4 ᠰᠠᠷ᠎ᠠ ᠶᠢᠨ 24 ᠤ ᠡᠳᠦᠷ᠂ ᠪᠤᠭᠤᠲᠤ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠵᠠᠩ ᠸᠧᠨ ᠵᠢᠶᠧ ᠪᠤᠭᠤᠲᠤ | ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠤ ᠠᠬᠤᠢ ᠶᠢᠨ ᠬᠡᠯᠲᠡᠰ ᠤᠨ ᠬᠠᠮᠢᠶ᠎ᠠ ᠪᠦᠬᠦᠢ | ᠬᠥᠮᠦᠰ ᠢ ᠳᠠᠭᠠᠭᠤᠯᠤᠨ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠬᠦ︾ ᠪᠠᠶᠢᠴᠠᠭᠠᠨ | ᠰᠤᠳᠤᠯᠬᠤ ᠠᠵᠢᠯᠯᠠᠭ᠎ᠠ ᠥᠷᠨᠢᠭᠦᠯᠵᠦ᠂ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠵᠢᠨᠱᠠᠨ | ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠵᠢᠨᠱᠠᠨ ᠪᠠᠯᠭᠠᠰᠤᠨ ᠤ ᠹᠧᠩ ᠸᠠᠨ | ᠲᠣᠰᠬᠤᠨ ᠤ ᠠᠮᠤ ᠪᠤᠳᠠᠭ᠎ᠠ ᠬᠠᠲᠠᠭᠠᠬᠤ ᠦᠢᠯᠡᠳᠪᠦᠷᠢ᠂ ᠵᠤᠤ ᠳ᠋ᠢ ᠲᠣᠰᠬᠤᠨ ᠤ ᠠᠷᠠᠳ ᠤᠨ ᠪᠠᠶᠢᠷᠢ ᠶᠢᠨ ᠲᠥᠷᠥᠯ | ᠵᠦᠢᠯ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠠᠮᠤ ᠪᠤᠳᠠᠭ᠎ᠠ ᠬᠠᠲᠠᠭᠠᠬᠤ | ᠲᠥᠬᠦᠭᠡᠷᠦᠮᠵᠢ ᠶᠢᠨ ᠦᠢᠯᠡᠳᠪᠦᠷᠢᠯᠡᠯ ᠬᠡᠷᠡᠭᠯᠡᠯᠲᠡ ᠶᠢᠨ ᠪᠠᠶᠢᠳᠠᠯ᠂ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ | ᠠᠰᠠᠭᠤᠳᠠᠯ᠂ ᠠᠷᠠᠳ ᠤᠨ ᠣᠷᠣᠨ ᠰᠠᠭᠤᠴᠠ ᠶᠢᠨ ᠲᠥᠷᠥᠯ ᠵᠦᠢᠯ ᠤᠨ ᠡᠵᠡᠩᠨᠡᠯᠲᠡ ᠶᠢᠨ ᠵᠠᠭᠪᠤᠷ᠂ ᠵᠢᠱᠢᠭᠰᠡᠨ | ᠦᠷ᠎ᠡ ᠠᠰᠢᠭ ᠵᠢᠴᠢ ᠡᠷᠭᠢᠨ ᠲᠣᠭᠤᠷᠢᠨ ᠤ ᠲᠠᠷᠢᠶᠠᠴᠢᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ | ᠵᠡᠷᠭᠡ ᠲᠠᠯ᠎ᠠ ᠪᠠᠷ ᠭᠦᠨᠵᠡᠭᠡᠢ ᠣᠶᠢᠯᠠᠭᠠᠪᠠ᠃ ᠳᠡᠳ᠋ ᠲᠡᠷᠢᠭᠦᠯᠡᠭᠴᠢ ᠵᠠᠩ ᠸᠧᠨ ᠵᠢᠶᠧ ᠢᠯᠡᠷᠬᠡᠶᠢᠯᠡᠬᠦ ᠳᠡᠭᠡᠨ᠂ | ᠬᠥᠳᠡᠭᠡ ᠲᠣᠰᠬᠤᠨ ᠤ ᠰᠣᠶᠣᠯ᠂ ᠠᠮᠢ ᠠᠬᠤᠢ ᠶᠢᠨ ᠡᠬᠢ ᠪᠠᠶᠠᠯᠢᠭ ᠬᠢᠭᠡᠳ ᠵᠢᠭᠤᠯᠴᠢᠯᠠᠯ ᠤᠨ ᠠᠵᠤ ᠦᠢᠯᠡᠰ ᠤᠨ | ᠠᠭᠤᠰᠤᠯᠴᠠᠨ ᠬᠥᠭᠵᠢᠬᠦ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ | ᠭᠠᠷᠳᠠᠴᠠ ᠮᠥᠨ᠂ ᠲᠥᠷᠥᠯ ᠵᠦᠢᠯ ᠢ ᠡᠵᠡᠩᠨᠡᠯᠲᠡ ᠶᠢᠨ ᠳᠤᠮᠳᠠ ᠶᠠᠰᠤ ᠴᠢᠨᠠᠷ ᠢ ᠳᠡᠭᠡᠭᠰᠢᠯᠡᠭᠦᠯᠬᠦ ᠪᠠ ᠰᠣᠶᠣᠯ ᠢ | ᠠᠭᠤᠳᠠᠯᠬᠤ ᠶᠢ ᠴᠢᠬᠤᠯᠠᠴᠢᠯᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ︽ᠴᠢᠰᠤ ᠪᠦᠲᠦᠭᠡᠬᠦ︾ | ᠴᠢᠳᠠᠮᠵᠢ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠨᠡᠩ ᠣᠯᠠᠨ ᠲᠠᠷᠢᠶᠠᠴᠢᠨ ᠡᠷᠦᠬᠡ ᠶᠢ ᠳᠠᠶᠢᠴᠢᠯᠠᠨ | ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠬᠦᠰᠡᠵᠦ ᠪᠠᠶᠢᠨ᠎ᠠ ᠭᠡᠵᠡᠢ᠃ | ᠭᠦᠶᠡᠩ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠲᠤᠰ ᠤᠳᠠᠭ᠎ᠠ ᠶᠢᠨ ᠪᠠᠶᠢᠴᠠᠭᠠᠨ | ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ | ᠪᠠᠳᠠᠷᠠᠭᠤᠯᠵᠤ᠂ ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠢᠳᠡᠪᠬᠢᠲᠡᠢ ᠬᠥᠲᠥᠯᠥᠨ | ᠵᠢᠯᠣᠭᠤᠳᠴᠤ ᠪᠠᠶᠢᠭᠠᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠬᠦᠴᠦᠨ ᠨᠡᠮᠡᠷᠢᠯᠡᠵᠦ᠂ | ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ | ᠴᠢᠳᠠᠯ ᠢᠶᠠᠨ ᠡᠷᠭᠦᠨ᠎ᠡ ᠭᠡᠪᠡ᠃ | |