ᠵᠢᠨᠱᠠᠨ ᠪᠠᠯᠭᠠᠰᠤ 2025 ᠣᠨ ᠤ 2 ᠳ᠋ᠤᠭᠠᠷ ᠤᠳᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠷᠠᠯ ᠬᠤᠷᠠᠯᠳᠤᠭᠤᠯᠵᠤ ᠦᠨᠳᠦᠰᠦᠨ ᠱᠠᠲᠤᠨ ᠤ ᠵᠠᠰᠠᠯᠲᠠ ᠶᠢᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/4/7
    4 ᠰᠠᠷ᠎ᠠ ᠶᠢᠨ 3 ᠤ ᠡᠳᠦᠷ᠂ ᠵᠢᠨᠱᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᡁᠢ ᠶᠥᠩ 2025 ᠣᠨ ᠤ ᠬᠤᠶᠠᠳᠤᠭᠠᠷ ᠤᠳᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠯᠠᠮᠵᠢᠯᠠᠨ ᠲᠤᠭᠤᠰᠢᠯᠠᠭᠤᠯᠵᠤ᠂ ᠣᠳᠣᠬᠠᠨ ᠤ ᠪᠠᠶᠢᠳᠠᠯ ᠢ ᠵᠠᠳᠠᠯᠬᠤ ᠶᠢᠨ ᠬᠠᠮᠲᠤ ᠪᠦᠬᠦ ᠪᠠᠯᠭᠠᠰᠤᠨ ᠤ ᠦᠨᠳᠦᠰᠦᠨ ᠱᠠᠲᠤᠨ ᠤ ᠵᠠᠰᠠᠯᠲᠠ ᠶᠢᠨ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠬᠢᠪᠠ᠃ ᠪᠠᠯᠭᠠᠰᠤᠨ ᠤ ᠪᠦᠬᠦ ᠪᠠᠭ ᠤᠨ ᠪᠦᠷᠢᠯᠳᠦᠬᠦᠨ ᠵᠢᠴᠢ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠤᠷᠠᠯ ᠳᠤ ᠣᠷᠣᠯᠴᠠᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠦᠨᠳᠦᠰᠦᠨ ᠱᠠᠲᠤᠨ ᠤ ᠵᠠᠰᠠᠯᠲᠠ ᠶᠢᠨ ︽ᠲᠤᠩᠭᠠᠯᠠᠭ ᠰᠢᠯᠭᠠᠭᠤᠷ︾ ᠪᠠ ︽ᠰᠠᠭᠤᠷᠢ ᠴᠢᠯᠠᠭᠤ︾ ᠮᠥᠨ᠃ ᠪᠠᠯᠭᠠᠰᠤ ᠲᠣᠰᠬᠤᠨ ᠤ ᠺᠠᠳ᠋ᠷ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠠᠵᠢᠯ ᠤᠨ ᠱᠠᠭᠠᠷᠳᠠᠯᠭ᠎ᠠ ︵ᠳᠠᠷᠤᠢ ᠬᠦᠰᠡᠯ ᠱᠠᠭᠠᠷᠳᠠᠯᠭ᠎ᠠ ᠨᠢ ᠵᠦᠢ ᠵᠣᠬᠢᠰᠲᠠᠢ ᠪᠠᠶᠢᠬᠤ᠂ ᠠᠮᠢᠳᠤᠷᠠᠯ ᠤᠨ ᠬᠦᠴᠢᠷᠳᠡᠯ ᠢ ᠬᠠᠪᠰᠤᠷᠤᠨ ᠲᠡᠳᠬᠦᠬᠦ᠂ ᠵᠥᠷᠢᠴᠡᠯ ᠲᠣᠪᠤᠶᠢᠮ᠎ᠠ ᠪᠠᠶᠢᠬᠤ ᠶᠢ ᠬᠠᠤᠯᠢ ᠶᠣᠰᠣᠭᠠᠷ ᠰᠢᠢᠳᠪᠦᠷᠢᠯᠡᠬᠦ︶ ᠶᠢ ᠭᠦᠨᠵᠡᠭᠡᠢ ᠣᠶᠢᠯᠠᠭᠠᠵᠤ᠂ ︽ᠳᠥᠷᠪᠡ ᠶᠢ ᠨᠢᠭᠡ ᠴᠣᠭᠴᠠᠵᠢᠭᠤᠯᠬᠤ︾ ᠵᠥᠷᠢᠴᠡᠯ ᠢ ᠲᠣᠭᠲᠠᠭᠤᠨ ᠢᠶᠠᠷ ᠡᠵᠡᠮᠳᠡᠬᠦ ᠲᠣᠭᠲᠠᠴᠠ ᠶᠢ ᠰᠠᠶᠢᠲᠤᠷ ᠬᠡᠷᠡᠭᠯᠡᠵᠦ᠂ 12345 ᠬᠠᠯᠠᠮᠰᠢᠯ ᠤᠲᠠᠰᠤᠨ ᠤ ︽ᠡᠮᠦᠨ᠎ᠡ ᠬᠠᠷᠠᠭᠤᠯ︾ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠵᠥᠷᠢᠴᠡᠯ ᠵᠢᠭᠤᠷᠠᠯᠳᠤᠭᠠᠨ ᠢ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠵᠤ ᠰᠢᠢᠳᠪᠦᠷᠢᠯᠡᠨ᠂ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠡᠮᠦᠨ᠎ᠡ ᠦᠵᠦᠭᠦᠷ ᠠᠴᠠ ᠵᠠᠰᠠᠬᠤ ᠶᠢ ᠪᠡᠶᠡᠯᠡᠭᠦᠯᠬᠦ ᠬᠡᠷᠡᠭᠲᠡᠢ᠃    ᠬᠤᠷᠠᠯ ᠠᠴᠠ᠂ ᠪᠦᠬᠦ ᠪᠠᠯᠭᠠᠰᠤ ᠪᠠᠷ ᠢᠶᠠᠨ ︽ᠳᠠᠷᠤᠭᠳᠠᠮᠠᠯ ᠬᠡᠷᠡᠭ ᠢ ᠰᠢᠢᠳᠪᠦᠷᠢᠯᠡᠬᠦ ᠪᠠ ᠰᠤᠷᠪᠤᠯᠵᠢᠯᠠᠭ᠎ᠠ ᠶᠢ ᠵᠠᠳᠠᠯᠤᠨ ᠰᠤᠳᠤᠯᠵᠤ ᠮᠠᠭᠠᠳᠯᠠᠬᠤ ᠶᠢ ᠵᠢᠷᠤᠮᠵᠢᠭᠤᠯᠬᠤ︾ ᠬᠤᠯᠪᠣᠭᠠᠯᠠᠨ ᠬᠥᠳᠡᠯᠦᠯᠴᠡᠬᠦ ᠵᠠᠭᠪᠤᠷ ᠢ ᠪᠠᠷᠢᠮᠲᠠᠯᠠᠵᠤ᠂ ︽ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠬᠤ᠂ ᠨᠡᠮᠡᠭᠳᠡᠯ ᠤᠨ ᠬᠡᠮᠵᠢᠶ᠎ᠡ ᠶᠢ ᠡᠵᠡᠮᠳᠡᠬᠦ᠂ ᠬᠤᠪᠢᠰᠤᠭᠴᠢ ᠬᠡᠮᠵᠢᠶ᠎ᠡ ᠶᠢ ᠰᠡᠷᠭᠡᠶᠢᠯᠡᠬᠦ᠂ ᠶᠠᠰᠤ ᠴᠢᠨᠠᠷ ᠢ ᠳᠡᠭᠡᠭᠰᠢᠯᠡᠭᠦᠯᠬᠦ︾ ᠲᠠᠯ᠎ᠠ ᠪᠠᠷ ᠣᠨᠢᠨ ᠳᠡᠭᠡᠷ᠎ᠡ ᠨᠢ ᠬᠦᠴᠦᠯᠡᠬᠦ ᠬᠡᠷᠡᠭᠲᠡᠢ᠃ ᠨᠢᠭᠡ ᠳᠤ ᠳᠠᠷᠤᠭᠳᠠᠮᠠᠯ ᠬᠡᠷᠡᠭ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠬᠡᠷᠡᠭ ᠳᠠᠭᠠᠭᠠᠴᠢᠯᠠᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠬᠦ ᠬᠡᠷᠡᠭᠲᠡᠢ︔ ᠬᠤᠶᠠᠷ ᠲᠤ ᠺᠠᠳ᠋ᠷᠴᠤᠳ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠪᠣᠯᠵᠣᠨ ᠰᠤᠷᠪᠤᠯᠵᠢᠯᠠᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠣᠯᠠᠨ ᠲᠦᠮᠡᠨ ᠤ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ︔ ᠭᠤᠷᠪᠠ ᠳᠤ᠂ ᠵᠥᠷᠢᠴᠡᠯ ᠢ ᠵᠢᠭᠰᠠᠭᠠᠨ ᠪᠠᠶᠢᠴᠠᠭᠠᠬᠤ ᠶᠢ ᠭᠦᠨᠵᠡᠭᠡᠶᠢᠷᠡᠭᠦᠯᠵᠦ᠂ ᠲᠣᠣᠷᠵᠢᠭᠤᠯᠤᠭᠰᠠᠨ ᠬᠠᠮᠢᠶᠠᠷᠤᠯᠲᠠ ᠳᠤ ᠲᠦᠰᠢᠭᠯᠡᠨ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠬᠥᠮᠦᠰ ᠢ ᠦᠷᠭᠦᠯᠵᠢᠯᠡᠨ ᠪᠠᠶᠢᠴᠠᠭᠠᠨ ᠰᠢᠢᠳᠪᠦᠷᠢᠯᠡᠵᠦ᠂ ᠠᠶᠤᠯ ᠲᠦᠭᠰᠢᠭᠦᠷᠢ ᠶᠢ ᠳᠡᠰ ᠳᠡᠪᠰᠢᠭᠦᠯᠬᠦ ᠶᠢ ᠰᠡᠷᠭᠡᠶᠢᠯᠡᠬᠦ ᠬᠡᠷᠡᠭᠲᠡᠢ︔ ᠳᠥᠷᠪᠡ ᠳᠤ᠂ ᠰᠢᠢᠳᠪᠦᠷᠢᠯᠡᠬᠦ ᠶᠠᠪᠤᠴᠠ ᠶᠢ ᠵᠢᠷᠤᠮᠵᠢᠭᠤᠯᠵᠤ᠂ ᠠᠰᠠᠭᠤᠳᠠᠯ ᠢ ᠬᠦᠯᠢᠶᠡᠨ ᠠᠪᠬᠤ᠂ ᠰᠢᠯᠵᠢᠭᠦᠯᠦᠨ ᠰᠢᠢᠳᠪᠦᠷᠢᠯᠡᠬᠦ᠂ ᠰᠢᠮᠳᠠᠭᠤᠯᠤᠨ ᠰᠢᠢᠳᠪᠦᠷᠢᠯᠡᠭᠦᠯᠬᠦ ᠪᠢᠲᠡᠭᠦᠦ ᠴᠠᠭᠠᠷᠢᠭ ᠤᠨ ᠲᠣᠭᠲᠠᠴᠠ ᠶᠢ ᠪᠠᠶᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠬᠡᠵᠡᠢ᠃    ᠬᠤᠷᠠᠯ ᠠᠴᠠ ᠱᠠᠭᠠᠷᠳᠠᠭᠰᠠᠨ ᠨᠢ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ᠬᠡᠰᠡᠭ ᠢ ᠳᠠᠭᠠᠭᠠᠴᠢᠯᠠᠨ ᠬᠠᠷᠢᠭᠤᠴᠠᠵᠤ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠱᠦᠵᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ︽ᠪᠠᠭ᠎ᠠ ᠶᠠᠪᠤᠳᠠᠯ ᠢ ᠲᠣᠰᠬᠤᠨ ︵ᠨᠡᠶᠢᠭᠡᠮ ᠲᠣᠭᠤᠷᠢᠭ︶ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠪᠦᠬᠦ ᠺᠠᠳ᠋ᠷᠴᠤᠳ ᠬᠠᠤᠯᠢᠵᠢᠯ ᠤᠨ ᠰᠡᠳᠬᠢᠬᠦᠢ ᠪᠣᠯᠤᠨ ᠣᠯᠠᠨ ᠲᠦᠮᠡᠨᠴᠢ ᠦᠵᠡᠯᠲᠡ ᠶᠢ ᠪᠠᠲᠤ ᠪᠣᠢ ᠪᠣᠯᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ︽ᠪᠢ ᠣᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠳᠤᠮᠳᠠ ᠠᠷᠠᠳ ᠤᠨ ᠰᠡᠳᠬᠢᠯ ᠢ ᠣᠯᠵᠤ᠂ ᠵᠥᠷᠢᠴᠡᠯ ᠢ ᠰᠢᠢᠳᠪᠦᠷᠢᠯᠡᠬᠦ ᠳᠤᠮᠳᠠ ᠵᠠᠰᠠᠯᠲᠠ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠪᠦᠬᠦ ᠪᠠᠯᠭᠠᠰᠤᠨ ᠤ ᠳᠡᠭᠡᠳᠦ ᠳᠣᠣᠷᠠᠳᠤ ᠱᠠᠲᠤᠨ ᠤ ᠬᠢᠨ ᠰᠠᠨᠠᠭᠠᠴᠢᠯᠠᠭ᠎ᠠ ᠠᠴᠠ ᠪᠠᠨ ᠲᠣᠭᠲᠠᠭᠤᠨ ᠪᠠᠶᠢᠳᠠᠯ ᠢ ᠡᠭᠦᠳᠬᠦ ᠪᠠᠷ ᠤᠳᠤᠷᠢᠳᠤᠮᠵᠢ ᠪᠣᠯᠭᠠᠵᠤ᠂ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠲᠤᠯᠭᠠᠭᠤᠷᠢᠯᠠᠯ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠵᠢᠨᠱᠠᠨ ᠪᠠᠯᠭᠠᠰᠤ ᠶᠢ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠬᠡᠵᠡᠢ᠃ 
 
ᠢᠷᠡᠯᠲᠡ᠄ ᠵᠢᠨᠱᠠᠨ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号