ᠶᠢᠨ ᠬᠤᠤ ᠪᠠᠯᠭᠠᠰᠤ ᠨᠠᠮ ᠤᠨ ᠬᠤᠷᠢᠶᠠᠨ ᠤ ᠲᠤᠰᠬᠠᠢ ᠰᠡᠳᠦᠪᠲᠦ 2025 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/4/7
    4 ᠰᠠᠷ᠎ᠠ ᠶᠢᠨ 3 ᠤ ᠡᠳᠦᠷ᠂ ᠶᠢᠨ ᠬᠤᠤ ᠪᠠᠯᠭᠠᠰᠤ ᠨᠠᠮ ᠤᠨ ᠬᠤᠷᠢᠶᠠᠨ ᠤ  ᠬᠤᠷᠠᠯ ᠬᠤᠷᠠᠯᠳᠤᠭᠤᠯᠵᠤ᠂ 2025 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠥᠷᠲᠡᠭᠡ ᠳᠤ ᠰᠠᠭᠤᠬᠤ ᠵᠢᠯᠣᠭᠤᠳᠬᠤ ᠠᠵᠢᠯ ᠢ ᠲᠤᠰᠬᠠᠢ ᠰᠡᠳᠦᠪ ᠢᠶᠠᠷ ᠰᠤᠳᠤᠯᠤᠨ ᠪᠠᠶᠢᠷᠢᠯᠠᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠷᠧᠨ ᠬᠤᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠪᠦᠬᠦ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃    ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠪᠣᠯ ᠣᠳᠣᠬᠠᠨ ᠤ ᠭᠤᠣᠯᠳᠠᠯᠭ᠎ᠠ ᠲᠠᠢ ᠠᠵᠢᠯ ᠪᠣᠯᠤᠨ᠎ᠠ᠃ ᠪᠦᠬᠦ ᠪᠠᠯᠭᠠᠰᠤᠨ ᠤ ᠳᠡᠭᠡᠳᠦ ᠳᠣᠣᠷᠠᠳᠤ ᠱᠠᠲᠤᠨ ᠤ ᠬᠢᠨ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠷᠲᠡᠭᠡ ᠳᠤ ᠰᠠᠭᠤᠵᠤ ᠵᠢᠯᠣᠭᠤᠳᠬᠤ ᠪᠠᠷ ᠭᠠᠷᠳᠠᠴᠠ ᠪᠣᠯᠭᠠᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠣᠨᠣᠪᠴᠢᠲᠠᠢ ᠬᠡᠷᠡᠭᠵᠢᠭᠦᠯᠦᠨ ᠳᠤᠲᠠᠬᠳᠠᠯ ᠢ ᠨᠥᠬᠦᠪᠥᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠨᠠᠩ ᠪᠠᠲᠤᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠮᠵᠢ ᠶᠢ ᠨᠠᠩ ᠦᠷᠭᠦᠯᠵᠢᠯᠡᠭᠦᠯᠬᠦ ᠶᠢ ᠪᠠᠲᠤᠯᠠᠬᠤ ᠬᠡᠷᠡᠭᠲᠡᠢ᠃ ᠬᠤᠷᠠᠯ ᠠᠴᠠ᠂ ᠡᠯ᠎ᠡ ᠲᠣᠰᠬᠤᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠪᠣᠯᠤᠨ ᠴᠠᠭ ᠤᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠣᠯᠬᠤ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠭᠦᠨᠵᠡᠭᠡᠢ ᠠᠬᠢᠭᠤᠯᠬᠤ ᠬᠡᠷᠡᠭᠲᠡᠢ᠃ 
 
ᠢᠷᠡᠯᠲᠡ᠄ ᠶᠢᠨ ᠬᠤᠤ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号