4 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ ᠬᠤᠯᠪᠣᠭᠳᠠᠯ | ᠪᠦᠬᠦᠢ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠥᠭᠦᠯᠡᠯᠲᠡ ᠶᠢᠨ ᠲᠡᠭᠦᠪᠦᠷᠢ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︿ᠬᠥᠳᠡᠭᠡ ᠲᠣᠰᠬᠤᠨ ᠤ ᠦᠨᠳᠦᠰᠦᠨ ᠱᠠᠲᠤᠨ ᠤ | ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠠᠷᠢᠭᠤᠨ ᠴᠢᠬᠡᠴᠢ ᠪᠠᠷ ᠭᠦᠢᠴᠡᠳᠬᠡᠬᠦ ᠲᠣᠭᠲᠠᠭᠠᠯ﹀︾ ᠪᠣᠯᠤᠨ ︽ᠬᠥᠳᠡᠭᠡ | ᠲᠣᠰᠬᠤᠨ ᠤ ᠦᠨᠳᠦᠰᠦᠨ ᠱᠠᠲᠤᠨ ᠤ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ ᠪᠠᠨ ᠠᠷᠢᠭᠤᠨ ᠴᠢᠬᠡᠴᠢ ᠪᠠᠷ | ᠭᠦᠢᠴᠡᠳᠬᠡᠬᠦ ᠲᠤᠬᠠᠢ ᠲᠣᠭᠲᠠᠭᠠᠯ︾ ᠵᠡᠷᠭᠡ ᠶᠢ ᠳᠠᠷᠤᠮᠠᠯᠯᠠᠨ ᠲᠠᠷᠬᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠰᠤᠳᠤᠯᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ | ᠴᠣᠭᠴᠠᠯᠠᠵᠤ᠂ ᠪᠠᠶᠢᠳᠠᠯ ᠢ ᠰᠠᠯᠤᠯ ᠦᠭᠡᠢ ᠳᠠᠭᠠᠵᠤ᠂ ︽ᠨᠠᠷᠢᠨ ᠳᠠᠩᠰᠠ︾ ᠪᠠᠷ ᠲᠣᠯᠢ ᠪᠣᠯᠭᠠᠵᠤ᠂ ᠠᠵᠢᠯ ᠤᠨ ᠰᠠᠬᠢᠯᠭ᠎ᠠ | ᠪᠠᠲᠤ ᠶᠢ ᠴᠢᠩᠭᠠᠳᠬᠠᠵᠤ᠂ ᠠᠰᠠᠭᠤᠳᠠᠯ ᠢ ᠪᠠᠶᠢᠴᠠᠭᠠᠨ ᠳᠡᠯᠭᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠵᠤ᠂ | ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠰᠡᠷᠡᠮᠵᠢᠯᠡᠨ ᠴᠡᠭᠡᠷᠯᠡᠵᠦ᠂ ᠶᠣᠰᠣ ᠳᠦᠷᠢᠮ ᠢ ᠰᠠᠬᠢᠬᠤ ᠬᠡᠷᠡᠭᠲᠡᠢ ᠭᠡᠵᠦ | ᠴᠢᠬᠤᠯᠠᠴᠢᠯᠠᠪᠠ᠃ ᠡᠳᠦᠷ ᠲᠤᠲᠤᠮ ᠤᠨ ᠠᠵᠢᠯ ᠳᠤ ᠠᠭᠤᠰᠤᠯᠴᠠᠬᠤ᠂ ᠪᠠᠶᠢᠩᠭᠤ ᠠᠳᠬᠤᠬᠤ ᠳᠡᠭᠡᠷ᠎ᠡ ᠬᠦᠴᠦ ᠲᠠᠯᠪᠢᠵᠤ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠦᠢᠯᠡ ᠠᠵᠢᠯᠯᠠᠭ᠎ᠠ ᠪᠠ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ | ᠬᠡᠷᠡᠭᠲᠡᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ | ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠡ ᠶᠢᠨ ᠳᠠᠷᠤᠮᠠᠯᠯᠠᠨ ᠲᠠᠷᠬᠠᠭᠠᠭᠰᠠᠨ ︽ᠡᠯ᠎ᠡ ᠲᠥᠷᠥᠯ ᠤᠨ ᠬᠢᠨᠠᠯᠲᠠ ᠶᠢ ᠨᠡᠪᠲᠡᠷᠡᠯᠴᠡᠭᠦᠯᠦᠨ | ᠵᠣᠬᠢᠴᠠᠭᠤᠯᠬᠤ ᠠᠵᠢᠯ ᠤᠨ ᠲᠤᠬᠠᠢ ᠠᠷᠭ᠎ᠠ︾ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠤᠨ ᠬᠤᠲᠠ ᠶᠢᠨ | ᠨᠠᠮ ᠤᠨ ᠬᠤᠷᠢᠶ᠎ᠡ ᠶᠢᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠮᠠᠨ ᠤ ᠰᠢᠶᠠᠨ ᠤ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ | ᠰᠣᠨᠣᠰᠴᠤ᠂ ︽ᠭᠦᠶᠡᠩ ᠰᠢᠶᠠᠨ ᠤ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠦᠷᠢᠮ︾ ᠢ ᠰᠤᠳᠤᠯᠤᠨ ᠬᠢᠨᠠᠨ ᠵᠥᠪᠯᠡᠵᠦ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠡᠭᠦᠷᠭᠡ ᠴᠢᠳᠠᠪᠬᠢ ᠡᠭᠦᠷᠭᠡ | ᠬᠠᠷᠢᠭᠤᠴᠠᠯᠭ᠎ᠠ ᠶᠢᠨ ᠶᠣᠰᠣᠭᠠᠷ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠠᠰᠠᠭᠤᠳᠠᠯ ᠢ ᠪᠦᠲᠦᠮᠵᠢᠲᠡᠢ | ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ ᠤᠷᠲᠤ ᠬᠤᠭᠤᠴᠠᠭ᠎ᠠ ᠪᠠᠷ ᠪᠦᠲᠦᠮᠵᠢᠲᠡᠢ ᠰᠢᠢᠳᠪᠦᠷᠢᠯᠡᠵᠦ᠂ ᠡᠯ᠎ᠡ | ᠲᠥᠷᠥᠯ ᠤᠨ ᠬᠢᠨᠠᠯᠲᠠ ᠶᠢ ᠣᠷᠭᠠᠨᠢᠭ ᠢᠶᠠᠷ ᠨᠡᠪᠲᠡᠷᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠭᠦᠶᠡᠩ ᠰᠢᠶᠠᠨ ᠤ ︿ᠠᠷᠪᠠᠨ ᠲᠠᠪᠤᠳᠤᠭᠠᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠦᠨᠳᠦᠰᠦᠨ | ᠰᠡᠳᠬᠢᠴᠡ ︵ᠬᠢᠨᠠᠭᠤᠯᠬᠤ ᠨᠣᠣᠷᠠᠭ︶︾᠂ ︽ᠭᠦᠶᠡᠩ ᠰᠢᠶᠠᠨ ᠤ ︿ᠠᠷᠪᠠᠨ ᠲᠠᠪᠤᠳᠤᠭᠠᠷ ᠲᠠᠪᠤᠨ ᠵᠢᠯ﹀ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠥᠰᠦᠯ ︵ᠬᠦᠷᠭᠡᠨ ᠬᠢᠨᠠᠭᠤᠯᠬᠤ ᠨᠣᠣᠷᠠᠭ︶︾ ᠢ ᠬᠢᠨᠠᠨ | ᠵᠥᠪᠯᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠴᠢᠬᠤᠯᠠ | ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠡᠭᠦᠷᠭᠡ ᠪᠠᠨ ᠨᠠᠷᠢᠯᠢᠬᠵᠢᠭᠤᠯᠵᠤ᠂ ᠬᠠᠷᠠᠯᠲᠠ ᠶᠢᠨ ᠤᠳᠤᠷᠢᠳᠤᠮᠵᠢ ᠪᠠ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠯᠥᠪᠵᠢᠭᠦᠯᠭᠡ ᠳᠤ ᠲᠤᠰᠬᠠᠢ ᠮᠡᠷᠭᠡᠵᠢᠯ ᠤᠨ ᠴᠢᠨᠠᠷ᠂ | ᠪᠠᠷᠠᠭᠠᠯᠬᠢᠯᠠᠯᠳᠤ ᠴᠢᠨᠠᠷ ᠪᠠ ᠪᠣᠳᠠᠲᠠᠢ ᠠᠵᠢᠯᠯᠠᠭᠠᠨ ᠤ ᠴᠢᠨᠠᠷ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠦᠬᠦ ᠲᠠᠯ᠎ᠠ ᠪᠠᠷ ᠲᠥᠯᠥᠪᠵᠢᠭᠦᠯᠬᠦ ᠪᠠ ᠭᠤᠣᠯᠳᠠᠯᠭ᠎ᠠ ᠶᠢ ᠲᠣᠪᠤᠶᠢᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ | ᠠᠰᠠᠭᠤᠳᠠᠯ ᠢ ᠦᠨᠡᠨ ᠬᠦ ᠰᠢᠢᠳᠪᠦᠷᠢᠯᠡᠵᠦ ᠳᠡᠶᠢᠯᠬᠦ᠂ ᠬᠥᠭᠵᠢᠯᠲᠡ ᠳᠤ ᠬᠦᠴᠦ ᠨᠡᠮᠡᠷᠢᠯᠡᠬᠦ ᠲᠤᠰᠬᠠᠢ ᠲᠥᠯᠥᠪᠵᠢᠭᠦᠯᠭᠡ ᠶᠢ | ᠰᠠᠶᠢᠲᠤᠷ ᠨᠠᠶᠢᠷᠠᠭᠤᠯᠤᠨ ᠵᠣᠬᠢᠶᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠪᠠᠷ ᠴᠢᠨᠠᠷ ᠰᠠᠶᠢᠲᠠᠢ | ᠬᠥᠭᠵᠢᠯᠲᠡ ᠶᠢ ᠲᠥᠯᠥᠪᠵᠢᠭᠦᠯᠬᠦ ᠬᠡᠷᠡᠭᠲᠡᠢ᠃ | ᠬᠤᠷᠠᠯ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ᠂ | ᠵᠢᠷᠭᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠴᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠵᠤ | ᠥᠭᠡᠷᠡᠴᠢᠯᠡᠬᠦ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠠᠭ ᠲᠤᠬᠠᠢ ᠳᠤᠨᠢ | ᠨᠢᠭᠡᠳᠦᠯᠲᠡᠢ ᠲᠥᠯᠥᠪᠵᠢᠭᠦᠯᠵᠦ᠂ ᠳᠤᠬᠢᠷᠠᠭᠤᠯᠵᠤ᠂ ᠠᠬᠢᠭᠤᠯᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ | ᠪᠠᠶᠢᠷᠢᠯᠠᠭᠤᠯᠵᠤ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠳ᠋ᠤᠭᠠᠷ ᠬᠠᠰᠤᠬᠤ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠵᠠᠩᠭᠢᠯᠠᠭ᠎ᠠ ᠶᠢ ᠡᠵᠡᠮᠳᠡᠵᠦ᠂ ᠠᠰᠠᠭᠤᠳᠠᠯ ᠢ ᠢᠯᠡᠷᠡᠭᠦᠯᠬᠦ ᠭᠦᠨᠴᠡ ᠶᠢᠨ | ᠲᠠᠯ᠎ᠠ ᠪᠠᠷ ᠳᠠᠬᠢᠨ ᠬᠦᠴᠦᠯᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠢ᠃ | ᠬᠤᠷᠠᠯ ᠠᠴᠠ ᠬᠡᠰᠡᠭ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠲᠣᠬᠢᠷᠠᠭᠤᠯᠬᠤ | ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠭᠦᠶᠡᠩ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠡᠩᠨᠡᠭᠡ ᠶᠢ ᠲᠣᠬᠢᠷᠠᠭᠤᠯᠤᠨ ᠰᠢᠯᠢᠳᠡᠭᠵᠢᠭᠦᠯᠬᠦ ᠲᠤᠬᠠᠢ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠡᠬᠢ ᠪᠠᠶᠠᠯᠢᠭ ᠢ | ᠵᠣᠬᠢᠰᠲᠠᠢ ᠲᠣᠬᠢᠷᠠᠭᠤᠯᠵᠤ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠰᠣᠩᠭᠤᠨ ᠲᠣᠬᠢᠷᠠᠭᠤᠯᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠩᠨᠡᠭᠡ ᠶᠢᠨ ᠬᠦᠴᠦᠨ ᠢ ᠴᠢᠩᠭᠠᠳᠬᠠᠵᠤ᠂ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠤᠳᠠᠯᠳᠤᠭᠠᠴᠢᠨ ᠤᠷᠢᠬᠤ ᠠᠵᠢᠯ ᠢ ᠴᠢᠷᠮᠠᠶᠢᠨ | ᠰᠠᠶᠢᠲᠤᠷ ᠬᠢᠵᠦ᠂ ᠨᠡᠩ ᠣᠯᠠᠨ ᠰᠢᠯᠢᠳᠡᠭ ᠲᠥᠷᠥᠯ ᠵᠦᠢᠯ ᠢ ᠭᠦᠶᠡᠩ ᠢ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠴᠢᠨᠠᠷ | ᠰᠠᠶᠢᠲᠠᠢ ᠬᠥᠭᠵᠢᠯᠲᠡ ᠳᠤ ᠴᠢᠳᠠᠪᠤᠷᠢ ᠣᠯᠭᠤᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠭᠦᠶᠡᠩ ᠰᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠰᠠᠭᠤᠳᠠᠯ ᠤᠨ ᠨᠠᠷᠢᠨ | ᠳᠠᠩᠰᠠ︾ ᠶᠢ ᠰᠤᠳᠤᠯᠤᠨ ᠬᠢᠨᠠᠨ ᠵᠥᠪᠯᠡᠵᠦ᠂ ᠪᠦᠬᠦ ᠲᠠᠯ᠎ᠠ ᠪᠠᠷ ᠭᠦᠨᠵᠡᠭᠡᠢ ᠪᠠᠶᠢᠴᠠᠭᠠᠨ ᠳᠡᠯᠭᠡᠵᠦ᠂ ᠲᠥᠪᠯᠡᠷᠡᠭᠦᠯᠦᠨ | ᠴᠡᠭᠴᠡᠯᠡᠨ ᠵᠠᠰᠠᠬᠤ ᠶᠢ ᠨᠠᠷᠢᠨ ᠬᠢᠨᠠᠮᠠᠭᠠᠢ ᠥᠷᠨᠢᠭᠦᠯᠵᠦ᠂ ᠨᠠᠷᠢᠨ ᠳᠠᠩᠰᠠ ᠳᠤ ᠵᠢᠭᠰᠠᠭᠠᠭᠰᠠᠨ ᠠᠰᠠᠭᠤᠳᠠᠯ ᠢ ᠨᠠᠷᠢᠨ | ᠬᠢᠨᠠᠮᠠᠭᠠᠢ ᠰᠤᠳᠤᠯᠵᠤ᠂ ᠪᠠᠷᠢᠮᠵᠢᠶ᠎ᠠ ᠲᠠᠢ ᠬᠠᠷᠭᠤᠭᠤᠯᠵᠤ᠂ ᠰᠠᠨᠠᠭᠠᠴᠢᠯᠠᠭ᠎ᠠ ᠠᠴᠠ ᠪᠠᠨ ᠲᠠᠨᠢᠵᠤ᠂ ᠴᠡᠭᠴᠡᠯᠡᠨ | ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠤᠭᠤᠲᠤ ᠬᠤᠲᠠ ᠶᠢᠨ ︽5 · 1︾ ᠤ ᠬᠥᠳᠡᠯᠮᠦᠷᠢ ᠶᠢᠨ ᠱᠠᠩᠨᠠᠯ ᠲᠠᠨᠢᠯᠴᠠᠭᠤᠯᠬᠤ ᠨᠢᠭᠡᠴᠡ᠂ ᠬᠤᠪᠢ | ᠬᠥᠮᠦᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠪᠠ ᠭᠦᠶᠡᠩ ᠰᠢᠶᠠᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ | ᠠᠵᠢᠯᠲᠠᠨ ᠢ ᠬᠥᠬᠢᠭᠦᠯᠦᠨ ᠰᠠᠶᠢᠰᠢᠶᠠᠬᠤ ᠬᠠᠮᠢᠶ᠎ᠠ ᠪᠦᠬᠦᠢ ᠤᠴᠢᠷ ᠶᠠᠪᠤᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠲᠥᠪ ᠴᠢᠩᠭ᠎ᠠ ᠨᠠᠷᠢᠨ ᠬᠢᠨᠠᠮᠠᠭᠠᠢ᠂ ᠢᠳᠡᠪᠬᠢᠲᠡᠢ ᠬᠠᠷᠢᠭᠤᠴᠠᠬᠤ ᠪᠠ ᠪᠤᠰᠤᠳᠴᠢ ᠲᠥᠪ ᠭᠤᠣᠯᠴᠢ ᠣᠪᠣᠷ ᠢᠶᠠᠷ᠂ ᠦᠯᠢᠭᠡᠷ | ᠳᠠᠭᠤᠷᠢᠶᠠᠯ᠂ ᠵᠢᠱᠢᠶᠡᠴᠢ ᠶᠢᠨ ᠦᠢᠯᠡᠳᠦᠯ ᠪᠠᠳᠠᠷᠠᠭᠤᠯᠵᠤ ᠴᠢᠳᠠᠬᠤ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ | ᠦᠨᠡᠨ ᠬᠦ ᠰᠣᠩᠭᠤᠨ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠵᠠᠷᠴᠢᠮ ᠢ ᠪᠠᠷᠢᠮᠲᠠᠯᠠᠵᠤ᠂ ᠨᠡᠶᠢᠲᠡᠯᠢᠭ ᠵᠢᠱᠢᠶ᠎ᠡ ᠶᠢᠨ | ᠲᠥᠯᠥᠭᠡᠯᠡᠬᠦ ᠴᠢᠨᠠᠷ ᠪᠠ ᠲᠡᠷᠢᠭᠦᠨ ᠤ ᠴᠢᠨᠠᠷ ᠢ ᠰᠣᠩᠭᠤᠨ ᠭᠠᠷᠭᠠᠬᠤ ᠶᠢ ᠦᠨᠡᠨ ᠬᠦ ᠪᠠᠲᠤᠯᠠᠵᠤ᠂ ᠪᠥᠬᠦ ᠰᠢᠶᠠᠨ ᠤ ᠳᠡᠭᠡᠳᠦ | ᠳᠣᠣᠷᠠᠳᠤ ᠱᠠᠲᠤᠨ ᠤ ᠠᠵᠢᠯ ᠬᠢᠵᠦ ᠦᠢᠯᠡᠰ ᠪᠤᠰᠬᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠬᠦ | ᠬᠡᠷᠡᠭᠲᠡᠢ᠃ | |