ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠶᠠ ᠱᠢ ᠬᠤᠤ ᠪᠠᠯᠭᠠᠰᠤᠨ ᠤ ᠣᠯᠠᠨ ᠲᠦᠮᠡᠨ ᠪᠠ ᠠᠵᠢᠯᠲᠠᠨ | ᠠᠵᠢᠯᠴᠢᠨ ᠤ ᠪᠡᠶ᠎ᠡ ᠶᠢᠨ ᠲᠠᠮᠢᠷ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠣᠯᠠᠨ ᠢᠶᠠᠷ ᠢᠶᠠᠨ | ᠶᠠᠭᠠᠷᠠᠯᠲᠠᠢ ᠠᠵᠢᠯ ᠤᠨ ᠴᠢᠯᠥᠭᠡ ᠪᠠᠷ ᠢᠶᠠᠨ ᠬᠦᠴᠦ ᠬᠥᠯᠥᠰᠥ ᠪᠠᠨ ᠤᠷᠤᠰᠬᠠᠨ᠂ ᠳᠠᠷᠤᠯᠲᠠ ᠶᠢ ᠪᠠᠳᠠᠷᠠᠭᠤᠯᠵᠤ᠂ | ᠪᠦᠬᠦ ᠠᠷᠠᠳ ᠤᠨ ᠬᠥᠳᠡᠯᠭᠡᠭᠡᠨ ᠠᠴᠠ ᠪᠣᠯᠤᠭᠰᠠᠨ ᠪᠠᠶᠠᠷ ᠪᠠᠶᠠᠰᠤᠯ ᠪᠠ ᠠᠮᠢᠵᠢᠷᠠᠯ ᠤᠨ ᠬᠦᠴᠦᠨ ᠢ ᠮᠡᠳᠡᠷᠡᠪᠡ᠃ 4 | ᠰᠠᠷ᠎ᠠ ᠶᠢᠨ 24 ᠤ ᠡᠳᠦᠷ᠂ ᠰᠠᠭᠰᠤᠨ ᠪᠥᠮᠪᠦᠭᠡ ᠶᠢᠨ ᠬᠥᠳᠡᠯᠭᠡᠭᠡᠨ ᠰᠢᠶᠠ ᠱᠢ ᠬᠤᠤ ᠪᠠᠯᠭᠠᠰᠤᠨ ᠤ ᠰᠣᠶᠣᠯ ᠤᠨ | ᠲᠠᠯᠠᠪᠠᠢ ᠳᠤ ᠡᠬᠢᠯᠡᠪᠡ᠃ | ᠲᠤᠰ ᠤᠳᠠᠭᠠᠨ ᠤ ᠰᠠᠭᠰᠤᠨ ᠪᠥᠮᠪᠦᠭᠡ ᠶᠢᠨ ᠬᠥᠳᠡᠯᠭᠡᠭᠡᠨ ᠨᠢ ᠨᠢᠭᠡ ᠤᠳᠠᠭᠠᠨ ᠤ ᠤᠷᠤᠯᠳᠤᠭᠠᠨ ᠪᠣᠯᠬᠤ ᠪᠠᠷ | ᠪᠠᠷᠠᠬᠤ ᠦᠭᠡᠢ᠂ ᠨᠡᠩ ᠴᠤ ᠣᠯᠠᠨ ᠲᠦᠮᠡᠨ ᠪᠣᠯᠤᠨ ᠠᠵᠢᠯᠲᠠᠨ ᠠᠵᠢᠯᠴᠢᠨ ᠤ ᠬᠤᠭᠤᠷᠣᠨᠳᠣᠬᠢ ᠰᠣᠯᠢᠯᠴᠠᠭ᠎ᠠ ᠶᠢ | ᠨᠡᠮᠡᠭᠳᠡᠭᠦᠯᠬᠦ ᠠᠵᠠ ᠲᠣᠬᠢᠶᠠᠯ ᠪᠣᠯᠤᠨ᠎ᠠ᠃ ᠤᠷᠤᠯᠳᠤᠭᠠᠨ ᠤ ᠲᠠᠯᠠᠪᠤᠷ ᠲᠤ᠂ ᠣᠯᠠᠨ ᠢᠶᠠᠷ ᠢᠶᠠᠨ ᠠᠵᠢᠯ ᠤᠨ | ᠳᠤᠮᠳᠠᠬᠢ ᠪᠡᠶ᠎ᠡ ᠶᠢᠨ ᠭᠠᠷᠤᠯ ᠪᠠ ᠳᠠᠷᠤᠯᠲᠠ ᠪᠠᠨ ᠬᠠᠶᠠᠵᠤ᠂ ᠪᠥᠮᠪᠦᠭᠡ ᠪᠠᠷ ᠨᠠᠶᠢᠵᠠ ᠨᠥᠬᠦᠳ ᠲᠠᠢ ᠪᠠᠨ | ᠬᠠᠷᠢᠯᠴᠠᠨ ᠰᠤᠷᠤᠯᠴᠠᠵᠤ᠂ ᠬᠠᠷᠢᠯᠴᠠᠨ ᠵᠣᠷᠢᠭᠵᠢᠭᠤᠯᠤᠨ᠎ᠠ᠃ ᠡᠭᠦᠨ ᠤ ᠬᠠᠮᠲᠤ᠂ ᠰᠠᠭᠰᠤᠨ ᠪᠥᠮᠪᠦᠭᠡ ᠶᠢᠨ | ᠬᠥᠳᠡᠯᠭᠡᠭᠡᠨ ᠨᠢ ᠨᠢᠭᠡ ᠵᠦᠢᠯ ᠤᠨ ᠴᠢᠬᠤᠯᠠ ᠰᠣᠶᠣᠯ ᠤᠨ ᠠᠴᠢᠶᠠᠯᠠᠪᠤᠷᠢ ᠪᠣᠯᠤᠭᠰᠠᠨ ᠤ ᠬᠤᠪᠢ ᠳᠤ᠂ ᠣᠯᠠᠨ ᠤ | ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠠᠯᠭᠠᠰᠤᠨ ᠤ ᠳᠣᠲᠣᠷᠠᠬᠢ ᠣᠯᠠᠨ ᠲᠦᠮᠡᠨ | ᠪᠣᠯᠤᠨ ᠠᠵᠢᠯᠲᠠᠨ ᠠᠵᠢᠯᠴᠢᠨ ᠢ ᠬᠠᠪᠤᠷ ᠤᠨ ᠲᠠᠷᠢᠶᠠᠯᠠᠭ᠎ᠠ ᠪᠣᠯᠤᠨ ᠶᠠᠭᠠᠷᠠᠯᠲᠠᠢ ᠠᠵᠢᠯ ᠤᠨ ᠴᠢᠯᠥᠭᠡ ᠶᠢ | ᠰᠠᠭᠤᠯᠭᠠᠵᠤ᠂ ᠪᠡᠶ᠎ᠡ ᠰᠡᠳᠬᠢᠯ ᠢ ᠠᠮᠠᠷᠠᠭᠤᠯᠬᠤ᠂ ᠥᠪᠡᠷ ᠢ ᠪᠠᠨ ᠳᠡᠯᠭᠡᠨ ᠦᠵᠡᠭᠦᠯᠬᠦ ᠲᠠᠪᠴᠠᠩ ᠲᠠᠢ ᠪᠣᠯᠭᠠᠪᠠ᠃ | ᠬᠥᠳᠡᠯᠭᠡᠭᠡᠨ ᠤ ᠳᠤᠮᠳᠠ ᠣᠷᠭᠢᠯᠤᠭᠰᠠᠨ ᠠᠮᠢᠵᠢᠷᠠᠯ ᠤᠨ ᠬᠦᠴᠦᠨ ᠢ ᠠᠵᠢᠯ ᠤᠨ ᠪᠠᠶᠢᠷᠢ ᠪᠠᠨ ᠬᠠᠶᠢᠷᠠᠯᠠᠵᠤ | ᠦᠢᠯᠡᠰ ᠢᠶᠠᠨ ᠳᠡᠭᠡᠳᠦᠯᠡᠬᠦ ᠬᠠᠯᠠᠭᠤᠨ ᠰᠡᠳᠬᠢᠯᠭᠡ ᠪᠣᠯᠭᠠᠨ ᠬᠤᠪᠢᠷᠠᠭᠤᠯᠵᠤ᠂ ᠡᠷᠡᠭᠦᠯ ᠴᠢᠭᠢᠷᠠᠭ ᠪᠡᠶ᠎ᠡ ᠮᠠᠬᠠᠪᠣᠳ᠂ | ᠭᠡᠬᠦᠳᠡᠭ ᠳᠦᠭᠦᠷᠡᠩ ᠪᠠᠶᠢᠳᠠᠯ ᠢ ᠰᠢᠨ᠎ᠡ ᠴᠠᠭ ᠦᠶ᠎ᠡ ᠶᠢᠨ ᠬᠠᠮᠤᠭ ᠤᠨ ᠭᠤᠶᠣ ᠲᠡᠮᠡᠴᠡᠯ ᠤᠨ ᠰᠠᠭᠤᠷᠢ ᠪᠣᠯᠭᠠᠨ | ᠵᠢᠷᠤᠭᠯᠠᠬᠤ ᠬᠡᠷᠡᠭᠲᠡᠢ᠃ ᠳᠠᠷᠠᠭᠠᠴᠢ ᠶᠢᠨ ᠠᠯᠬᠤᠮ ᠳᠤ᠂ ᠰᠢᠶᠠ ᠱᠢ ᠬᠤᠤ ᠪᠠᠯᠭᠠᠰᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ | ᠪᠠᠷᠢᠮᠲᠠᠯᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠢᠶᠠᠯᠠᠭ᠎ᠠ ᠶᠢ ᠦᠷᠭᠦᠯᠵᠢᠯᠡᠨ ᠢᠳᠡᠪᠬᠢᠲᠡᠢ | ᠴᠤᠤᠷᠢᠶᠠᠲᠤᠨ ᠳᠠᠭᠠᠵᠤ᠂ ᠡᠯᠪᠡᠭ ᠪᠠᠶᠠᠯᠢᠭ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠷ ᠠᠴᠢᠶᠠᠯᠠᠪᠤᠷᠢ ᠪᠣᠯᠭᠠᠵᠤ᠂ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠶᠢᠯᠠᠭᠠᠭᠳᠠᠬᠤᠨ ᠢ ᠭᠦᠨᠵᠡᠭᠡᠶᠢᠷᠡᠭᠦᠯᠵᠦ᠂ ᠣᠯᠠᠨ ᠢ ᠠᠵᠢᠯ ᠪᠣᠯᠤᠨ | ᠠᠮᠢᠳᠤᠷᠠᠯ ᠤᠨ ᠳᠤᠮᠳᠠ ᠲᠡᠩᠴᠡᠭᠦᠷᠢᠲᠡᠢ ᠪᠣᠯᠭᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠬᠥᠳᠡᠭᠡ | ᠲᠣᠰᠬᠤᠨ ᠤ ᠠᠮᠢᠳᠤᠷᠠᠯ ᠤᠨ ᠰᠢᠨ᠎ᠡ ᠬᠡᠪ ᠰᠤᠷᠲᠠᠯ ᠢ ᠪᠤᠢ ᠪᠤᠯᠭᠠᠨ᠎ᠠ᠃ | | |