ᠶᠢᠨ ᠬᠤᠤ ᠪᠠᠯᠭᠠᠰᠤᠨ ᠤ ᠭᠤᠣᠯ ᠵᠡᠭᠡᠯᠢ ᠳᠡᠭᠡᠷ᠎ᠡ᠂ 60 ㎡ ᠤᠨ ᠯᠢᠦᠢ ᠯᠢᠶᠠᠩ ᠶᠡᠷᠦᠩᠬᠡᠶᠢᠯᠡᠭᠰᠡᠨ ᠳᠡᠯᠭᠡᠭᠦᠷ | 200 ᠭᠠᠷᠤᠢ ᠡᠷᠦᠬᠡ ᠶᠢᠨ ᠲᠣᠰᠬᠤᠨ ᠤ ᠠᠷᠠᠳ ᠤᠨ ᠢᠲᠡᠭᠡᠯ ᠪᠠ ᠲᠦᠰᠢᠭᠯᠡᠯ ᠢ ᠠᠴᠢᠶᠠᠯᠠᠵᠤ ᠪᠠᠶᠢᠨ᠎ᠠ᠃ | ᠡᠵᠡᠩᠨᠡᠭᠴᠢ ᠯᠢ ᠵᠢᠦᠢ ᠶᠢᠩ᠂ ᠡᠨᠡ ᠬᠦ ᠦᠨᠳᠦᠰᠦᠨ ᠱᠠᠲᠤᠨ ᠳᠤ ᠰᠠᠭᠤᠷᠢᠯᠠᠭᠰᠠᠨ 22 ᠵᠢᠯ ᠤᠨ ᠡᠪ ᠬᠠᠮᠲᠤ | ᠨᠠᠮ ᠤᠨ ᠭᠡᠰᠢᠭᠦᠨ ᠠᠷᠪᠠᠨ ᠨᠠᠢᠮᠠᠨ ᠵᠢᠯ ᠤᠨ ᠬᠠᠪᠤᠷ ᠨᠠᠮᠤᠷ ᠦᠨᠡᠨᠴᠢ ᠢᠲᠡᠭᠡᠮᠵᠢ ᠪᠠᠷ ᠪᠠᠲᠤ ᠰᠠᠬᠢᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠷᠤᠭ ᠳᠡᠭᠡᠷ᠎ᠡ ︽ᠠᠷᠠᠯᠵᠢᠶᠠᠴᠢᠳ ᠦᠨᠡᠨᠴᠢ ᠪᠠᠷ ᠦᠨᠳᠦᠰᠦ ᠪᠣᠯᠭᠠᠬᠤ︾ | ᠰᠡᠳᠬᠢᠯ ᠬᠥᠳᠡᠯᠭᠡᠮ᠎ᠡ ᠬᠠᠭᠤᠳᠠᠰᠤ ᠶᠢ ᠪᠢᠴᠢᠭᠯᠡᠵᠦ᠂ ᠨᠡᠩ ᠴᠤ ᠤᠷᠢᠬᠠᠨ ᠰᠠᠯᠬᠢ ᠮᠡᠲᠦ ᠬᠠᠶᠢᠷ᠎ᠠ ᠬᠠᠯᠠᠮᠵᠢ ᠪᠠᠷ | ᠨᠠᠮ ᠪᠠ ᠣᠯᠠᠨ ᠲᠦᠮᠡᠨ ᠤ ᠰᠡᠳᠬᠢᠯ ᠵᠢᠷᠦᠬᠡ ᠪᠠᠨ ᠬᠤᠯᠪᠣᠬᠤ ᠬᠥᠭᠦᠷᠭᠡ ᠶᠢ ᠪᠤᠰᠬᠠᠵᠠᠢ᠃ | ᠴᠡᠷᠢᠭ ᠤᠨ ᠰᠦᠨᠡᠰᠦ ᠶᠢ ᠤᠯᠠᠮᠵᠢᠯᠠᠨ ᠵᠠᠯᠭᠠᠮᠵᠢᠯᠠᠵᠤ ᠬᠤᠳᠠᠯᠳᠤᠭᠠᠨ ᠤ ᠵᠠᠮ ᠭᠤᠷᠪᠠᠨ ᠵᠠᠷᠴᠢᠮ ᠢᠶᠠᠷ ᠬᠡᠪ | ᠳᠠᠭᠤᠷᠢᠶᠠᠯ ᠪᠣᠯᠭᠠᠨ᠎ᠠ | ᠴᠡᠪᠡᠷ ᠴᠡᠮᠴᠡᠭᠡᠷ ᠵᠢᠵᠢᠭ ᠳᠡᠯᠭᠡᠭᠦᠷ ᠲᠤ ᠣᠷᠣᠬᠤ ᠳᠤ᠂ ︽ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ | ᠳᠡᠯᠭᠡᠭᠦᠷ︾ ᠤᠨ ᠤᠯᠠᠭᠠᠨ ᠥᠩᠭᠡ ᠶᠢᠨ ᠲᠡᠮᠳᠡᠭ ᠣᠨᠴᠠᠭᠠᠢ ᠢᠯᠡ ᠲᠣᠳᠣ ᠬᠠᠷᠠᠭᠳᠠᠨ᠎ᠠ᠃ ᠯᠢ ᠵᠢᠦᠢ ᠶᠢᠩ ᠤᠨ ︽ | ᠳᠠᠶᠢᠨ ᠤ ᠲᠠᠯᠠᠪᠤᠷ ᠲᠤ ᠤᠯᠤᠰ ᠣᠷᠣᠨ ᠢᠶᠠᠨ ᠬᠠᠮᠠᠭᠠᠯᠠᠵᠤ᠂ ᠨᠤᠲᠤᠭ ᠳᠠᠭᠠᠨ ᠬᠠᠷᠢᠭᠰᠠᠨ ᠤ ᠳᠠᠷᠠᠭ᠎ᠠ ᠦᠨᠡᠨᠴᠢ | ᠢᠲᠡᠭᠡᠮᠵᠢᠲᠡᠢ ᠪᠠᠷ ᠪᠡᠶ᠎ᠡ ᠪᠠᠨ ᠳᠠᠭᠠᠭᠠᠬᠤ︾ ᠭᠡᠷ ᠤᠨ ᠰᠤᠷᠭᠠᠯ ᠨᠢ ᠰᠢᠷ᠎ᠠ ᠬᠥᠷᠥᠰᠥᠲᠦ ᠦᠨᠳᠦᠷᠯᠢᠭ ᠲᠤ | ᠦᠷ᠎ᠡ ᠶᠢ ᠰᠠᠴᠤᠵᠤ᠂ ᠲᠡᠭᠦᠨ ᠤ ᠡᠵᠡᠩᠨᠡᠯᠲᠡ ᠶᠢᠨ ᠦᠢᠯᠡᠳᠦᠯᠭᠡ ᠶᠢᠨ ᠳᠤᠮᠳᠠ ᠦᠨᠳᠦᠰᠦ ᠬᠠᠳᠬᠤᠨ | ᠰᠣᠶᠣᠭᠠᠯᠠᠵᠠᠢ᠃ ᠬᠤᠷᠴᠠ ᠰᠢᠷᠦᠭᠦᠨ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠡᠮᠦᠨ᠎ᠡ᠂ ᠲᠡᠷᠡ ︽ᠬᠠᠭᠤᠷᠮᠠᠭ | ᠪᠠᠷᠠᠭ᠎ᠠ ᠬᠤᠳᠠᠯᠳᠤᠬᠤ ᠦᠭᠡᠢ᠂ ᠦᠨ᠎ᠡ ᠪᠠᠨ ᠥᠰᠬᠡᠬᠦ ᠦᠭᠡᠢ᠂ ᠠᠶᠠᠨᠴᠢᠳ ᠢ ᠳᠠᠷᠤᠯᠠᠬᠤ ᠦᠭᠡᠢ︾ ᠵᠢᠷᠤᠮ | ᠶᠤᠰᠤ ᠶᠢ ᠲᠣᠭᠲᠠᠭᠠᠵᠤ᠂ ᠪᠠᠷᠠᠭᠠᠨ ᠤ ᠲᠠᠯᠪᠢᠭᠤᠷ ᠳᠡᠭᠡᠷᠡᠬᠢ ᠲᠠᠸᠠᠷ ᠨᠢᠭᠡᠪᠦᠷᠢ ᠶᠢ ᠴᠥᠮ ᠥᠪᠡᠷ ᠤᠨ | ᠪᠡᠶ᠎ᠡ ᠪᠠᠷ ᠢᠶᠠᠨ ᠪᠠᠶᠢᠴᠠᠭᠠᠵᠤ᠂ ᠪᠠᠷᠠᠭᠠᠨ ᠤ ᠬᠥᠮᠥᠷᠭᠡ ᠳᠠᠬᠢ ᠪᠦᠯᠦᠭ ᠪᠦᠷᠢ ᠶᠢᠨ ᠪᠠᠷᠠᠭᠠᠨ ᠤ ᠬᠠᠭᠤᠳᠠᠰᠤ ᠶᠢ | ᠪᠦᠷᠢᠨ ᠬᠠᠳᠠᠭᠠᠯᠠᠪᠠ᠃ 2020 ᠣᠨ ᠤ ᠠᠮᠤ ᠲᠣᠰᠣᠨ ᠤ ᠦᠨ᠎ᠡ ᠬᠠᠩᠰᠢ ᠶᠢᠨ ᠬᠡᠯᠪᠡᠯᠵᠡᠯ ᠤᠨ | ᠬᠤᠭᠤᠴᠠᠭᠠᠨ ᠳᠤ᠂ ᠲᠡᠷᠡ ᠥᠷᠯᠥᠭᠡ ᠡᠷᠲᠡ ᠮᠠᠰᠢᠨ ᠲᠡᠷᠭᠡ ᠪᠠᠷ 100 ㎞ ᠠᠶᠠᠯᠠᠵᠤ᠂ ᠬᠠᠩᠭᠠᠯᠭ᠎ᠠ ᠶᠢᠨ | ᠬᠤᠳᠠᠯᠳᠤᠭᠠᠴᠢᠨ ᠲᠠᠢ ᠬᠡᠯᠡᠯᠴᠡᠭᠡ ᠬᠢᠵᠦ᠂ ᠲᠦᠩᠰᠡ ᠪᠦᠷᠢ ᠶᠢᠨ ᠲᠣᠰᠣ ᠶᠢ 8 ᠲᠥᠭᠦᠷᠢᠭ ᠬᠢᠮᠳᠠᠷᠠᠭᠤᠯᠵᠤ᠂ | ᠥᠪᠡᠷ ᠢᠶᠠᠨ ᠨᠢᠭᠡ ᠪᠦᠯᠦᠭ ᠨᠦᠬᠦᠪᠦᠷᠢ ᠬᠢᠵᠦ᠂ ᠦᠨ᠎ᠡ ᠬᠠᠩᠰᠢ ᠶᠢᠨ ᠠᠮᠠᠯᠠᠯᠲᠠ ᠪᠠᠨ ᠪᠠᠲᠤ ᠰᠠᠬᠢᠵᠠᠢ᠃ | ᠲᠣᠰᠬᠤᠨ ᠤ ᠠᠷᠠᠳ ᠸᠠᠩ ᠳ᠋ᠠ ᠶᠧ᠄ ︽ᠵᠢᠦᠢ ᠶᠢᠩ ᠳᠡᠯᠭᠡᠭᠦᠷ ᠠᠴᠠ ᠶᠠᠭᠤᠮ᠎ᠠ ᠬᠤᠳᠠᠯᠳᠤᠨ ᠠᠪᠬᠤ ᠳᠤ᠂ | ᠨᠢᠳᠦ ᠪᠠᠨ ᠠᠨᠢᠵᠤ ᠪᠠᠶᠢᠭᠠᠳ ᠪᠦᠷ ᠰᠠᠨᠠᠭ᠎ᠠ ᠠᠮᠤᠷ ᠡ︕︾ ᠭᠡᠵᠦ ᠰᠡᠳᠬᠢᠯ ᠳᠣᠭᠳᠣᠯᠤᠨ ᠬᠡᠯᠡᠨ᠎ᠡ᠃ | ᠵᠢᠵᠢᠭ ᠳᠡᠯᠭᠡᠭᠦᠷ ᠂ ᠠᠶᠤᠯ ᠲᠦᠭᠰᠢᠭᠦᠷᠢ ᠶᠢᠨ ᠦᠶ᠎ᠡ ᠳᠤ ᠠᠳᠠᠯᠢᠬᠠᠨ ᠬᠠᠷᠢᠭᠤᠴᠠᠯᠭ᠎ᠠ ᠡᠭᠦᠷᠭᠡᠯᠡᠨ᠎ᠡ | ᠬᠤᠶᠠᠷ ᠲᠠᠰᠤᠯᠭ᠎ᠠ ᠬᠢᠴᠢᠶᠡᠯ ᠤᠨ ᠭᠡᠷ ᠬᠦᠷᠬᠦ ᠦᠭᠡᠢ ᠵᠢᠵᠢᠭ ᠳᠡᠯᠭᠡᠭᠦᠷ ᠬᠠᠷᠢᠨ ᠶᠢᠨ ᠬᠤᠤ ᠲᠣᠰᠬᠤᠨ ᠤ ︽ | ᠰᠡᠳᠬᠢᠯ ᠢ ᠳᠤᠯᠠᠭᠠᠴᠠᠭᠤᠯᠬᠤ ᠥᠷᠲᠡᠭᠡ︾ ᠪᠣᠯᠤᠨ᠎ᠠ᠃ ᠡᠭᠦᠳᠡᠨ ᠭᠠᠳᠠᠨ᠎ᠠ ᠵᠢᠯ ᠲᠤᠷᠰᠢ ᠨᠢᠭᠡ ᠴᠠᠬᠢᠯᠭᠠᠨ | ᠬᠥᠳᠡᠯᠭᠡᠭᠦᠷᠲᠦ ᠲᠡᠷᠭᠡ ᠪᠡᠯᠡᠳᠬᠡᠵᠡᠢ᠄ ᠨᠢᠭᠡ ᠳᠤ ᠭᠠᠭᠴᠠᠭᠠᠷ ᠰᠠᠭᠤᠭ᠎ᠠ ᠨᠠᠰᠤᠲᠠᠶᠢᠴᠤᠳ ᠲᠤ ᠠᠮᠤ ᠲᠣᠰᠣ | ᠲᠣᠬᠢᠷᠠᠭᠤᠯᠤᠨ ᠬᠦᠷᠭᠡᠵᠦ᠂ ᠬᠤᠶᠠᠷ ᠲᠤ᠂ ᠲᠦᠷᠭᠡᠨ ᠬᠦᠷᠭᠡᠯᠲᠡ ᠶᠢᠨ ᠪᠣᠭᠤᠳᠠᠯ ᠢ ᠣᠷᠣᠯᠠᠨ ᠬᠤᠷᠢᠶᠠᠨ᠎ᠠ᠃ 78 | ᠨᠠᠰᠤᠲᠠᠢ ᠵᠠᠩ ᠡᠮᠡᠭᠡ᠂ ᠬᠠᠬᠢᠷ ᠡᠪᠦᠯ ᠤᠨ ᠬᠥᠬᠡᠭᠡ ᠰᠠᠷ᠎ᠠ ᠳᠤ ᠯᠢ ᠵᠢᠦᠢ ᠶᠢᠩ ᠴᠠᠰᠤ ᠰᠥᠷᠦᠨ ᠳᠠᠷᠤᠯᠲᠠ ᠶᠢᠨ | ᠡᠮ ᠬᠦᠷᠭᠡᠵᠦ ᠢᠷᠡᠭᠰᠡᠨ ᠨᠢ ᠮᠠᠷᠳᠠᠭᠳᠠᠰᠢ ᠦᠬᠡᠢ ᠬᠡᠵᠦ ᠬᠡᠯᠡᠪᠡ︔ ᠭᠡᠷ ᠲᠡᠭᠡᠨ ᠬᠤᠴᠣᠷᠤᠭᠰᠠᠨ ᠬᠡᠦᠬᠡᠳ ᠰᠢᠶᠣᠤ | ᠴᠢᠶᠠᠩ ᠨᠠᠨᠳᠢᠩᠨᠠᠨ ᠬᠠᠳᠠᠭᠠᠯᠠᠵᠤ ᠪᠠᠶᠢᠭ᠎ᠠ ᠪᠢᠴᠢᠭ ᠤᠨ ᠬᠡᠷᠡᠭᠰᠡᠯ ᠤᠨ ᠬᠠᠶᠢᠷᠴᠠᠭ ᠨᠢ ᠳᠡᠯᠭᠡᠭᠦᠷ ᠤᠨ ᠡᠵᠡᠨ ᠠᠨᠢᠶ᠎ᠠ | ᠰᠤᠷᠤᠯᠭ᠎ᠠ ᠶᠢᠨ ᠰᠦᠢᠳᠬᠡᠯ ᠢ ᠨᠢ ᠲᠤᠰᠢᠶᠠᠵᠤ ᠦᠭᠭᠦᠭᠰᠡᠨ ᠢ ᠲᠡᠮᠳᠡᠭᠯᠡᠵᠦ ᠪᠠᠶᠢᠨ᠎ᠠ᠃ | ᠯᠢ ᠵᠢᠦᠢ ᠶᠢᠩ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠨᠢ ᠥᠪᠡᠷ ᠤᠨ ᠪᠡᠶ᠎ᠡ ᠳᠡᠭᠡᠨ ᠰᠠᠶᠢᠨ ᠰᠠᠶᠢᠬᠠᠨ | ᠮᠠᠭᠲᠠᠭᠠᠯ ᠰᠠᠶᠢᠰᠢᠶᠠᠯ ᠪᠠ ᠦᠷ᠎ᠡ ᠠᠰᠢᠭ ᠠᠪᠴᠢᠷᠠᠵᠤ ᠥᠭᠭᠦᠭᠰᠡᠨ ᠢᠶᠠᠷ ᠪᠠᠷᠠᠬᠤ ᠦᠭᠡᠢ᠂ ᠳᠡᠯᠭᠡᠭᠦᠷ ᠤᠨ | ᠠᠷᠠᠯᠵᠢᠶ᠎ᠠ ᠴᠤ ᠤᠯᠠᠮ ᠬᠥᠭᠵᠢᠨ ᠴᠡᠴᠡᠭᠯᠡᠵᠦ᠂ ᠪᠠᠰᠠ ᠡᠷᠭᠢᠨ ᠲᠣᠭᠤᠷᠢᠨ ᠤ ᠬᠤᠳᠠᠯᠳᠤᠭᠠᠨ ᠤ ᠡᠷᠦᠬᠡ ᠪᠠ ᠣᠯᠠᠨ | ᠲᠦᠮᠡᠨ ᠳᠤ ᠦᠯᠢᠭᠡᠷ ᠳᠠᠭᠤᠷᠢᠶᠠᠯ ᠪᠣᠯᠤᠭᠰᠠᠨ ᠪᠠᠶᠢᠨ᠎ᠠ᠃ ᠲᠡᠭᠦᠨ ᠤ ᠨᠥᠯᠥᠭᠡ ᠪᠠᠷ᠂ ᠡᠷᠭᠢᠨ ᠲᠣᠭᠤᠷᠢᠨ ᠤ | ᠬᠤᠳᠠᠯᠳᠤᠭᠠᠴᠢᠨ ᠡᠷᠦᠬᠡ ᠴᠦ ᠦᠨᠡᠨᠴᠢ ᠢᠲᠡᠭᠡᠮᠵᠢᠲᠡᠢ ᠡᠵᠡᠩᠨᠡᠯᠲᠡ ᠪᠠᠷ ᠪᠠᠷᠢᠮᠵᠢᠶ᠎ᠠ ᠪᠣᠯᠭᠠᠵᠤ᠂ ᠵᠠᠬ᠎ᠠ | ᠳᠡᠯᠭᠡᠭᠦᠷ ᠤᠨ ᠬᠡᠪ ᠰᠤᠷᠲᠠᠯ ᠢ ᠢᠯᠡᠳᠲᠡ ᠰᠠᠶᠢᠵᠢᠷᠠᠭᠤᠯᠪᠠ︔ ᠲᠣᠰᠬᠤᠨ ᠤ ᠠᠷᠠᠳ ᠴᠤ ᠲᠡᠭᠦᠨ ᠢᠶᠠᠷ ᠳᠠᠭᠤᠷᠢᠶᠠᠯ | ᠪᠣᠯᠭᠠᠵᠤ᠂ ᠠᠮᠢᠳᠤᠷᠠᠯ ᠤᠨ ᠳᠤᠮᠳᠠ ᠦᠨᠡᠨᠴᠢ ᠢᠲᠡᠭᠡᠮᠵᠢ ᠪᠠᠨ ᠪᠠᠲᠤ ᠰᠠᠬᠢᠪᠠ᠃ ︽ᠤᠴᠢᠷ ᠲᠠᠢ ᠪᠣᠯ ᠵᠢᠦᠢ | ᠶᠢᠩ ᠢ ᠡᠷᠢᠬᠦ︾ ᠶᠠᠪᠤᠳᠠᠯ ᠨᠢ ᠲᠣᠰᠬᠤᠨ ᠤ ᠠᠷᠠᠳ ᠤᠨ ᠠᠮᠠᠨ ᠠᠶ᠎ᠠ ᠪᠣᠯᠪᠠ᠃ | 3 ᠰᠠᠷ᠎ᠠ ᠶᠢᠨ 28 ᠤ ᠡᠳᠦᠷ᠂ ᠯᠢ ᠵᠢᠦᠢ ᠶᠢᠩ ︽ᠭᠦᠶᠡᠩ ᠤᠨ ᠦᠯᠢᠭᠡᠷ ᠳᠠᠭᠤᠷᠢᠶᠠᠯ ᠤᠨ ᠬᠦᠴᠦᠨ︾ ᠤ | ᠨᠡᠶᠢᠲᠡᠯᠢᠭ ᠬᠥᠮᠦᠨ ᠢ ᠨᠡᠶᠢᠲᠡᠯᠡᠬᠦ ᠠᠵᠢᠯᠯᠠᠭ᠎ᠠ ᠶᠢᠨ ᠱᠠᠩᠨᠠᠯ ᠣᠯᠭᠤᠬᠤ ᠲᠠᠶᠢᠰᠠᠨ ᠳᠡᠭᠡᠷ᠎ᠡ᠂ ᠭᠠᠷ ᠲᠠᠬᠢ ᠦᠨᠡᠮᠯᠡᠯ | ᠪᠣᠯᠤᠨ ᠡᠩᠭᠡᠷ ᠲᠠᠬᠢ ᠨᠠᠮ ᠤᠨ ᠰᠦᠯᠳᠡ ᠨᠢ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ 55 ᠨᠠᠰᠤᠲᠠᠢ ᠬᠥᠳᠡᠭᠡ | ᠲᠣᠰᠬᠤᠨ ᠤ ᠨᠠᠮ ᠤᠨ ᠭᠡᠰᠢᠭᠦᠨ 18 ᠵᠢᠯ ᠤᠨ ᠪᠠᠲᠤ ᠪᠠᠷᠢᠮᠲᠠᠯᠠᠯ ᠢᠶᠠᠷ ᠦᠨᠡᠨᠴᠢ ᠢᠲᠡᠭᠡᠮᠵᠢ ᠶᠢ ᠲᠠᠶᠢᠯᠪᠤᠷᠢᠯᠠᠵᠠᠢ᠃ | ᠦᠨᠡᠨᠴᠢ ᠢᠲᠡᠭᠡᠮᠵᠢ ᠪᠣᠯ ᠵᠥᠪᠬᠡᠨ ᠬᠤᠳᠠᠯᠳᠤᠭᠠᠨ ᠤ ᠡᠵᠡᠩᠨᠡᠯᠲᠡ ᠶᠢᠨ ᠪᠠᠷᠢᠮᠵᠢᠶ᠎ᠠ ᠲᠡᠳᠦᠢ ᠪᠢᠰᠢ᠂ ᠨᠡᠩ ᠴᠤ | ᠠᠷᠠᠳ ᠤᠨ ᠰᠡᠳᠬᠢᠯ ᠢ ᠳᠤᠯᠠᠭᠠᠴᠠᠭᠤᠯᠬᠤ ᠬᠦᠴᠦᠨ ᠮᠥᠨ᠃ ᠲᠡᠭᠦᠨ ᠤ ᠪᠡᠶ᠎ᠡ ᠳᠡᠭᠡᠷ᠎ᠡ ᠠᠴᠠ ᠪᠢᠳᠡ ᠦᠨᠡᠨᠴᠢ | ᠢᠲᠡᠭᠡᠮᠵᠢ ᠪᠠᠷ ᠪᠦᠲᠦᠭᠡᠭᠰᠡᠨ ᠠᠯᠲᠠᠨ ᠦᠰᠦᠭᠲᠦ ᠫᠠᠶᠢᠰᠠ ᠶᠢ ᠣᠯᠵᠤ ᠬᠠᠷᠠᠭᠰᠠᠨ ᠪᠥᠭᠡᠳ ᠤᠭ ᠰᠠᠨᠠᠭ᠎ᠠ ᠪᠠᠨ | ᠭᠡᠷᠡᠯᠳᠦᠭᠦᠯᠦᠭᠰᠡᠨ ᠬᠥᠳᠡᠭᠡ ᠲᠣᠰᠬᠤᠨ ᠤ ᠬᠠᠯᠠᠭᠤᠨ ᠳᠤᠯᠠᠭᠠᠨ ᠢ ᠴᠤ ᠣᠯᠵᠤ ᠬᠠᠷᠠᠪᠠ᠃ ᠲᠡᠭᠦᠨ ᠤ ᠦᠯᠢᠭᠡᠷ᠂ | ᠨᠡᠩ ᠣᠯᠠᠨ ᠬᠥᠮᠦᠰ ᠤᠨ ᠦᠨᠡᠨᠴᠢ ᠢᠲᠡᠭᠡᠮᠵᠢ ᠶᠢᠨ ᠵᠠᠮ ᠳᠡᠭᠡᠷ᠎ᠡ ᠡᠷᠡᠰ ᠪᠠᠲᠤ ᠤᠷᠤᠭᠰᠢᠯᠠᠬᠤ ᠶᠢ ᠵᠣᠷᠢᠭᠵᠢᠭᠤᠯᠵᠤ᠂ | ᠨᠡᠩ ᠰᠠᠶᠢᠨ ᠰᠠᠶᠢᠬᠠᠨ ᠨᠡᠶᠢᠭᠡᠮ ᠢ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ | |