ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ | ᠪᠦᠬᠦ ᠪᠠᠯᠭᠠᠰᠤᠨ ᠤ ᠰᠠᠭᠤᠭᠠᠯᠢ ᠠᠷᠠᠳ ᠤᠨ ᠦᠨᠡᠨᠴᠢ ᠢᠲᠡᠭᠡᠮᠵᠢ ᠶᠢᠨ ᠤᠬᠠᠮᠰᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠦᠨᠡᠨᠴᠢ ᠢᠲᠡᠭᠡᠮᠵᠢᠲᠡᠢ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠢ ᠪᠣᠯᠭᠠᠬᠤ ᠶᠢᠨ | ᠲᠥᠯᠥᠭᠡ᠂ ᠣᠶᠢᠷ᠎ᠠ ᠳᠤ᠂ ᠶᠢᠨ ᠬᠤᠤ ᠪᠠᠯᠭᠠᠰᠤ ᠤᠬᠠᠭᠤᠯᠭ᠎ᠠ ᠶᠢᠨ ᠠᠷᠭ᠎ᠠ ᠵᠠᠮ ᠢᠶᠠᠨ ᠢᠳᠡᠪᠬᠢᠲᠡᠢ ᠥᠷᠭᠡᠳᠬᠡᠵᠦ᠂ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ︽ᠳᠥᠷᠪᠡ ᠶᠢ ᠣᠷᠣᠭᠤᠯᠬᠤ︾ ᠠᠵᠢᠯᠯᠠᠭ᠎ᠠ ᠶᠢ ᠪᠦᠬᠦ ᠲᠠᠯ᠎ᠠ ᠪᠠᠷ᠂ | ᠣᠯᠠᠨ ᠳᠡᠰ ᠳᠠᠪᠬᠤᠷᠭ᠎ᠠ ᠪᠠᠷ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠣᠯᠪᠠ᠃ | ᠨᠢᠭᠡ ᠳᠤ ᠦᠨᠡᠨᠴᠢ ᠢᠲᠡᠭᠡᠮᠵᠢᠲᠡᠢ ᠪᠠᠷ ︽ᠲᠣᠰᠬᠤᠨ ᠪᠠᠯᠭᠠᠰᠤᠨ ᠳᠤ ᠣᠷᠣᠬᠤ︾ ᠶᠢ ᠪᠡᠶᠡᠯᠡᠭᠦᠯᠪᠡ᠃ | ᠠᠵᠢᠯᠯᠠᠭ᠎ᠠ ᠶᠢᠨ ᠳᠤᠮᠳᠠ᠂ ᠶᠢᠨ ᠬᠤᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠭᠠᠵᠠᠷ ᠡᠯ᠎ᠡ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠲᠠᠢ ᠬᠠᠮᠲᠤᠷᠠᠨ | 10 ᠭᠠᠷᠤᠢ ᠤᠳᠠᠭ᠎ᠠ ᠡᠯᠪᠡᠭ ᠪᠠᠶᠠᠯᠢᠭ ᠦᠨᠡᠨᠴᠢ ᠢᠲᠡᠭᠡᠮᠵᠢᠲᠡᠢ ᠲᠣᠰᠬᠤᠨ ᠪᠠᠯᠭᠠᠰᠤ ᠶᠢᠨ ᠤᠬᠠᠭᠤᠯᠭ᠎ᠠ ᠶᠢᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ | ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠣᠯᠠᠨ | ᠲᠦᠮᠡᠨ ᠳᠤ ᠦᠨᠡᠨᠴᠢ ᠢᠲᠡᠭᠡᠮᠵᠢ ᠶᠢᠨ ᠮᠡᠳᠡᠯᠭᠡ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠦᠭᠡᠮᠡᠯᠵᠢᠭᠦᠯᠵᠡᠢ᠃ | ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠬᠤᠪᠢ ᠬᠥᠮᠦᠨ ᠤ ᠢᠲᠡᠭᠡᠮᠵᠢ ᠶᠢᠨ ᠬᠠᠮᠠᠭᠠᠯᠠᠯᠲᠠ ᠠᠴᠠ ᠵᠠᠬ᠎ᠠ | ᠳᠡᠯᠭᠡᠭᠦᠷ ᠤᠨ ᠠᠵᠤ ᠠᠬᠤᠢ ᠶᠢᠨ ᠠᠵᠢᠯᠯᠠᠭ᠎ᠠ ᠳᠤᠮᠳᠠᠬᠢ ᠭᠡᠷ᠎ᠡ ᠶᠢᠨ ᠵᠣᠷᠢᠭ ᠰᠠᠨᠠᠭ᠎ᠠ ᠶᠢ ᠬᠠᠮᠤᠷᠴᠤ᠂ ᠠᠭᠤᠯᠭ᠎ᠠ ᠨᠢ | ᠥᠷᠭᠡᠨ ᠳᠡᠯᠭᠡᠷ ᠪᠠᠶᠢᠳᠠᠭ᠃ ᠲᠤᠬᠠᠢ ᠶᠢᠨ ᠲᠠᠯᠠᠪᠤᠷ ᠤᠨ ᠲᠠᠶᠢᠯᠪᠤᠷᠢᠯᠠᠯᠲᠠ ᠶᠢᠨ ᠠᠷᠭ᠎ᠠ ᠮᠠᠶ᠋ᠢᠭ ᠨᠢ ᠣᠯᠠᠨ | ᠲᠦᠮᠡᠨ ᠳᠤ ᠦᠨᠡᠨᠴᠢ ᠢᠲᠡᠭᠡᠮᠵᠢ ᠶᠢᠨ ᠠᠮᠢᠳᠤᠷᠠᠯ ᠤᠨ ᠳᠤᠮᠳᠠᠬᠢ ᠴᠢᠬᠤᠯᠠ ᠴᠢᠨᠠᠷ ᠢ ᠦᠨᠡᠨ ᠬᠦ ᠮᠡᠳᠡᠷᠡᠭᠦᠯᠦᠨ᠎ᠡ᠃ | ᠠᠵᠢᠯᠯᠠᠭ᠎ᠠ ᠨᠢ ᠣᠯᠠᠨ ᠲᠦᠮᠡᠨ ᠢ 300 ᠭᠠᠷᠤᠢ ᠬᠥᠮᠦᠨ ᠤᠳᠠᠭ᠎ᠠ ᠬᠠᠮᠤᠷᠴᠤ᠂ ᠲᠣᠰᠬᠤᠨ ᠤ ᠠᠷᠠᠳ ᠤᠨ | ᠦᠨᠡᠨᠴᠢ ᠢᠲᠡᠭᠡᠮᠵᠢ ᠶᠢᠨ ᠦᠵᠡᠯᠲᠡ ᠶᠢ ᠪᠦᠲᠦᠮᠵᠢᠲᠡᠢ ᠳᠡᠭᠡᠭᠰᠢᠯᠡᠭᠦᠯᠪᠡ᠃ | ᠬᠤᠶᠠᠷ ᠲᠤ ᠦᠨᠡᠨᠴᠢ ᠢᠲᠡᠭᠡᠮᠵᠢ ᠶᠢ ︽ᠬᠡᠲᠦ ᠳᠡᠯᠭᠡᠭᠦᠷ ᠲᠤ ᠣᠷᠣᠭᠤᠯᠬᠤ︾ ᠬᠡᠷᠡᠭᠲᠡᠢ᠃ ᠪᠠᠯᠭᠠᠰᠤᠨ ᠤ | ᠬᠡᠪᠴᠢᠶᠡᠨ ᠳᠣᠲᠣᠷᠠᠬᠢ ᠡᠯ᠎ᠡ ᠲᠣᠮᠣ ᠬᠡᠲᠦ ᠳᠡᠯᠭᠡᠭᠦᠷ ᠲᠤ ᠬᠦᠷᠴᠦ᠂ 10 ᠭᠠᠷᠤᠢ ᠤᠳᠠᠭ᠎ᠠ ᠬᠤᠳᠠᠯᠳᠤᠭᠠᠨ ᠤ | ᠴᠢᠯᠥᠭᠡᠲᠦ ᠳᠡᠯᠭᠡᠭᠦᠷ ᠤᠨ ᠦᠨᠡᠨᠴᠢ ᠢᠲᠡᠭᠡᠮᠵᠢ ᠶᠢᠨ ᠬᠥᠮᠦᠵᠢᠯ ᠤᠨ ᠰᠤᠷᠪᠤᠯᠵᠢᠯᠠᠭ᠎ᠠ ᠶᠢ ᠢᠳᠡᠪᠬᠢᠲᠡᠢ ᠥᠷᠨᠢᠭᠦᠯᠪᠡ᠃ | ᠪᠠᠯᠭᠠᠰᠤᠨ ᠤ ᠳᠣᠲᠣᠷᠠᠬᠢ 12 ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ ᠵᠡᠷᠭᠡ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢ ᠭᠤᠣᠯᠳᠠᠯᠭ᠎ᠠ ᠲᠠᠢ ᠰᠤᠷᠪᠤᠯᠵᠢᠯᠠᠪᠠ᠃ ᠰᠠᠶᠢᠨ ᠳᠤᠷ᠎ᠠ ᠶᠢᠨ ᠦᠢᠯᠡᠴᠢᠯᠡᠭᠴᠢ | ᠬᠤᠳᠠᠯᠳᠤᠭᠠᠴᠢᠨ ᠡᠷᠦᠬᠡ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ | ᠠᠮᠵᠢᠯᠲᠠ ᠣᠯᠤᠭᠰᠠᠨ ᠬᠡᠷᠡᠭ ᠤᠨ ᠵᠢᠱᠢᠶ᠎ᠡ ᠶᠢ ᠬᠤᠪᠢᠶᠠᠯᠴᠠᠨ᠂ ᠢᠲᠡᠭᠡᠯ ᠠᠯᠳᠠᠭᠰᠠᠨ ᠠᠵᠢᠯᠯᠠᠭ᠎ᠠ ᠶᠢᠨ | ᠠᠪᠴᠢᠷᠠᠭᠰᠠᠨ ᠬᠦᠨᠳᠦ ᠨᠣᠴᠢᠲᠠᠢ ᠦᠷ᠎ᠡ ᠳ᠋ᠦᠩ ᠢ ᠵᠠᠳᠠᠯᠵᠤ᠂ ᠬᠤᠳᠠᠯᠳᠤᠭᠠᠴᠢᠨ ᠡᠷᠦᠬᠡ ᠳᠤ ᠦᠨᠡᠨᠴᠢ | ᠢᠲᠡᠭᠡᠮᠵᠢᠲᠡᠢ ᠡᠵᠡᠩᠨᠡᠯᠲᠡ ᠪᠣᠯ ᠠᠵᠤ ᠠᠬᠤᠶᠢᠯᠠᠯ ᠤᠨ ᠤᠷᠲᠤ ᠬᠤᠭᠤᠴᠠᠭᠠᠨ ᠤ ᠬᠥᠭᠵᠢᠯᠲᠡ ᠶᠢᠨ ᠰᠠᠭᠤᠷᠢ ᠮᠥᠨ᠂ | ᠬᠡᠷᠡᠭᠯᠡᠭᠴᠢᠳ ᠤᠨ ᠢᠲᠡᠭᠡᠯ ᠪᠠ ᠵᠠᠬ᠎ᠠ ᠳᠡᠯᠭᠡᠭᠦᠷ ᠤᠨ ᠮᠠᠭᠲᠠᠭᠠᠯ ᠰᠠᠶᠢᠰᠢᠶᠠᠯ ᠢ ᠤᠯᠬᠤ ᠶᠢᠨ ᠵᠠᠩᠭᠢᠯᠠᠭ᠎ᠠ ᠮᠥᠨ | ᠭᠡᠳᠡᠭ ᠢ ᠭᠦᠨᠵᠡᠭᠡᠢ ᠲᠠᠨᠢᠭᠤᠯᠪᠠ᠃ | ᠭᠤᠷᠪᠠ ᠳᠤ᠂ ᠦᠨᠡᠨᠴᠢ ᠢᠲᠡᠭᠡᠮᠵᠢ ︽ᠭᠡᠷ ᠪᠦᠯᠢ ᠳᠤ ᠣᠷᠣᠬᠤ︾ ᠬᠡᠷᠡᠭᠲᠡᠢ᠃ ᠭᠡᠷ ᠪᠦᠯᠢ ᠶᠢᠨ | ᠳᠠᠪᠬᠤᠷᠭ᠎ᠠ ᠳᠤ᠂ ᠶᠢᠨ ᠬᠤᠤ ᠪᠠᠯᠭᠠᠰᠤᠨ ᠳᠤ ᠦᠨᠡᠨᠴᠢ ᠢᠲᠡᠭᠡᠮᠵᠢᠲᠡᠢ ᠭᠡᠷ ᠤᠨ ᠰᠤᠷᠲᠠᠯ ᠤᠨ ᠥᠯᠢᠭᠡᠷ | ᠴᠤᠭᠯᠠᠭᠤᠯᠬᠤ ᠠᠵᠢᠯᠯᠠᠭ᠎ᠠ ᠶᠢ ᠥᠷᠨᠢᠭᠦᠯᠵᠦ᠂ ᠭᠡᠷ ᠪᠦᠯᠢ ᠶᠢᠨ ᠳᠤᠮᠳᠠᠬᠢ ᠦᠨᠡᠨᠴᠢ ᠢᠲᠡᠭᠡᠮᠵᠢ ᠶᠢᠨ ᠡᠯᠧᠮᠧᠨ᠋ᠲ ᠢ | ᠭᠦᠨᠵᠡᠭᠡᠢ ᠠᠭᠤᠳᠠᠯᠪᠠ᠃ ᠠᠵᠢᠯᠯᠠᠭ᠎ᠠ ᠨᠢ ᠲᠣᠰᠬᠤᠨ ᠤ ᠠᠷᠠᠳ ᠤᠨ ᠢᠳᠡᠪᠬᠢᠲᠡᠢ ᠬᠦᠷᠢᠶᠡᠯᠡᠯ ᠢ ᠣᠯᠵᠤ᠂ | ᠬᠠᠯᠠᠭᠤᠨ ᠳᠤᠯᠠᠭᠠᠨ ᠪᠠ ᠦᠨᠡᠨᠴᠢ ᠢᠲᠡᠭᠡᠮᠵᠢ ᠶᠢᠨ ᠬᠦᠴᠦᠨ ᠪᠢᠯᠬᠠᠭᠰᠠᠨ ᠪᠣᠷᠣ ᠮᠠᠲ᠋ᠧᠷᠢᠶᠠᠯ ᠢ ᠨᠡᠶᠢᠲᠡ 4 ᠬᠤᠪᠢ | ᠴᠤᠭᠯᠠᠭᠤᠯᠪᠠ᠃ ᠡᠳᠡᠭᠡᠷ ᠦᠯᠢᠭᠡᠷ ᠤᠨ ᠵᠠᠷᠢᠮ ᠨᠢ ᠠᠬᠠᠮᠠᠳ ᠦᠶ᠎ᠡ ᠶᠢᠨ ᠬᠢᠨ ᠤ ᠬᠡᠷᠬᠢᠨ ᠦᠭᠡ ᠶᠠᠷᠢᠵᠤ | ᠪᠡᠶ᠎ᠡ ᠪᠠᠷ ᠢᠶᠠᠨ ᠵᠢᠭᠠᠬᠤ ᠲᠤᠬᠠᠢ ᠶᠠᠷᠢᠵᠤ᠂ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠡᠳᠦᠷ ᠲᠤᠲᠤᠮ ᠤᠨ | ᠠᠮᠢᠳᠤᠷᠠᠯ ᠳᠤ ᠠᠭᠤᠰᠤᠯᠴᠠᠭᠤᠯᠪᠠ︔ ᠵᠠᠷᠢᠮ ᠨᠢ ᠭᠡᠷ ᠪᠦᠯᠢ ᠶᠢᠨ ᠪᠦᠷᠢᠯᠳᠦᠬᠦᠨ ᠤ ᠠᠰᠢᠭ ᠲᠤᠰᠠ ᠶᠢᠨ | ᠰᠣᠩᠭᠤᠯᠲᠠ ᠳᠤ ᠬᠠᠨᠳᠤᠬᠤ ᠦᠶ᠎ᠡ ᠳᠤ ᠦᠨᠡᠨᠴᠢ ᠢᠲᠡᠭᠡᠮᠵᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ ᠪᠠᠶᠢᠭ᠎ᠠ | ᠰᠡᠳᠬᠢᠯ ᠬᠥᠳᠡᠯᠭᠡᠮ᠎ᠡ ᠦᠢᠯᠡ ᠪᠠᠶᠢᠳᠠᠯ ᠢ ᠨᠢ ᠢᠯᠡᠷᠡᠭᠦᠯᠪᠡ᠃ ᠡᠳᠡᠭᠡᠷ ᠦᠯᠢᠭᠡᠷ ᠢᠶᠠᠷ ᠳᠠᠮᠵᠢᠭᠤᠯᠤᠨ᠂ ᠦᠨᠡᠨᠴᠢ | ᠢᠲᠡᠭᠡᠮᠵᠢ ᠶᠢᠨ ᠦᠷ᠎ᠡ ᠶᠢ ᠭᠡᠷ ᠪᠦᠯᠢ ᠶᠢᠨ ᠳᠤᠮᠳᠠ ᠦᠨᠳᠦᠰᠦᠯᠡᠭᠦᠯᠦᠨ ᠰᠣᠶᠣᠭᠠᠯᠠᠭᠤᠯᠵᠤ᠂ ᠭᠡᠷ ᠤᠨ | ᠰᠤᠷᠲᠠᠯ ᠢᠶᠠᠷ ᠠᠷᠠᠳ ᠤᠨ ᠰᠤᠷᠲᠠᠯ ᠢ ᠠᠬᠢᠭᠤᠯᠵᠤ᠂ ᠪᠦᠬᠦ ᠪᠠᠯᠭᠠᠰᠤᠨ ᠤ ᠦᠨᠡᠨᠴᠢ ᠢᠲᠡᠭᠡᠮᠵᠢ ᠶᠢᠨ ᠰᠣᠶᠣᠯ ᠤᠨ | ᠪᠠᠶᠢᠭᠤᠯᠤᠯᠲᠠ ᠶᠢ ᠠᠬᠢᠭᠤᠯᠪᠠ᠃ | ᠳᠥᠷᠪᠡ ᠳᠤ ᠦᠨᠡᠨᠴᠢ ᠢᠲᠡᠭᠡᠮᠵᠢᠲᠡᠢ ᠪᠠᠶᠢᠬᠤ ᠶᠢ ︽ᠰᠦᠯᠵᠢᠶᠡᠨ ᠳᠤ ᠣᠷᠣᠭᠤᠯᠬᠤ︾ ᠶᠢ ᠪᠡᠶᠡᠯᠡᠭᠦᠯᠦᠨ᠎ᠡ᠃ | ᠰᠦᠯᠵᠢᠶᠡᠨ ᠤ ᠲᠠᠪᠴᠠᠩ ᠢ ᠭᠦᠢᠴᠡᠳ ᠠᠰᠢᠭᠯᠠᠨ ᠦᠨᠡᠨᠴᠢ ᠢᠲᠡᠭᠡᠮᠵᠢ ᠶᠢᠨ ᠰᠣᠶᠣᠯ ᠤᠨ ᠤᠬᠠᠭᠤᠯᠭ᠎ᠠ ᠶᠢ | ᠥᠷᠨᠢᠭᠦᠯᠦᠨ᠎ᠡ᠃ ᠸᠢᠴᠠᠲ ᠤᠨ ᠨᠡᠶᠢᠲᠡ ᠶᠢᠨ ᠳ᠋ᠤᠭᠠᠷ᠂ ᠡᠯ᠎ᠡ ᠲᠣᠰᠬᠤᠨ ᠤ ᠸᠢᠴᠠᠲ ᠤᠨ ᠬᠤᠯᠪᠣᠭ᠎ᠠ ᠪᠠᠷ | ᠳᠠᠮᠵᠢᠭᠤᠯᠤᠨ ᠦᠨᠡᠨᠴᠢ ᠢᠲᠡᠭᠡᠮᠵᠢ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠵᠢᠯᠯᠠᠭ᠎ᠠ ᠶᠢᠨ ᠬᠥᠳᠡᠯᠦᠯ | ᠪᠠᠶᠢᠳᠠᠯ ᠵᠡᠷᠭᠡ ᠮᠡᠳᠡᠭᠡ ᠵᠠᠩᠭᠢ ᠶᠢ ᠨᠡᠶᠢᠲᠡ 10 ᠭᠠᠷᠤᠢ ᠵᠤᠷᠪᠤᠰ ᠨᠡᠶᠢᠲᠡᠯᠡᠪᠡ᠃ ᠡᠲᠡᠭᠡᠷ ᠮᠡᠳᠡᠭᠡ ᠵᠠᠩᠭᠢ ᠶᠢᠨ | ᠠᠭᠤᠯᠭ᠎ᠠ ᠨᠢ ᠪᠠᠶᠠᠯᠢᠭ ᠪᠠᠶᠢᠵᠤ᠂ ᠢᠲᠡᠭᠡᠮᠵᠢ ᠶᠢ ᠰᠡᠷᠭᠦᠭᠡᠬᠦ ᠶᠠᠪᠤᠴᠠ᠂ ᠢᠲᠡᠭᠡᠮᠵᠢ ᠲᠠᠢ ᠪᠠᠶᠢᠬᠤ ᠶᠢ | ᠤᠷᠮᠠᠰᠢᠭᠤᠯᠬᠤ ᠪᠣᠳᠠᠲᠠᠢ ᠠᠷᠭ᠎ᠠ ᠬᠡᠮᠵᠢᠶ᠎ᠡ ᠵᠡᠷᠭᠡ ᠶᠢ ᠪᠠᠭᠲᠠᠭᠠᠵᠤ᠂ ᠮᠡᠳᠡᠭᠡ ᠵᠠᠩᠭᠢ ᠶᠢ ᠨᠡᠶᠢᠲᠡ 600 ᠭᠠᠷᠤᠢ | ᠬᠥᠮᠦᠨ ᠤᠳᠠᠭ᠎ᠠ ᠳᠤ ᠬᠦᠯᠢᠶᠡᠨ ᠠᠪᠴᠠᠢ᠃ ᠰᠦᠯᠵᠢᠶᠡᠨ ᠤ ᠬᠦᠴᠦᠨ ᠢ ᠠᠰᠢᠭᠯᠠᠨ᠂ ᠦᠨᠡᠨᠴᠢ ᠢᠲᠡᠭᠡᠮᠵᠢ ᠶᠢᠨ | ᠰᠣᠶᠣᠯ ᠨᠢ ᠴᠠᠭ ᠪᠠ ᠣᠷᠣᠨ ᠵᠠᠢ ᠶᠢᠨ ᠬᠢᠵᠠᠭᠠᠷᠯᠠᠯ ᠢ ᠡᠪᠳᠡᠵᠦ᠂ ᠨᠡᠩ ᠣᠯᠠᠨ ᠣᠯᠠᠨ ᠲᠦᠮᠡᠨ ᠳᠤ ᠬᠦᠷᠴᠦ᠂ | ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠪᠡ᠃ | ᠲᠤᠰ ᠤᠳᠠᠭᠠᠨ ᠤ ᠪᠦᠬᠦ ᠲᠠᠯ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠨ᠂ ᠺᠠᠳ᠋ᠷ ᠣᠯᠠᠨ ᠲᠦᠮᠡᠨ | ᠦᠨᠡᠨᠴᠢ ᠢᠲᠡᠭᠡᠮᠵᠢᠲᠡᠢ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢᠨ ᠴᠢᠬᠤᠯᠠ ᠴᠢᠨᠠᠷ ᠤᠨ ᠲᠤᠬᠠᠢ ᠨᠡᠩ | ᠭᠦᠨᠵᠡᠭᠡᠢ ᠲᠠᠨᠢᠯᠲᠠ ᠲᠠᠢ ᠪᠣᠯᠵᠤ᠂ ᠡᠳᠦᠷ ᠲᠤᠲᠤᠮ ᠤᠨ ᠠᠵᠢᠯ ᠤᠨ ᠳᠤᠮᠳᠠ ᠪᠡᠶ᠎ᠡ ᠪᠠᠷ ᠢᠶᠠᠨ ᠬᠡᠪ ᠳᠦᠷᠢᠮ | ᠪᠣᠯᠬᠤ ᠶᠢ ᠨᠡᠩ ᠴᠢᠬᠤᠯᠠᠴᠢᠯᠠᠵᠤ᠂ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠦᠢᠯᠡᠳᠦᠯᠭᠡᠵᠢᠭᠦᠯᠪᠡ︔ | ᠲᠣᠰᠬᠤᠨ ᠤ ᠠᠷᠠᠳ ᠢᠲᠡᠭᠡᠮᠵᠢ ᠶᠢ ᠰᠡᠷᠭᠦᠭᠡᠬᠦ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠵᠡᠷᠭᠡ ᠲᠥᠷᠥ ᠶᠢᠨ | ᠪᠣᠳᠣᠯᠭ᠎ᠠ ᠶᠢ ᠮᠡᠳᠡᠬᠦ ᠨᠣᠷᠮ᠎ᠠ ᠢᠯᠡᠳᠲᠡ ᠨᠡᠮᠡᠭᠳᠡᠵᠦ᠂ ᠪᠦᠬᠦ ᠪᠠᠯᠭᠠᠰᠤᠨ ᠤ ᠰᠠᠶᠢᠨ ᠰᠠᠶᠢᠬᠠᠨ ᠢᠲᠡᠭᠡᠮᠵᠢ ᠶᠢᠨ | ᠣᠷᠴᠢᠨ ᠨᠥᠬᠦᠴᠡᠯ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ ᠳᠠᠷᠠᠭᠠᠴᠢ ᠶᠢᠨ ᠠᠯᠬᠤᠮ ᠳᠤ᠂ ᠶᠢᠨ | ᠬᠤᠤ ᠪᠠᠯᠭᠠᠰᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠤᠬᠠᠭᠤᠯᠭ᠎ᠠ ᠶᠢᠨ ᠠᠷᠭ᠎ᠠ | ᠬᠡᠯᠪᠡᠷᠢ ᠶᠢᠨ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠦᠨᠡᠨᠴᠢ ᠢᠲᠡᠭᠡᠮᠵᠢ ᠶᠢᠨ ᠴᠡᠴᠡᠭ ᠢ ᠪᠦᠬᠦ | ᠪᠠᠯᠭᠠᠰᠤᠨ ᠳᠤ ᠨᠡᠩ ᠭᠤᠶᠢᠳᠠ ᠰᠠᠶᠢᠬᠠᠨ ᠪᠣᠯᠭᠠᠨ᠎ᠠ᠃ | |