︽12 000 ᠲᠠᠬᠢᠶᠠᠨ ᠤ ᠴᠤᠷᠪᠠᠭ᠎ᠠ ᠶᠢ ᠰᠠᠷ᠎ᠠ ᠢᠯᠡᠭᠦᠦ ᠶᠢᠨ ᠬᠤᠭᠤᠴᠠᠭᠠᠨ ᠳᠤ ᠪᠦᠬᠦᠨ ᠢ ᠬᠤᠪᠢᠶᠠᠵᠤ ᠲᠠᠭᠤᠰᠤᠯ᠎ᠠ︕︾
ᠨᠡᠶᠢᠲᠡᠯᠡᠭᠰᠡᠨ ᠴᠠᠭ᠄
2025/4/25
    ᠲᠤᠬᠠᠢ ᠶᠢᠨ ᠭᠠᠵᠠᠷ ᠤᠨ ᠬᠥᠳᠡᠭᠡ ᠲᠤᠰᠬᠤᠨ ᠤ ᠰᠦᠯᠵᠢᠶᠡᠨ ᠤ ᠨᠡᠪᠳᠡᠷᠡᠭᠦᠯᠦᠭᠴᠢ ︽ ᠲᠠᠬᠢᠶ᠎ᠡ ᠲᠡᠵᠢᠭᠡᠭᠴᠢ ᠯᠸᠢ ᠯᠧᠢ︾    ᠬᠠᠪᠤᠷ ᠤᠨ ᠡᠳᠦᠷ ᠤᠨ ᠭᠦᠶᠡᠩ ᠰᠢᠶᠠᠨ ᠤ ᠰᠡᠷᠳᠡᠩ ᠤᠨ ᠠᠭᠤᠯᠠ ᠶᠢᠨ ᠬᠤᠷᠮᠣᠢ ᠳᠤ ᠲᠣᠰᠬᠤᠨ ᠤ ᠠᠷᠠᠳ ᠬᠤᠯᠤᠰᠤᠨ ᠰᠢᠩᠭᠡᠯᠢᠭ ᠪᠠᠷᠢᠵᠤ ᠴᠠᠭᠠᠰᠤᠨ ᠬᠠᠶᠢᠷᠴᠠᠭ ᠲᠡᠪᠡᠷᠢᠨ ᠢᠨᠢᠶᠡᠮᠰᠦᠭᠯᠡᠭᠰᠡᠭᠡᠷ ᠲᠠᠬᠢᠶᠠᠨ ᠴᠤᠷᠪᠠᠭ᠎ᠠ ᠶᠢ ᠬᠦᠯᠡᠮᠵᠢ ᠠᠴᠠ ᠲᠣᠰᠴᠤ ᠠᠪᠴᠤ ᠪᠠᠶᠢᠪᠠ᠃ 4 ᠰᠠᠷ᠎ᠠ ᠶᠢᠨ 22 ᠤᠨ ᠡᠳᠦᠷ᠂ ᠨᠤᠲᠤᠭ ᠳᠠᠭᠠᠨ ᠪᠤᠴᠠᠵᠤ ᠦᠢᠯᠡᠰ ᠴᠣᠭᠴᠠᠯᠠᠭᠰᠠᠨ 90 ᠣᠨ ᠠᠴᠠ ᠬᠤᠶᠢᠰᠢᠬᠢ ᠲᠣᠣᠷ ᠰᠦᠯᠵᠢᠶ᠎ᠡ ᠶᠢᠨ ᠨᠡᠷᠡᠳᠦ ᠨᠡᠪᠳᠡᠷᠡᠭᠦᠯᠦᠭᠴᠢ ︽ᠲᠠᠬᠢᠶ᠎ᠡ ᠲᠡᠵᠢᠭᠡᠬᠦ ᠯᠧᠢ ᠯᠧᠢ︾ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠮᠦᠨ᠎ᠡ ᠵᠣᠭᠰᠣᠵᠤ᠂ ᠪᠠᠶᠠᠷ ᠤᠨ ᠴᠢᠷᠠᠢ ᠪᠠᠷ᠄ ︽ᠵᠢᠯ ᠤᠨ ᠡᠬᠢ ᠪᠠᠷ ᠡᠨᠡ ᠬᠦ ᠲᠡᠵᠢᠭᠡᠨ ᠦᠷᠡᠵᠢᠭᠦᠯᠬᠦ ᠲᠠᠯᠠᠪᠠᠢ ᠶᠢ ᠬᠥᠯᠥᠰᠥᠯᠡᠵᠦ ᠠᠪᠬᠤ ᠦᠶ᠎ᠡ ᠳᠤ᠂ ᠦᠨᠡᠨ ᠳᠤ ᠪᠠᠨ ᠥᠪᠡᠷᠮᠢᠴᠡ ᠣᠨᠴᠠᠯᠢᠭ ᠲᠠᠢ ᠲᠡᠵᠢᠭᠡᠨ ᠦᠷᠡᠵᠢᠭᠦᠯᠬᠦ ᠳᠤ ᠲᠦᠰᠢᠭᠯᠡᠨ ᠪᠠᠶᠠᠵᠢᠯ ᠤᠨ ᠵᠠᠮ ᠢᠶᠠᠷ ᠵᠠᠮᠨᠠᠬᠤ ᠶᠢ ᠪᠣᠳᠣᠵᠤ ᠣᠯᠤᠭᠰᠠᠨ ᠦᠭᠡᠢ᠂ ᠡᠷᠭᠢᠨ ᠲᠣᠭᠤᠷᠢᠨ ᠤ ᠨᠤᠲᠤᠭ ᠤᠨ ᠠᠬ᠎ᠠ ᠳᠡᠭᠦᠦ ᠨᠡᠷ ᠴᠥᠮ ᠡᠨᠡ ᠬᠦ ᠬᠠᠮᠲᠤ ᠪᠠᠷ ᠪᠠᠶᠠᠵᠢᠬᠤ ᠵᠠᠮ ᠢ ᠵᠥᠪᠰᠢᠶᠡᠷᠡᠨ᠎ᠡ᠃ ᠦᠵᠡᠬᠦ ᠦᠬᠡᠢ ᠤᠤ᠂ ᠤᠪ ᠤᠬᠤᠷᠬᠠᠨ ᠨᠢᠭᠡ ᠰᠠᠷ᠎ᠠ ᠶᠢᠨ ᠬᠤᠭᠤᠴᠠᠭᠠᠨ ᠳᠤ 12000 ᠲᠠᠬᠢᠶᠠᠨ ᠴᠤᠷᠪᠠᠭ᠎ᠠ ᠶᠢ ᠬᠤᠪᠢᠶᠠᠵᠤ ᠲᠠᠭᠤᠰᠬᠠᠪᠠ︾ ᠭᠡᠵᠡᠢ᠃    ᠰᠢᠩ ᠱᠦᠨ ᠰᠢ ᠪᠠᠯᠭᠠᠰᠤᠨ ᠤ ᠬᠠᠳᠠᠨ ᠬᠤᠰᠢᠭᠤ ᠲᠣᠰᠬᠤᠨ ᠤ ᠨᠠᠮ ᠤᠨ ᠡᠭᠦᠷ ᠤᠨ ᠱᠦᠵᠢ ᠸᠠᠩ ᠯᠢᠶᠠᠩ᠂ ᠵᠢᠯ ᠪᠦᠷᠢ ᠲᠣᠰᠬᠤᠨ ᠠᠴᠠ ᠲᠠᠬᠢᠶ᠎ᠠ ᠪᠠ ᠲᠠᠬᠢᠶᠠᠨ ᠥᠨᠳᠡᠭᠡ ᠬᠤᠳᠠᠯᠳᠤᠨ ᠠᠪᠬᠤ ᠬᠥᠮᠦᠨ ᠴᠥᠭᠡᠨ ᠪᠤᠰᠤ᠂ ᠢᠯᠠᠩᠭᠤᠶ᠎ᠠ ᠵᠢᠯ ᠤᠨ ᠪᠠᠶᠠᠷ ᠤᠨ ᠬᠤᠭᠤᠴᠠᠭᠠᠨ ᠳᠤ᠃ ᠭᠡᠪᠡᠴᠦ ᠬᠡᠵᠢᠶᠡᠳᠡ ᠡᠳᠦᠷ ᠬᠦᠯᠢᠶᠡᠬᠦ ᠴᠢᠬᠤᠯᠠ ᠲᠠᠢ᠂ ᠦᠷᠭᠦᠯᠵᠢ ᠬᠤᠳᠠᠯᠳᠤᠨ ᠠᠪᠬᠤ ᠦᠶ᠎ᠡ ᠳᠤ ᠬᠠᠳᠠᠭᠠᠯᠠᠭ᠎ᠠ ᠦᠭᠡᠢ᠂ ᠬᠠᠳᠠᠭᠠᠯᠠᠭᠰᠠᠨ ᠤ ᠳᠠᠷᠠᠭ᠎ᠠ ᠪᠠᠰᠠ ᠠᠪᠬᠤ ᠬᠥᠮᠦᠨ ᠦᠭᠡᠢ᠂ ᠡᠨᠡ ᠠᠶᠢᠵᠠᠮ ᠶᠡᠷᠦ ᠨᠢ ᠲᠠᠭᠠᠷᠠᠵᠤ ᠦᠭᠬᠦ ᠦᠭᠡᠢ᠃ ᠲᠣᠰᠬᠤᠨ ᠤ ︽ᠬᠤᠶᠠᠷ ᠵᠥᠪᠯᠡᠯ︾ ᠤᠨ ᠣᠯᠠᠨ ᠤᠳᠠᠭᠠᠨ ᠤ ᠵᠥᠪᠳᠡᠯᠴᠡᠭᠡ ᠪᠠᠷ ᠳᠠᠮᠵᠢᠨ᠂ ᠵᠢᠵᠢᠭ ᠲᠠᠷᠢᠶᠠᠴᠢᠨ ᠤ ᠠᠵᠤ ᠠᠬᠤᠢ ᠶᠢᠨ ᠭᠠᠭᠴᠠᠭᠠᠷ ᠲᠡᠮᠡᠴᠡᠬᠦ ᠪᠠᠶᠢᠷᠢᠰᠢᠯ ᠢ ᠡᠪᠳᠡᠵᠦ᠂ ︽ᠬᠠᠮᠲᠤ ᠶᠢᠨ ᠠᠵᠤ ᠠᠬᠤᠢ ᠶᠢ ᠨᠢᠭᠡᠳᠦᠯᠲᠡᠢ ᠲᠥᠯᠥᠪᠯᠡᠭᠰᠡᠨ ᠡᠬᠢ ᠪᠠᠶᠠᠯᠢᠭ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ᠂ ᠰᠦᠯᠵᠢᠶᠡᠨ ᠤ ᠨᠡᠪᠳᠡᠷᠡᠭᠦᠯᠦᠭᠴᠢ ᠶᠢᠨ IP ᠶᠢᠨ ᠥᠷᠲᠡᠭ ᠢᠶᠠᠷ ᠡᠨᠧᠷᠭᠢ ᠣᠯᠭᠤᠬᠤ︾ ᠭᠤᠷᠪᠠᠨ ᠲᠠᠯ᠎ᠠ ᠶᠢᠨ ᠬᠤᠯᠪᠣᠭᠠᠯᠠᠨ ᠬᠥᠳᠡᠯᠦᠯᠴᠡᠬᠦ ᠬᠥᠭᠵᠢᠯᠲᠡ ᠶᠢᠨ ᠰᠢᠰᠲ᠋ᠧᠮ ᠢ ᠰᠢᠨ᠎ᠡ ᠪᠠᠷ ᠡᠭᠦᠳᠦᠨ ᠪᠠᠶᠢᠭᠤᠯᠵᠤ᠂ ᠣᠷᠣᠨ ᠪᠦᠰᠡ ᠶᠢᠨ ᠣᠨᠴᠠᠯᠢᠭ ᠲᠠᠢ ᠰᠠᠷᠳᠡᠩ ᠠᠭᠤᠯᠠᠨ ᠤ ᠲᠠᠬᠢᠶ᠎ᠡ ᠲᠡᠵᠢᠭᠡᠨ ᠦᠷᠡᠵᠢᠭᠦᠯᠬᠦ ᠠᠵᠤ ᠦᠢᠯᠡᠰ ᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠬᠠᠢ ᠶᠢᠨ ᠭᠠᠵᠠᠷ ᠤᠨ ᠲᠠᠷᠢᠶᠠᠯᠠᠩ ᠬᠥᠳᠡᠭᠡ ᠲᠣᠰᠬᠤᠨ ᠤ ᠭᠤᠣᠯ ᠨᠡᠪᠲᠡᠷᠡᠭᠦᠯᠭᠡ ᠯᠦᠭᠡ ︽ ᠲᠠᠬᠢᠶ᠎ᠡ ᠲᠡᠵᠢᠭᠡᠬᠦ ᠴᠣᠮᠣᠷᠯᠢᠭ︾ ᠲᠠᠢ ᠭᠦᠨᠵᠡᠭᠡᠢ ᠬᠠᠮᠲᠤᠷᠠᠯᠴᠠᠵᠤ᠂ ᠰᠤᠯᠠ ᠪᠠᠶᠢᠭ᠎ᠠ ᠲᠡᠵᠢᠭᠡᠨ ᠦᠷᠡᠵᠢᠭᠦᠯᠬᠦ ᠲᠠᠯᠠᠪᠠᠢ ᠶᠢ ᠠᠮᠢ ᠠᠬᠤᠢ ᠶᠢᠨ ᠲᠡᠵᠢᠭᠡᠨ ᠦᠷᠡᠵᠢᠭᠦᠯᠬᠦ ᠲᠠᠯᠠᠪᠠᠢ ᠪᠣᠯᠭᠠᠨ ᠥᠭᠡᠷᠡᠴᠢᠯᠡᠵᠦ᠂ ︽ᠡᠭᠦᠯᠡᠨ ᠲᠠᠬᠢᠶ᠎ᠡ ᠲᠡᠵᠢᠭᠡᠬᠦ︾ ᠬᠡᠷᠡᠭᠯᠡᠭᠡᠨ ᠤ ᠦᠵᠡᠭᠳᠡᠯ ᠢ ᠡᠭᠦᠳᠴᠦ᠂ ᠨᠠᠷᠢᠯᠢᠭ ᠣᠨᠣᠴᠠᠲᠠᠢ ᠪᠠᠷ ᠵᠣᠬᠢᠴᠠᠭᠤᠯᠬᠤ ᠶᠢ ᠪᠡᠶᠡᠯᠡᠭᠦᠯᠦᠨ᠎ᠡ ᠭᠡᠵᠦ ᠰᠠᠨᠠᠯ ᠨᠢᠭᠡᠲᠡᠢ ᠦᠵᠡᠪᠡ᠃    4 ᠰᠠᠷ᠎ᠠ ᠶᠢᠨ 22 ᠤᠨ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠣᠰᠬᠤᠨ ᠤ ᠠᠷᠠᠳ ᠲᠠᠬᠢᠶᠠᠨ ᠴᠤᠷᠪᠠᠭ᠎ᠠ ᠬᠤᠳᠠᠯᠳᠤᠨ ᠠᠪᠤᠭᠰᠠᠨ ᠤ ᠳᠠᠷᠠᠭ᠎ᠠ ᠲᠤᠩ ᠬᠠᠨᠤᠮᠵᠢᠲᠠᠢ ᠪᠠᠶᠢᠪᠠ᠃    ᠰᠡᠳᠬᠢᠴᠡ ᠲᠠᠢ ᠪᠣᠯᠪᠠᠯ ᠴᠢᠭᠯᠡᠯ ᠲᠠᠢ ᠪᠤᠯᠠᠴᠢᠬᠠᠨ᠎ᠠ᠃ ᠲᠣᠰᠬᠤᠨ ᠤ ︽ᠬᠤᠶᠠᠷ ᠵᠥᠪᠯᠡᠯ︾ ᠨᠢᠭᠡ ᠲᠠᠯ᠎ᠠ ᠪᠠᠷ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠲᠡᠵᠢᠭᠡᠨ ᠦᠷᠡᠵᠢᠭᠦᠯᠬᠦ ᠰᠡᠳᠬᠢᠮᠵᠢ ᠶᠢ ᠡᠷᠦᠬᠡ ᠳᠤ ᠣᠷᠣᠵᠤ ᠤᠬᠠᠭᠤᠯᠤᠨ᠂ 30 ᠭᠠᠷᠤᠢ ᠡᠷᠦᠬᠡ ᠲᠡᠵᠢᠭᠡᠨ ᠦᠷᠡᠵᠢᠭᠦᠯᠬᠦ ᠲᠤᠷᠰᠢᠯᠭ᠎ᠠ ᠲᠠᠢ ᠲᠠᠷᠢᠶᠠᠴᠢᠨ ᠡᠷᠦᠬᠡ ᠶᠢᠨ ᠪᠡᠶ᠎ᠡ ᠪᠠᠨ ᠳᠠᠭᠠᠭᠠᠵᠤ ᠲᠡᠵᠢᠭᠡᠨ ᠦᠷᠡᠵᠢᠭᠦᠯᠬᠦ ᠶᠢ ᠵᠣᠷᠢᠭᠵᠢᠭᠤᠯᠵᠤ᠂ ᠲᠣᠰᠬᠤᠨ ᠤ ᠬᠠᠮᠲᠤ ᠨᠡᠶᠢᠲᠡ ᠠᠴᠠ ᠲᠡᠭᠦᠨ ᠳᠤ ᠮᠡᠷᠭᠡᠵᠢᠯ ᠤᠨ ᠵᠢᠯᠣᠭᠤᠳᠣᠯᠭ᠎ᠠ ᠪᠠ ᠬᠢᠵᠢᠭ ᠢ ᠰᠡᠷᠭᠡᠶᠢᠯᠡᠬᠦ ᠪᠠᠲᠤᠯᠠᠭ᠎ᠠ ᠬᠠᠩᠭᠠᠨ᠎ᠠ︔ ᠨᠥᠭᠦᠭᠡ ᠲᠠᠯ᠎ᠠ ᠪᠠᠷ ︽ᠰᠠᠭᠤᠷᠢ ᠶᠢ ᠪᠠᠲᠤᠯᠠᠵᠤ ᠠᠰᠢᠭ ᠣᠯᠵᠠᠪᠤᠷᠢ ᠶᠢᠨ ᠬᠤᠪᠢ︾ ᠶᠢᠨ ᠨᠠᠶᠢᠳᠠᠨ ᠬᠠᠮᠢᠶᠠᠷᠤᠭᠤᠯᠬᠤ ᠬᠠᠮᠲᠤᠷᠠᠯᠴᠠᠭᠠᠨ ᠤ ᠵᠠᠭᠪᠤᠷ ᠢ ᠬᠡᠷᠡᠭᠵᠢᠭᠦᠯᠵᠦ᠂ ᠲᠠᠷᠢᠶᠠᠴᠢᠨ ᠡᠷᠦᠬᠡ ᠲᠠᠬᠢᠶᠠᠨ ᠴᠤᠷᠪᠠᠭ᠎ᠠ ᠶᠢ ᠲᠣᠰᠬᠤᠨ ᠤ ᠬᠠᠮᠲᠤ ᠳᠤ ᠲᠤᠰᠢᠶᠠᠨ ᠨᠢᠭᠡᠳᠦᠯᠲᠡᠢ ᠲᠡᠵᠢᠭᠡᠨ ᠦᠷᠡᠵᠢᠭᠦᠯᠵᠦ ᠪᠣᠯᠤᠨ᠎ᠠ᠃ ᠡᠭᠦᠨ ᠤ ᠬᠠᠮᠲᠤ᠂ 90 ᠣᠨ ᠠᠴᠠ ᠰᠡᠭᠦᠯᠡᠷᠬᠢ ᠰᠦᠯᠵᠢᠶᠡᠨ ᠤ ᠨᠡᠪᠳᠡᠷᠡᠭᠦᠯᠦᠭᠴᠢ ︽ᠲᠠᠬᠢᠶ᠎ᠡ ᠲᠡᠵᠢᠭᠡᠭᠴᠢ ᠯᠧᠢ ᠯᠧᠢ︾ ᠲᠠᠢ ᠬᠠᠮᠲᠤᠷᠠᠨ ᠠᠵᠢᠯᠯᠠᠬᠤ ᠵᠠᠭᠪᠤᠷ ᠢ ᠵᠥᠪᠳᠡᠯᠴᠡᠵᠦ᠂ ᠰᠠᠭᠤᠷᠢ ᠶᠢ ᠪᠠᠲᠤᠯᠠᠬᠤ ᠬᠤᠳᠠᠯᠳᠤᠨ ᠠᠪᠬᠤ ᠬᠡᠯᠡᠯᠴᠡᠭᠡᠷ ᠲᠣᠭᠲᠠᠵᠤ᠂ ᠲᠠᠬᠢᠶᠠᠨ ᠥᠨᠳᠡᠭᠡ ᠪᠠ ᠳᠠᠬᠢᠶ᠎ᠠ ᠪᠣᠯᠬᠤ ᠪᠣᠷᠣᠯᠠᠭᠤᠯᠭ᠎ᠠ ᠶᠢᠨ ᠵᠣᠪᠠᠨᠢᠯ ᠢ ᠲᠦᠢᠯᠪᠤᠷᠢᠲᠠᠢ ᠰᠢᠢᠳᠪᠦᠷᠢᠯᠡᠪᠡ᠃    ᠡᠨᠡ ᠬᠦ ᠵᠠᠭᠪᠤᠷ ᠢ ᠭᠠᠷᠭᠠᠭᠰᠠᠨ ᠨᠢ ᠲᠣᠰᠬᠤᠨ ᠤ ᠠᠷᠠᠳ ᠤᠨ ᠲᠡᠵᠢᠭᠡᠨ ᠦᠷᠡᠵᠢᠭᠦᠯᠬᠦ ᠢᠲᠡᠭᠡᠯ ᠵᠣᠷᠢᠭ ᠢ ᠶᠡᠭᠡ ᠪᠠᠷ ᠳᠡᠭᠡᠭᠰᠢᠯᠡᠭᠦᠯᠦᠭᠰᠡᠨ ᠪᠥᠭᠡᠳ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠨᠡᠮᠡᠭᠳᠡᠯ ᠢ ᠴᠦ ᠨᠡᠮᠡᠭᠳᠡᠭᠦᠯᠵᠡᠢ᠃ ᠲᠤᠰ ᠵᠠᠭᠪᠤᠷ ᠤᠨ ᠠᠵᠢᠯᠯᠠᠭ᠎ᠠ ᠨᠢ ᠲᠣᠰᠬᠤᠨ ᠤ ᠬᠠᠮᠲᠤ ᠶᠢᠨ ᠰᠤᠯᠠ ᠪᠠᠶᠢᠬᠤ ᠡᠳ᠋ ᠬᠥᠷᠥᠩᠭᠡ ᠶᠢ ᠬᠥᠭᠵᠢᠭᠡᠭᠰᠡᠨ ᠢᠶᠠᠷ ᠪᠠᠷᠠᠬᠤ ᠦᠭᠡᠢ᠂ ᠠᠭᠤᠯᠠ ᠶᠢᠨ ᠲᠠᠬᠢᠶᠠᠨ ᠤ ᠲᠤᠭ᠎ᠠ ᠬᠡᠮᠵᠢᠶ᠎ᠡ ᠪᠠᠷ ᠳᠡᠭᠡᠭᠰᠢᠯᠡᠬᠦ ᠶᠢ ᠨᠠᠩ ᠳᠠᠶᠢᠴᠢᠯᠠᠵᠤ᠂ ᠲᠠᠬᠢᠶᠠᠨ ᠥᠨᠳᠡᠭᠡ ᠶᠢᠨ ᠦᠨ᠎ᠡ ᠥᠰᠦᠭᠰᠡᠨ ᠨᠣᠷᠮ᠎ᠠ ᠨᠢ 20% ᠳᠤ ᠬᠦᠷᠴᠦ᠂ ᠵᠢᠱᠢᠯᠲᠡ ᠪᠠᠷ ᠲᠣᠰᠬᠤᠨ ᠤ ᠬᠠᠮᠲᠤ ᠶᠢᠨ ᠠᠰᠢᠭ ᠣᠷᠣᠯᠭ᠎ᠠ 4 ᠲᠦᠮᠡᠨ ᠲᠥᠭᠦᠷᠢᠭ ᠨᠡᠮᠡᠭᠳᠡᠵᠦ᠂ ᠲᠠᠷᠢᠶᠠᠴᠢᠨ ᠡᠷᠦᠬᠡ ᠶᠢᠨ ᠡᠷᠦᠬᠡ ᠶᠢᠨ ᠳᠤᠮᠳᠠᠴᠢ ᠣᠷᠣᠯᠭ᠎ᠠ 3000 ᠲᠥᠭᠦᠷᠢᠭ ᠢ ᠳᠠᠪᠠᠵᠤ᠂ ᠦᠢᠯᠡᠳᠪᠦᠷᠢᠯᠡᠯ ᠤᠨ ᠦᠵᠦᠭᠦᠷ ᠠᠴᠠ ᠬᠡᠷᠡᠭᠯᠡᠭᠡᠨ ᠤ ᠦᠵᠦᠭᠦᠷ ᠬᠦᠷᠲᠡᠯᠡᠬᠢ ᠲᠣᠭᠠᠴᠢᠯᠠᠭᠰᠠᠨ ᠪᠢᠲᠡᠭᠦᠦ ᠴᠠᠭᠠᠷᠢᠭ ᠢ ᠪᠠᠶᠢᠭᠤᠯᠵᠤ᠂ ᠬᠠᠮᠲᠤ ᠶᠢᠨ ᠣᠷᠣᠯᠭ᠎ᠠ ᠶᠢ ᠨᠡᠮᠡᠭᠳᠡᠭᠦᠯᠬᠦ ᠪᠠ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠬᠦ ᠰᠠᠶᠢᠨ ᠰᠠᠶᠢᠬᠠᠨ ᠬᠤᠷᠰᠢᠯᠴᠠᠭ᠎ᠠ ᠶᠢ ᠦᠨᠡᠨᠬᠦ ᠪᠡᠶᠡᠯᠡᠭᠦᠯᠪᠡ᠃    ᠬᠥᠭᠵᠢᠯᠲᠡ ᠶᠢᠨ ᠵᠠᠮ ᠢ ᠣᠨᠣᠪᠴᠢᠲᠠᠢ ᠰᠣᠩᠭᠤᠪᠠᠯ ᠬᠠᠮᠲᠤ ᠶᠢᠨ ᠠᠵᠤ ᠠᠬᠤᠢ ᠰᠠᠶ᠋ᠢ ᠲᠣᠭᠲᠠᠭᠤᠨ ᠪᠣᠯᠵᠤ ᠴᠢᠳᠠᠨ᠎ᠠ᠃ ᠰᠢᠩ ᠱᠦᠨ ᠰᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠬᠠᠢ ᠯᠢᠨ ᠢᠯᠡᠷᠬᠡᠶᠢᠯᠡᠬᠦ ᠳᠡᠭᠡᠨ᠂ ᠲᠤᠰ ᠵᠠᠭᠪᠤᠷ ᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠠᠰᠢᠭ ᠲᠤᠰᠠ ᠶᠢ ᠬᠠᠮᠲᠤ ᠪᠠᠷ ᠬᠦᠷᠲᠡᠬᠦ᠂ ᠭᠤᠷᠪᠠᠨ ᠲᠠᠯ᠎ᠠ ᠪᠠᠷ ᠰᠢᠨ᠎ᠡ ᠶᠢ ᠡᠭᠦᠳᠴᠦ᠂ ᠲᠣᠰᠬᠤᠨ ᠤ ᠬᠠᠮᠲᠤ ᠨᠡᠶᠢᠲᠡ ᠶᠢ ᠳᠠᠶᠢᠴᠢᠯᠠᠬᠤ᠂ ᠲᠠᠷᠢᠶᠠᠴᠢᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠬᠠᠷᠠᠯᠲᠠ ᠳᠤ ᠬᠦᠷᠦᠭᠦᠯᠬᠦ ᠶᠢ ᠬᠦᠰᠡᠵᠦ ᠪᠠᠶᠢᠨ᠎ᠠ ᠭᠡᠵᠡᠢ᠃ ᠰᠢᠩ ᠱᠦᠨ ᠰᠢ ᠪᠠᠯᠭᠠᠰᠤ ᠶᠢᠨ ᠬᠢᠨ ᠦᠷᠭᠦᠯᠵᠢᠯᠡᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠣᠨᠴᠠᠯᠢᠭᠲᠤ ᠪᠦᠲᠦᠭᠡᠭᠳᠡᠬᠦᠨ ᠤ ᠡᠯᠧᠺ᠊ᠲᠷᠣᠨ ᠬᠤᠳᠠᠯᠳᠤᠭ᠎ᠠ ᠪᠠᠷ ᠡᠨᠧᠷᠭᠢ ᠣᠯᠭᠤᠬᠤ ᠣᠷᠣᠨ ᠪᠦᠰᠡ ᠶᠢᠨ ᠲᠦᠷᠦᠯ ᠲᠡᠮᠳᠡᠭ︾ ᠢᠶᠠᠷ ᠲᠤᠯᠭᠠᠭᠤᠷᠢᠯᠠᠯ ᠪᠣᠯᠭᠠᠵᠤ᠂ ᠪᠠᠷᠢᠮᠵᠢᠶᠠᠵᠢᠭᠤᠯᠤᠭᠰᠠᠨ ᠲᠠᠷᠢᠵᠤ ᠲᠡᠵᠢᠭᠡᠬᠦ᠂ ᠨᠠᠷᠢᠯᠢᠭ ᠡᠳ᠋ᠰᠢᠭᠦᠯᠬᠦ᠂ ᠲᠦᠷᠦᠯ ᠲᠡᠮᠳᠡᠭ ᠤᠨ ᠡᠵᠡᠩᠨᠡᠯᠲᠡ ᠪᠣᠷᠣᠯᠠᠭᠤᠯᠭ᠎ᠠ ᠵᠡᠷᠭᠡ ᠭᠤᠭᠴᠤᠭ᠎ᠠ ᠳᠤ ᠦᠷᠭᠦᠯᠵᠢᠯᠡᠨ ᠬᠦᠴᠦᠯᠡᠵᠦ᠂ ︽ᠨᠢᠭᠡ ᠲᠣᠰᠬᠤᠨ ᠨᠢᠭᠡ ᠪᠦᠲᠦᠭᠡᠭᠳᠡᠬᠦᠨ︾ ᠤ ᠣᠨᠴᠠᠯᠢᠭᠲᠤ ᠲᠦᠷᠦᠯ ᠲᠡᠮᠳᠡᠭ ᠤᠨ ᠵᠢᠭᠰᠠᠭᠠᠯ ᠢ ᠵᠡᠷᠭᠡᠪᠡᠷ ᠪᠤᠶᠢᠵᠢᠭᠤᠯᠵᠤ᠂ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠢ ᠶᠢᠨ ᠥᠷᠲᠡᠭ ᠤᠨ ᠬᠡᠯᠬᠢᠶ᠎ᠡ ᠶᠢᠨ ᠳᠡᠭᠡᠳᠦ ᠲᠦᠪᠰᠢᠨ ᠲᠡᠰᠢ ᠳᠡᠭᠡᠭᠰᠢᠯᠡᠬᠦ ᠶᠢ ᠠᠬᠢᠭᠤᠯᠤᠨ᠎ᠠ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号