4 ᠰᠠᠷ᠎ᠠ ᠶᠢᠨ 3 ᠤ ᠡᠳᠦᠷ᠂ ᠵᠢᠨᠱᠠᠨ ᠪᠠᠯᠭᠠᠰᠤ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᡁᠢ ᠶᠥᠩ | ᠬᠤᠷᠠᠯ ᠢ ᠡᠷᠬᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ᠂ ᠨᠡᠶᠢᠭᠡᠮ | ᠲᠣᠭᠤᠷᠢᠭ ᠤᠨ ᠱᠦᠵᠢ ᠬᠤᠷᠠᠯ ᠳᠤ ᠣᠷᠣᠯᠴᠠᠵᠠᠢ᠃ | ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ | ᠪᠠᠶᠢᠷᠢᠯᠠᠭᠤᠯᠤᠯᠲᠠ ᠬᠢᠵᠦ᠂ ᠨᠢᠭᠡ ᠳᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠲᠠᠯ᠎ᠠ ᠪᠠᠷ᠂ | ᠬᠤᠷᠠᠯ ᠠᠴᠠ ᠡᠯ᠎ᠡ ᠲᠣᠰᠬᠤᠨ ᠤ ᠠᠷᠠᠳ ᠤᠨ ᠵᠥᠪᠯᠡᠯ ︽2025 ᠣᠨ ᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠶᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠢ ᠵᠣᠯᠭᠠᠭᠤᠯᠬᠤ ᠥᠷᠲᠡᠭᠡ ᠶᠢᠨ ᠵᠢᠯᠣᠭᠤᠳᠣᠯᠭ᠎ᠠ ᠬᠡᠷᠡᠭᠵᠢᠭᠦᠯᠬᠦ ᠲᠥᠰᠦᠯ︾ ᠳᠠᠬᠢ 17 ᠵᠦᠢᠯ ᠤᠨ | ᠠᠭᠤᠯᠭ᠎ᠠ ᠶᠣᠰᠣᠭᠠᠷ᠂ ᠥᠪᠡᠰᠦᠪᠡᠨ ᠪᠠᠶᠢᠴᠠᠭᠠᠬᠤ ᠶᠢ ᠥᠷᠨᠢᠭᠦᠯᠵᠦ᠂ ᠲᠦᠭᠰᠢᠭᠦᠷᠢ ᠶᠢ ᠠᠷᠢᠯᠭᠠᠬᠤ ᠶᠢᠨ ᠠᠷᠭ᠎ᠠ | ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ︔ ᠲᠥᠷᠥᠯ ᠵᠦᠢᠯ ᠪᠠ ᠡᠯ᠎ᠡ ᠲᠥᠷᠥᠯ ᠤᠨ ᠪᠡᠯᠡ ᠮᠥᠩᠭᠦ ᠶᠢ ᠬᠡᠷᠡᠭᠯᠡᠬᠦ | ᠲᠠᠯ᠎ᠠ ᠪᠠᠷ᠂ ᠥᠩᠭᠡᠷᠡᠭᠰᠡᠨ ᠵᠢᠯ ᠤᠳ ᠲᠤ ᠡᠯ᠎ᠡ ᠲᠥᠷᠥᠯ ᠤᠨ ᠪᠡᠯᠡ ᠮᠥᠩᠭᠦ ᠶᠢ ᠬᠡᠷᠡᠭᠯᠡᠵᠦ ᠪᠤᠢ ᠪᠣᠯᠤᠭᠰᠠᠨ | ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ᠂ ᠡᠵᠡᠩᠨᠡᠯᠲᠡ ᠶᠢᠨ ᠪᠤᠰᠤ ᠴᠢᠨᠠᠷᠲᠠᠢ ᠡᠳ᠋ ᠬᠥᠷᠥᠩᠭᠡ ᠶᠢ ᠬᠡᠷᠡᠭᠯᠡᠭᠰᠡᠨ | ᠪᠠᠶᠢᠳᠠᠯ᠂ ᠣᠷᠣᠯᠠᠨ ᠲᠡᠵᠢᠭᠡᠵᠦ ᠨᠠᠶᠢᠳᠠᠨ ᠬᠠᠮᠢᠶᠠᠷᠤᠭᠤᠯᠤᠭᠰᠠᠨ ᠪᠠᠶᠢᠳᠠᠯ ᠵᠢᠴᠢ ᠡᠳ᠋ ᠬᠥᠷᠥᠩᠭᠡ ᠶᠢ | ᠤᠰᠠᠳᠬᠠᠭᠰᠠᠨ ᠪᠠᠶᠢᠳᠠᠯ ᠳᠤ ᠪᠣᠳᠠᠲᠠᠢ ᠠᠮᠢᠳᠤᠯᠢᠭ ᠪᠣᠯᠭᠠᠬᠤ ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠴᠤ᠂ | ᠳᠥᠷᠪᠡᠨ ᠳᠠᠩᠰᠠ ᠶᠢ ᠪᠠᠶᠢᠭᠤᠯᠵᠤ᠂ ᠡᠳ᠋ ᠬᠥᠷᠥᠩᠭᠡ ᠶᠢᠨ ᠰᠠᠭᠤᠷᠢ ᠲᠤᠭ᠎ᠠ ᠶᠢ ᠲᠣᠳᠣᠷᠬᠠᠢ ᠪᠣᠯᠭᠠᠵᠤ᠂ ᠪᠠᠶᠢᠳᠠᠯ ᠢ | ᠲᠣᠳᠣᠷᠬᠠᠢ ᠪᠣᠯᠭᠠᠬᠤ ᠬᠡᠷᠡᠭᠲᠡᠢ︔ ᠭᠤᠷᠪᠠ ᠳᠤ᠂ ᠣᠢ ᠰᠢᠭᠤᠢ ᠡᠪᠡᠰᠦ ᠪᠡᠯᠴᠢᠭᠡᠷ ᠢ ᠰᠦᠢᠳᠬᠡᠬᠦ ᠶᠢ ᠲᠤᠰᠬᠠᠢ | ᠴᠡᠭᠴᠡᠯᠡᠨ ᠵᠠᠰᠠᠬᠤ ᠠᠵᠢᠯᠯᠠᠭ᠎ᠠ ᠶᠢ ᠭᠤᠣᠯᠳᠠᠯᠭ᠎ᠠ ᠲᠠᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠢᠷᠤᠭ | ᠲᠣᠯᠪᠤ ᠶᠢ ᠬᠢᠨᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠠᠰᠠᠭᠤᠳᠠᠯ ᠢ ᠣᠯᠵᠤ ᠮᠡᠳᠡᠪᠡᠯ ᠲᠡᠷᠡ | ᠳᠠᠷᠤᠢ ᠳᠤᠨᠢ ᠬᠤᠷᠢᠭᠯᠠᠨ ᠵᠣᠭᠰᠣᠭᠠᠵᠤ᠂ ᠬᠤᠯᠪᠣᠭᠳᠠᠯ ᠪᠦᠬᠦᠢ ᠬᠥᠮᠦᠰ ᠢ ᠵᠠᠷᠯᠢᠭᠳᠠᠵᠤ ᠪᠠᠶᠢᠭᠠᠳ ᠬᠤᠭᠤᠴᠠᠭ᠎ᠠ | ᠬᠢᠵᠠᠭᠠᠷᠯᠠᠨ ᠰᠡᠷᠭᠦᠭᠡᠬᠦ ᠬᠡᠷᠡᠭᠲᠡᠢ︔ ᠳᠥᠷᠪᠡ ᠳᠤ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ᠂ ᠡᠯ᠎ᠡ | ᠲᠣᠰᠬᠤᠨ ᠤ ᠵᠥᠪᠯᠡᠯ᠂ ᠨᠡᠶᠢᠭᠡᠮ ᠲᠣᠭᠤᠷᠢᠭ ᠤᠨ ᠬᠢᠨ ᠭᠠᠯ ᠰᠡᠷᠭᠡᠶᠢᠯᠡᠬᠦ᠂ ᠪᠣᠯᠪᠠᠰᠤᠨ ᠢᠶᠠᠷ ᠲᠠᠬᠢᠯᠭ᠎ᠠ ᠬᠢᠬᠦ ᠵᠡᠷᠭᠡ | ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠭᠠᠯ ᠤᠨ ᠠᠶᠤᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ︔ | ᠲᠠᠪᠤ ᠳᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠭᠤᠣᠯ ᠮᠥᠷᠡᠨ ᠨᠠᠭᠤᠷ ᠴᠥᠭᠦᠷᠥᠮ ᠢ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠵᠤ᠂ ᠱᠠᠭᠠᠷᠳᠠᠯᠭ᠎ᠠ ᠶᠣᠰᠣᠭᠠᠷ ᠵᠦᠢ ᠵᠣᠬᠢᠰᠲᠠᠢ ᠰᠢᠢᠳᠪᠦᠷᠢᠯᠡᠵᠦ᠂ ᠬᠡᠰᠡᠭ | ᠠᠰᠠᠭᠤᠳᠠᠯ ᠢ ᠰᠢᠢᠳᠪᠦᠷᠢᠯᠡᠬᠦ ᠶᠢᠨ ᠠᠷᠭ᠎ᠠ ᠦᠭᠡᠢ ᠠᠰᠠᠭᠤᠳᠠᠯ ᠳᠤ ᠴᠢᠭᠯᠡᠭᠦᠯᠦᠨ᠂ ᠴᠠᠭ ᠲᠤᠬᠠᠢ ᠳᠤᠨᠢ ᠳᠡᠭᠡᠭᠰᠢ | ᠮᠡᠳᠡᠭᠦᠯᠬᠦ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠄ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃ ᠪᠦᠬᠦ ᠪᠠᠯᠭᠠᠰᠤᠨ ᠤ ᠳᠡᠭᠡᠳᠦ ᠳᠣᠣᠷᠠᠳᠤ | ᠱᠠᠲᠤ ᠪᠠᠷ ᠢᠶᠠᠨ ︽ᠬᠦᠯᠢᠶᠡᠬᠦ ᠲᠦᠰᠢᠭᠯᠡᠬᠦ ᠠᠪᠬᠤ︾ ᠦᠵᠡᠯ ᠰᠠᠨᠠᠭ᠎ᠠ ᠶᠢ ᠡᠷᠡᠰ ᠲᠡᠪᠴᠢᠵᠦ᠂ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠷ ᠣᠳᠣᠬᠠᠨ ᠤ ᠡᠯ᠎ᠡ ᠵᠦᠢᠯ ᠤᠨ | ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠪᠣᠳᠠᠲᠤ ᠪᠠᠶᠢᠳᠠᠯ ᠢ ᠣᠶᠢᠯᠠᠭᠠᠵᠤ᠂ ᠪᠠᠶᠢᠳᠠᠯ ᠢ ᠪᠠᠶᠢᠴᠠᠭᠠᠨ ᠪᠣᠳᠠᠲᠠᠢ ᠪᠠᠶᠢᠴᠠᠭᠠᠵᠤ᠂ ᠭᠡᠮ | ᠰᠣᠭᠤᠭ ᠢ ᠡᠷᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠶᠠᠯᠳᠤᠯ ᠤᠨ ᠴᠡᠭ ᠪᠠ ᠭᠠᠷᠳᠠᠬᠤ | ᠴᠡᠭ ᠢ ᠣᠨᠣᠪᠴᠢᠲᠠᠢ ᠣᠯᠵᠤ᠂ ᠰᠡᠳᠬᠢᠮᠵᠢ ᠰᠦᠪᠡᠭᠴᠢᠯᠡᠨ᠂ ᠪᠣᠳᠠᠲᠠᠢ ᠠᠷᠭ᠎ᠠ ᠭᠠᠷᠭᠠᠵᠤ᠂ ᠬᠦᠴᠢᠷ ᠠᠰᠠᠭᠤᠳᠠᠯ ᠢ | ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠦᠨᠡᠨ ᠬᠦ ᠪᠣᠳᠠᠲᠤ ᠠᠵᠢᠯᠯᠠᠭ᠎ᠠ ᠪᠣᠯᠭᠠᠨ | ᠬᠤᠪᠢᠷᠠᠭᠤᠯᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ | ᠬᠢᠨᠠᠨ ᠬᠡᠮᠵᠢᠯᠲᠡ᠂ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ᠂ ᠣᠢ ᠰᠢᠭᠤᠢ ᠡᠪᠡᠰᠦ ᠪᠡᠯᠴᠢᠭᠡᠷ᠂ | ᠭᠠᠯ ᠢ ᠰᠡᠷᠭᠡᠶᠢᠯᠡᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ | ᠠᠵᠢᠯ ᠢ ᠴᠢᠩᠭ᠎ᠠ ᠠᠩᠬᠠᠷᠴᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠣᠮᠤᠭ ᠵᠣᠷᠢᠭ᠂ ᠡᠴᠦᠰ ᠲᠤᠨᠢ | ᠲᠤᠯᠲᠠᠯ᠎ᠠ ᠠᠳᠬᠤᠬᠤ ᠡᠷᠴᠢ ᠵᠣᠷᠢᠭ᠂ ᠵᠣᠷᠢᠭᠲᠠᠢ ᠪᠠᠷ ᠬᠠᠷᠢᠭᠤᠴᠠᠬᠤ ᠰᠥᠰᠥ ᠵᠣᠷᠢᠭ ᠢᠶᠠᠷ ᠭᠤᠣᠯᠳᠠᠯᠭ᠎ᠠ ᠶᠢᠨ | ᠲᠣᠭᠤᠷᠢᠨ ᠳᠤ ᠡᠷᠴᠢ ᠵᠣᠷᠢᠭ ᠢᠶᠠᠨ ᠬᠥᠪᠴᠢᠯᠡᠵᠦ᠂ ᠵᠠᠩᠭᠢᠯᠠᠭ᠎ᠠ ᠶᠢ ᠣᠨᠢᠯᠠᠨ ᠬᠦᠴᠦᠯᠡᠵᠦ᠂ ᠪᠦᠬᠦ | ᠬᠦᠴᠦᠨ ᠢᠶᠠᠷ ᠢᠶᠠᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ︽ᠰᠠᠶᠢᠨ ᠡᠬᠢᠯᠡᠯᠲᠡ︾᠂ ︽ᠤᠯᠠᠷᠢᠯ | ᠪᠤᠯᠭᠠᠨ ᠬᠦᠭᠵᠢᠶᠡᠨ ᠲᠠᠢ︾ ︽ᠪᠦᠬᠦ ᠵᠢᠯ ᠢᠶᠠᠷ ᠢᠶᠠᠨ ᠠᠮᠵᠢᠯᠳᠠᠳᠠᠢ︾ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ | ᠭᠤᠷᠪᠠ ᠳᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠬᠤᠯᠠᠴᠢᠯᠠᠵᠤ᠂ ᠠᠵᠢᠯ ᠤᠨ ᠬᠠᠮᠲᠤᠷᠠᠯ ᠤᠨ | ᠬᠦᠴᠦᠨ ᠢ ᠨᠢᠭᠲᠠᠷᠠᠭᠤᠯᠬᠤ ᠬᠡᠷᠡᠭᠲᠡᠢ᠃ ᠪᠦᠬᠦ ᠪᠠᠯᠭᠠᠰᠤᠨ ᠤ ᠳᠡᠭᠡᠳᠦ ᠳᠣᠣᠷᠠᠳᠤ ᠱᠠᠲᠤᠨ ᠤ ᠬᠢᠨ ︽ᠨᠢᠭᠡ ᠬᠥᠯᠭᠡ | ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠢ ᠪᠣᠯᠭᠠᠵᠤ᠂ ᠡᠯ᠎ᠡ ᠳᠠᠭᠠᠭᠠᠴᠢᠯᠠᠭᠰᠠᠨ ᠤᠳᠤᠷᠢᠳᠤᠯᠭ᠎ᠠ | ᠡᠮᠦᠨ᠎ᠡ ᠨᠢ ᠵᠢᠯᠣᠭᠤᠳᠴᠤ᠂ ᠲᠦᠷᠦᠭᠦᠯᠡᠨ ᠪᠣᠳᠠᠲᠠᠢ ᠠᠵᠢᠯᠯᠠᠵᠤ᠂ ᠲᠣᠰᠬᠤᠨ᠂ ᠨᠡᠶᠢᠭᠡᠮ ᠲᠣᠭᠤᠷᠢᠭ ᠤᠨ ᠱᠦᠵᠢ | ᠠᠵᠢᠯ ᠤᠨ ᠬᠤᠪᠢᠶᠠᠷᠢᠯᠠᠯ ᠲᠣᠳᠣᠷᠬᠠᠢ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠵᠤ᠂ ᠲᠣᠰᠬᠤᠨ | ᠳᠤᠭᠤᠶᠢᠯᠠᠩ ᠤᠨ ᠺᠠᠳ᠋ᠷ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ | ᠬᠠᠷᠢᠯᠴᠠᠨ ᠬᠠᠮᠵᠢᠯᠴᠠᠵᠤ᠂ ᠨᠢᠭᠲᠠ ᠬᠠᠮᠵᠢᠯᠴᠠᠨ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠵᠤ᠂ | ᠠᠰᠠᠭᠤᠳᠠᠯ ᠳᠤ ᠰᠢᠭᠤᠳ ᠬᠠᠨᠳᠤᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠳᠤᠮᠳᠠ ᠠᠵᠢᠯ ᠤᠨ ᠰᠢᠨ᠎ᠡ | ᠪᠠᠶᠢᠳᠠᠯ ᠢ ᠲᠠᠰᠤᠷᠠᠯᠲᠠ ᠦᠭᠡᠢ ᠨᠡᠭᠡᠭᠡᠬᠦ ᠬᠡᠷᠡᠭᠲᠡᠢ᠃ | |