᠡᠭᠦᠯ ᠮᠡᠨᠳᠦ ᠶᠢᠨ ᠪᠠᠶᠢᠴᠠᠭᠠᠯᠲᠠ ᠪᠣᠯᠤᠨ ᠰᠡᠳᠬᠢᠴᠡ ᠶᠢᠨ ᠵᠢᠯᠣᠭᠤᠳᠣᠯᠭ᠎ᠠ | ᠬᠢᠵᠦ᠂ ᠡᠪᠡᠳᠴᠢᠲᠡᠨ ᠤ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠡᠷᠡᠭᠦᠯ ᠮᠡᠨᠳᠦ ᠶᠢᠨ ᠨᠠᠷᠢᠨ ᠳᠠᠩᠰᠠ | ᠡᠪᠬᠡᠮᠡᠯ ᠪᠠᠶᠢᠭᠤᠯᠵᠤ᠂ ᠬᠦᠨᠳᠦ ᠨᠣᠴᠢᠲᠠᠢ ᠣᠶᠤᠨ ᠤ ᠰᠠᠭᠠᠳ ᠲᠠᠢ ᠡᠪᠡᠳᠴᠢᠲᠡᠨ ᠤ ᠱᠠᠩᠨᠠᠬᠤ ᠪᠠᠷ ᠨᠥᠬᠦᠪᠥᠷᠢ ᠶᠢ | ᠣᠷᠣᠯᠠᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠵᠤ᠂ ᠲᠣᠰᠬᠤᠨ ᠤ ᠠᠷᠠᠳ ᠤᠨ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠬᠠᠨᠤᠮᠵᠢᠲᠠᠢ ᠲᠥᠷᠥᠭᠳᠡᠯ ᠢ ᠲᠠᠰᠤᠷᠠᠯᠲᠠ ᠦᠭᠡᠢ | ᠳᠡᠭᠡᠭᠰᠢᠯᠡᠭᠦᠯᠪᠡ᠃ | ︽ᠭᠤᠷᠪᠠ ᠶᠢ ᠰᠤᠷᠪᠤᠯᠵᠢᠯᠠᠬᠤ ᠭᠤᠷᠪᠠᠨ ᠠᠵᠢᠯᠲᠠᠨ ᠭᠤᠷᠪᠠᠨ ᠬᠡᠯᠪᠡᠷᠢ︾ ᠶᠢᠨ ᠠᠵᠢᠯ ᠤᠨ ᠠᠷᠭ᠎ᠠ᠂ ︽ | ᠬᠤᠯᠪᠣᠭᠠᠯᠠᠨ ᠵᠢᠭᠰᠠᠭᠠᠨ ᠪᠠᠶᠢᠴᠠᠭᠠᠬᠤ᠂ ᠬᠠᠮᠢᠶᠠᠷᠤᠨ ᠡᠵᠡᠮᠳᠡᠵᠦ ᠬᠠᠪᠰᠤᠷᠤᠨ ᠲᠡᠳᠬᠦᠬᠦ᠂ ᠤᠬᠠᠭᠤᠯᠭ᠎ᠠ ᠶᠢ | ᠪᠠᠲᠤᠯᠠᠬᠤ︾ ᠬᠠᠮᠢᠶᠠᠷᠤᠯᠲᠠ ᠪᠠᠷ ᠬᠠᠪᠰᠤᠷᠤᠨ ᠲᠡᠳᠬᠦᠬᠦ ᠵᠠᠩᠭᠢᠯᠠᠭ᠎ᠠ ᠶᠢᠨ ᠭᠤᠭᠴᠤᠭ᠎ᠠ ᠲᠠᠢ ᠤᠶᠠᠯᠳᠤᠭᠤᠯᠤᠨ᠂ | ᠣᠯᠠᠨ ᠲᠦᠮᠡᠨ ᠢ ᠪᠠᠶᠢᠩᠭᠤᠵᠢᠭᠤᠯᠤᠨ ᠳᠠᠶᠢᠴᠢᠯᠠᠵᠤ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠳᠤ | ᠢᠳᠡᠪᠬᠢᠲᠡᠢ ᠣᠷᠣᠯᠴᠠᠭᠤᠯᠵᠤ᠂ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠪᠠ ᠡᠷᠡᠭᠦᠯ ᠡᠩᠬᠡ | ᠬᠤᠲᠠ ᠪᠠᠯᠭᠠᠰᠤ ᠶᠢ ᠪᠦᠲᠦᠭᠡᠨ ᠪᠠᠶᠢᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠰᠢᠶᠠ ᠱᠢ ᠬᠤᠤ ᠪᠠᠯᠭᠠᠰᠤᠨ ᠤ | ᠡᠷᠡᠭᠦᠯ ᠮᠡᠨᠳᠦ ᠶᠢ ᠶᠡᠷᠦᠩᠬᠡᠶᠢᠯᠡᠨ ᠵᠠᠰᠠᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠳᠤ ᠬᠦᠴᠦᠨ | ᠴᠢᠳᠠᠯ ᠢᠶᠠᠨ ᠡᠷᠭᠦᠬᠦ ᠬᠡᠷᠡᠭᠲᠡᠢ᠃ | ᠳᠠᠷᠠᠭᠠᠴᠢ ᠶᠢᠨ ᠠᠯᠬᠤᠮ ᠳᠤ᠂ ᠰᠢᠶᠠ ᠱᠢ ᠬᠤᠤ ᠪᠠᠯᠭᠠᠰᠤ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠣᠯᠤᠨ ᠣᠯᠠᠨ | ᠲᠦᠮᠡᠨ ᠢ ᠳᠠᠶᠢᠴᠢᠯᠠᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠥᠷᠭᠡᠨ ᠣᠯᠠᠨ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠡᠷᠡᠭᠦᠯ ᠮᠡᠨᠳᠦ ᠶᠢᠨ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠭᠤᠯᠵᠤ᠂ ᠡᠷᠡᠭᠦᠯ | ᠮᠡᠨᠳᠦ ᠶᠢᠨ ᠤᠷ᠎ᠠ ᠴᠢᠳᠠᠪᠤᠷᠢ ᠶᠢ ᠡᠵᠡᠮᠰᠢᠭᠦᠯᠵᠦ᠂ ᠬᠤᠪᠢ ᠬᠥᠮᠦᠨ ᠤ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ | ᠳᠠᠳᠬᠠᠯ ᠢ ᠪᠣᠢ ᠪᠣᠯᠭᠠᠵᠤ᠂ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠢ ᠰᠠᠶᠢᠲᠤᠷ ᠬᠢᠬᠦ | ᠬᠡᠷᠡᠭᠲᠡᠢ᠃ | |