ᠭᠤᠤ ᠵᠢᠶᠧ ᠄​ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢ ᠨᠡᠭᠡᠭᠡᠪᠡ
ᠨᠡᠶᠢᠲᠡᠯᠡᠭᠰᠡᠨ ᠴᠠᠭ᠄
2025/4/7
   ᠰᠢ ᠳ᠋ᠧᠦ ᠫᠦ᠋ ᠪᠠᠯᠭᠠᠰᠤᠨ ᠤ ᠯᠢᠦ ᠸᠧᠢ ᠬᠤᠤ ᠲᠣᠰᠬᠤᠨ ᠳᠤ ᠡᠶᠢᠮᠦ ᠨᠢᠭᠡᠨ ᠺᠠᠳ᠋ᠷ ᠪᠠᠶᠢᠨ᠎ᠠ᠃ ᠲᠡᠷᠡ ᠪᠠᠷ ᠬᠠᠳᠠ ᠮᠡᠲᠦ ᠡᠷᠡᠰ ᠪᠠᠲᠤ ᠢᠲᠡᠭᠡᠯ ᠵᠣᠷᠢᠭ ᠢ ᠡᠪᠦᠷᠯᠡᠨ᠂ ᠯᠠᠪᠳᠠᠭᠤᠨ ᠲᠣᠭᠲᠠᠭᠤᠨ ᠰᠤᠷᠲᠠᠯ ᠪᠣᠯᠤᠨ ᠭᠡᠬᠦᠳᠡᠭ ᠳᠦᠭᠦᠷᠡᠩ ᠬᠠᠯᠠᠭᠤᠨ ᠰᠡᠳᠬᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠤᠭ ᠤᠨ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠲᠤ ᠨᠠᠮ ᠤᠨ ᠣᠯᠠᠨ ᠲᠦᠮᠡᠨᠴᠢ ᠱᠤᠭᠤᠮ ᠢ ᠪᠣᠳᠠᠲᠤ ᠠᠵᠢᠯᠯᠠᠭ᠎ᠠ ᠪᠠᠷ ᠢᠶᠠᠨ ᠲᠠᠶᠢᠯᠪᠤᠷᠢᠯᠠᠵᠤ ᠪᠠᠶᠢᠨ᠎ᠠ᠃ ᠰᠢᠨ᠎ᠡ ᠴᠠᠭ ᠦᠶ᠎ᠡ ᠶᠢᠨ ᠲᠣᠰᠬᠤᠨ ᠳᠤ ᠰᠠᠭᠤᠭ᠎ᠠ ᠺᠠᠳ᠋ᠷ ᠤᠨ ᠭᠠᠷᠮᠠᠭᠠᠢ ᠴᠤᠭ ᠵᠢᠪᠬᠤᠭ᠎ᠠ ᠶᠢ ᠢᠯᠡᠷᠡᠭᠦᠯᠵᠦ ᠪᠠᠶᠢᠨ᠎ᠠ᠃ ᠲᠡᠷᠡ ᠪᠤᠯ ᠳᠠᠷᠤᠢ ᠥᠨᠥᠳᠦᠷ ᠤᠨ ᠦᠯᠢᠭᠡᠷ ᠤᠨ ᠭᠤᠣᠯ ᠪᠠᠭᠠᠳᠤᠷ - ᠭᠤᠤ ᠵᠢᠶᠧ    ︽ᠭᠠᠭᠴᠠ ᠬᠦ ᠰᠢᠨᠵᠢᠯᠡᠬᠦ ᠤᠬᠠᠭᠠᠨ ᠮᠡᠷᠭᠡᠵᠢᠯ ᠤᠨ ᠭᠡᠷᠡᠯ ᠢ ᠲᠣᠰᠬᠤᠨ ᠤ ᠠᠷᠠᠳ ᠨᠢᠭᠡᠪᠦᠷᠢ ᠶᠢᠨ ᠰᠡᠳᠬᠢᠯ ᠢ ᠲᠦᠭᠡᠮᠡᠯᠵᠢᠭᠦᠯᠪᠡᠯ ᠰᠠᠶ᠋ᠢ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠦᠷᠯᠢᠭ ᠰᠠᠶᠢᠬᠠᠨ ᠵᠢᠷᠤᠭ ᠢ ᠵᠢᠷᠤᠭᠯᠠᠵᠤ ᠴᠢᠳᠠᠨ᠎ᠠ︾ ᠭᠡᠵᠦ ᠬᠡᠯᠡᠪᠡ᠃ ᠭᠤᠤ ᠵᠢᠶᠧ ᠲᠣᠰᠬᠤᠨ ᠤ ᠬᠠᠮᠲᠤ ᠶᠢᠨ ᠣᠷᠣᠯᠭ᠎ᠠ ᠶᠢ ᠨᠡᠮᠡᠭᠳᠡᠭᠦᠯᠬᠦ᠂ ᠲᠣᠰᠬᠤᠨ ᠤ ᠠᠷᠠᠳ ᠤᠨ ᠴᠢᠨᠡᠭᠡᠯᠢᠭᠵᠢᠬᠦ ᠵᠠᠮ ᠢᠶᠠᠷ ᠤᠷᠤᠭᠰᠢᠯᠠᠬᠤ ᠳᠤ ᠬᠦᠴᠦᠨ ᠨᠡᠮᠡᠷᠢᠯᠡᠬᠦ ᠶᠢ ᠥᠪᠡᠷ ᠤᠨ ᠵᠠᠶᠢᠯᠠᠭᠤᠯᠵᠤ ᠪᠣᠯᠤᠰᠢ ᠦᠭᠡᠢ ᠡᠭᠦᠷᠭᠡ ᠬᠠᠷᠢᠭᠤᠴᠠᠯᠭ᠎ᠠ ᠪᠣᠯᠭᠠᠪᠠ᠃ ᠲᠡᠷᠡ ᠲᠣᠮᠢᠯᠠᠭᠰᠠᠨ ᠨᠢᠭᠡᠴᠢ ᠪᠣᠯᠬᠤ ᠭᠦᠶᠡᠩ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠢ ᠨᠢᠭᠲᠠ ᠬᠠᠷᠢᠯᠴᠠᠵᠤ᠂ ᠭᠠᠳᠠᠭᠰᠢ ᠨᠡᠪᠲᠡᠷᠡᠬᠦ ᠴᠢᠨᠠᠷ ᠰᠠᠶᠢᠲᠠᠢ ᠡᠬᠢ ᠪᠠᠶᠠᠯᠢᠭ ᠤᠨ ᠪᠠᠲᠤ ᠪᠠᠬᠢ ᠬᠥᠭᠦᠷᠭᠡ ᠶᠢ ᠪᠠᠶᠢᠭᠤᠯᠵᠤ᠂ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠣᠷᠣᠭᠤᠯᠤᠨ ᠠᠪᠴᠢᠷᠠᠵᠤ᠂ ᠲᠣᠰᠬᠤᠨ ᠤ ᠠᠷᠠᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠪ ᠪᠣᠯᠪᠠᠰᠤᠷᠠᠯ ᠪᠣᠯᠤᠨ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠᠷ ᠴᠢᠷᠮᠠᠶᠢᠵᠤ᠂ ᠯᠢᠦ ᠸᠧᠢ ᠬᠤᠤ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯ ᠮᠠᠨᠳᠤᠯ ᠤᠨ ᠵᠠᠮ ᠳᠤ ᠪᠠᠲᠤ ᠪᠠᠬᠢ ᠰᠠᠭᠤᠷᠢ ᠶᠢ ᠲᠠᠯᠪᠢᠵᠠᠢ᠃    ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠯ - ᠬᠥᠳᠡᠭᠡ ᠲᠣᠰᠬᠤᠨ ᠤ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ ᠲᠣᠰᠬᠤᠨ ᠳᠤ ᠰᠠᠭᠤᠭᠰᠠᠨ ᠠᠴᠠ ᠨᠠᠰᠢ᠂ ᠭᠤᠤ ᠵᠢᠶᠧ ᠭᠦᠨ ᠭᠦᠨᠵᠡᠭᠡᠢ ᠰᠢᠨᠵᠢᠯᠡᠬᠦ ᠤᠬᠠᠭᠠᠨ ᠮᠡᠷᠭᠡᠵᠢᠯ ᠪᠣᠯ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯ ᠮᠠᠨᠳᠤᠯ ᠢ ᠠᠬᠢᠭᠤᠯᠬᠤ ᠵᠠᠩᠭᠢᠯᠠᠭ᠎ᠠ ᠶᠢᠨ ᠬᠥᠳᠡᠯᠭᠡᠭᠦᠷ ᠪᠣᠯᠤᠨ᠎ᠠ᠃ ᠡᠭᠦᠨ ᠤ ᠲᠤᠯᠠᠳᠠ᠂ ᠲᠡᠷᠡ ᠰᠠᠨᠠᠭᠠᠴᠢᠯᠠᠭ᠎ᠠ ᠠᠴᠠ ᠪᠠᠨ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠢ ᠭᠠᠷ ᠬᠤᠯᠪᠣᠯᠴᠠᠨ᠂ ᠲᠣᠰᠬᠤᠨ ᠤ ᠬᠤᠶᠠᠷ ᠵᠥᠪᠯᠡᠯ ᠤᠨ ᠪᠦᠷᠢᠯᠳᠦᠬᠦᠨ ᠢ ᠨᠠᠷᠢᠨ ᠨᠢᠮᠪᠠᠢ ᠲᠥᠰᠦᠪᠯᠡᠨ ᠵᠣᠬᠢᠶᠠᠨ ᠪᠠᠶᠢᠭᠤᠯᠵᠤ ᠪᠤᠭᠤᠲᠤ ᠬᠤᠲᠠ ᠶᠢᠨ ᠬᠤᠶᠠᠳᠤᠭᠠᠷ ᠬᠤᠭᠤᠴᠠᠭᠠᠨ ᠤ ᠮᠡᠷᠭᠡᠵᠢᠯ ᠤᠨ ᠳᠠᠭᠠᠭᠠᠮᠠᠯ ︵ᠠᠩᠬ᠎ᠠ ᠵᠡᠷᠭᠡ ᠶᠢᠨ︶ ᠤᠨ ᠪᠣᠯᠪᠠᠰᠤᠷᠠᠯ ᠳᠤ ᠣᠷᠣᠯᠴᠠᠭᠤᠯᠵᠤ᠂ ᠯᠢᠦ ᠸᠧᠢ ᠬᠤᠤ ᠲᠣᠰᠬᠤᠨ ᠤ ᠬᠤᠶᠠᠷ ᠵᠥᠪᠯᠡᠯ ᠤᠨ ᠪᠦᠷᠢᠯᠳᠦᠬᠦᠨ ᠢ ᠬᠥᠲᠥᠯᠥᠨ ᠳᠠᠭᠠᠭᠤᠯᠵᠤ ᠨᠢᠭᠡ ᠤᠳᠠᠭ᠎ᠠ ᠶᠢᠨ ᠶᠡᠷᠦ ᠪᠤᠰᠤ ᠶᠢᠨ ᠮᠡᠳᠡᠯᠭᠡ ᠪᠣᠯᠤᠨ ᠤᠷ᠎ᠠ ᠴᠢᠳᠠᠪᠤᠷᠢ ᠶᠢᠨ ᠰᠢᠨᠡᠴᠢᠯᠡᠯᠲᠡ ᠶᠢᠨ ᠠᠶᠠᠨ ᠳᠤᠨᠢ ᠲᠠᠯᠪᠢᠵᠠᠢ᠃ ᠰᠢᠰᠲ᠋ᠧᠮ ᠲᠠᠢ ᠪᠠᠷ ᠭᠦᠨᠵᠡᠭᠡᠢ ᠰᠤᠷᠤᠯᠴᠠᠬᠤ ᠪᠠᠷ ᠳᠠᠮᠵᠢᠭᠤᠯᠵᠤ᠂ ᠲᠣᠰᠬᠤᠨ ᠤ ᠬᠤᠶᠠᠷ ᠵᠥᠪᠯᠡᠯ ᠤᠨ ᠭᠡᠰᠢᠭᠦᠨ ᠨᠢᠭᠡᠪᠦᠷᠢ ᠴᠥᠮ ᠭᠠᠷᠮᠠᠭᠠᠢ ᠢᠯᠡᠷᠡᠯ ᠢᠶᠠᠷ ᠢᠶᠠᠨ ᠮᠡᠷᠭᠡᠵᠢᠯ ᠤᠨ ᠳᠠᠭᠠᠭᠠᠮᠠᠯ ᠤᠨ ᠦᠨᠡᠮᠯᠡᠯ ᠣᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠦᠷ᠎ᠡ ᠪᠦᠲᠦᠭᠡᠯ ᠢ ᠬᠤᠪᠢᠷᠠᠭᠤᠯᠬᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠵᠡᠷᠭᠡ ᠵᠠᠩᠭᠢᠯᠠᠭ᠎ᠠ ᠶᠢᠨ ᠮᠡᠳᠡᠯᠭᠡ ᠶᠢ ᠪᠣᠯᠪᠠᠰᠤᠷᠠᠩᠭᠤᠢ ᠡᠵᠡᠮᠰᠢᠵᠦ᠂ ᠯᠢᠦ ᠸᠧᠢ ᠬᠤᠤ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠢᠷᠡᠭᠡᠳᠦᠢ ᠳᠤ ᠨᠢᠭᠡᠨ ᠰᠠᠷᠠᠭᠤᠯ ᠳᠠᠷᠳᠠᠩ ᠵᠠᠮ ᠲᠠᠯᠪᠢᠵᠤ ᠥᠭᠴᠡᠢ᠃    ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠬᠥᠳᠡᠭᠡ ᠲᠣᠰᠬᠤᠨ - ᠤᠯᠠᠮᠵᠢᠯᠠᠯ ᠠᠴᠠ ᠣᠳᠣᠬᠢᠴᠢᠯᠠᠯᠲᠠ ᠶᠢᠨ ᠳᠠᠪᠠᠯᠲᠠ ᠶᠢ ᠰᠢᠨᠵᠢᠯᠡᠬᠦ ᠤᠬᠠᠭᠠᠨ ᠮᠡᠷᠭᠡᠵᠢᠯ ᠤᠨ ᠭᠡᠷᠡᠯ ᠭᠢᠯᠪᠠᠭ᠎ᠠ ᠪᠠᠨ ᠲᠣᠰᠬᠤᠨ ᠤ ᠠᠷᠠᠳ ᠨᠢᠭᠡᠪᠦᠷᠢ ᠶᠢᠨ ᠡᠳᠦᠷ ᠲᠤᠲᠤᠮ ᠤᠨ ᠠᠮᠢᠳᠤᠷᠠᠯ ᠢ ᠪᠠᠲᠤᠯᠠᠬᠤ ᠶᠢᠨ ᠲᠥᠯᠥᠭᠡ᠂ ᠭᠤᠤ ᠵᠢᠶᠧ ᠲᠤᠰ ᠪᠡᠶ᠎ᠡ ᠶᠢᠨ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠣᠮᠢᠯᠠᠭᠰᠠᠨ ᠨᠢᠭᠡᠴᠢ ᠲᠠᠢ ᠢᠳᠡᠪᠬᠢᠲᠡᠢ ᠵᠣᠬᠢᠴᠠᠭᠤᠯᠤᠨ ᠨᠡᠪᠲᠡᠷᠡᠯᠴᠡᠵᠦ᠂ ᠱᠠᠩᠬᠠᠢ ᠶᠢᠨ ᠮᠠᠢ ᠲᠠᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠶᠥᠩ ᠪᠢᠨ ᠢ ᠯᠢᠦ ᠸᠧᠢ ᠬᠤᠤ ᠲᠣᠰᠬᠤᠨ ᠳᠤ ᠤᠷᠢᠵᠤ᠂ ᠲᠣᠰᠬᠤᠨ ᠤ ᠬᠠᠮᠲᠤ ᠶᠢᠨ ᠭᠤᠯᠢᠷ ᠤᠨ ᠦᠢᠯᠡᠳᠪᠦᠷᠢ ᠳᠤ ᠪᠦᠬᠦ ᠲᠠᠯ᠎ᠠ ᠶᠢᠨ ᠪᠥᠭᠡᠳ ᠨᠠᠷᠢᠨ ᠨᠢᠮᠪᠠᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠯᠲᠠ ᠬᠢᠵᠡᠢ᠃ ᠸᠠᠩ ᠶᠥᠩ ᠪᠢᠨ ᠤ ᠨᠠᠷᠢᠨ ᠨᠢᠮᠪᠠᠢ ᠵᠢᠯᠣᠭᠤᠳᠣᠯᠭ᠎ᠠ ᠪᠣᠯᠤᠨ ᠨᠠᠷᠢᠨ ᠨᠢᠮᠪᠠᠢ ᠬᠠᠷᠢᠭᠤᠯᠲᠠ ᠥᠭᠴᠦ᠂ ᠭᠤᠯᠢᠷ ᠤᠨ ᠦᠢᠯᠡᠳᠪᠦᠷᠢ ᠨᠢ ᠮᠡᠷᠭᠡᠵᠢᠯ ᠤᠨ ᠲᠠᠯ᠎ᠠ ᠪᠠᠷ ᠬᠢ ᠦᠵᠡᠰᠬᠦᠯᠡᠩᠲᠦ ᠰᠠᠶᠢᠬᠠᠨ ᠰᠢᠨᠡᠴᠢᠯᠡᠯᠲᠡ ᠶᠢ ᠤᠭᠲᠤᠨ ᠠᠪᠴᠢᠷᠠᠵᠤ᠂ ᠨᠡᠩ ᠴᠤ ᠵᠠᠬ᠎ᠠ ᠳᠡᠯᠭᠡᠭᠦᠷ ᠤᠨ ᠬᠡᠷᠡᠭᠴᠡᠭᠡ ᠪᠣᠯᠤᠨ ᠲᠡᠷᠢᠭᠦᠨ ᠤ ᠮᠡᠷᠭᠡᠵᠢᠯ ᠤᠨ ᠭᠦᠨᠵᠡᠭᠡᠢ ᠠᠭᠤᠰᠤᠯᠴᠠᠯ ᠤᠨ ᠳᠤᠮᠳᠠ᠂ ᠤᠷᠢᠳ ᠡᠮᠦᠨ᠎ᠡ ᠪᠠᠶᠢᠭ᠎ᠠ ᠦᠭᠡᠢ ᠠᠮᠢᠵᠢᠷᠠᠯ ᠤᠨ ᠬᠦᠴᠦᠨ ᠢ ᠪᠠᠳᠠᠷᠠᠭᠤᠯᠪᠠ᠃ ᠲᠡᠷᠡ ᠵᠠᠬ᠎ᠠ ᠳᠡᠯᠭᠡᠭᠦᠷ ᠤᠨ ᠬᠠᠨᠳᠤᠰᠢ ᠪᠣᠯᠤᠨ ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ ᠢ ᠤᠷᠠᠨ ᠢᠶᠠᠷ ᠤᠶᠠᠯᠳᠤᠭᠤᠯᠵᠤ᠂ ᠭᠦᠶᠡᠩ ᠰᠢᠶᠠᠨ ᠤ ᠾᠧᠦ ᠱᠠᠨ ᠶᠤᠸᠠᠨ ᠲᠠᠷᠢᠶᠠᠴᠢᠨ ᠤ ᠲᠤᠰᠬᠠᠢ ᠬᠤᠷᠰᠢᠶ᠎ᠡ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠡᠪᠯᠡᠯ ᠤᠨ ᠡᠷᠬᠡ ᠶᠢᠨ ᠲᠣᠪᠴᠢᠶ᠎ᠠ ᠶᠢᠨ ᠺᠣᠮᠫᠢᠦ᠋ᠲ᠋ᠧᠷ ᠤᠨ ᠵᠥᠭᠡᠯᠡᠨ ᠲᠣᠨᠤᠭ ᠤᠨ ᠵᠣᠬᠢᠶᠠᠯ ᠪᠦᠲᠦᠭᠡᠯ ᠤᠨ ᠡᠷᠬᠡ ᠶᠢ ᠳᠠᠩᠰᠠᠯᠠᠬᠤ ᠦᠨᠡᠮᠯᠡᠯ︾ ᠢ ᠠᠮᠵᠢᠯᠲᠠ ᠲᠠᠢ ᠭᠤᠶᠤᠴᠢᠯᠠᠪᠠ᠂ ᠡᠨᠡ ᠪᠣᠯ ᠭᠤᠯᠢᠷ ᠤᠨ ᠦᠢᠯᠡᠳᠪᠦᠷᠢ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠳᠦ ᠬᠡᠮᠵᠢᠶ᠎ᠡ ᠪᠠᠷ ᠮᠡᠳᠡᠷᠡᠵᠦ ᠪᠠᠶᠢᠬᠤ ᠪᠠᠷ ᠪᠠᠷᠠᠬᠤ ᠦᠭᠡᠢ᠂ ᠨᠡᠩ ᠴᠤ ᠣᠳᠣᠬᠢᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠳᠤ ᠲᠣᠳᠣᠷᠬᠠᠢ ᠴᠢᠭᠯᠡᠯ ᠢ ᠲᠣᠭᠲᠠᠭᠠᠵᠤ ᠥᠭᠴᠡᠢ᠃ ᠭᠤᠯᠢᠷ ᠤᠨ ᠦᠢᠯᠡᠳᠪᠦᠷᠢ ᠶᠢᠨ ᠳᠡᠰ ᠳᠠᠪᠰᠢᠨ ᠬᠡᠯᠪᠡᠷᠢ ᠪᠠᠨ ᠬᠤᠪᠢᠷᠠᠭᠤᠯᠵᠤ᠂ ᠦᠢᠯᠡᠳᠪᠦᠷᠢᠯᠡᠯ ᠤᠨ ᠦᠷ᠎ᠡ ᠪᠦᠲᠦᠮᠵᠢ ᠪᠠᠨ ᠢᠯᠡᠳᠲᠡ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠲᠣᠰᠬᠤᠨ ᠤ ᠠᠷᠠᠳ ᠤᠨ ᠵᠣᠭᠤᠰ ᠤᠨ ᠤᠭᠤᠲᠠ ᠶᠢ ᠨᠡᠩ ᠢᠯᠡᠭᠦᠦ ᠬᠥᠭᠵᠢᠭᠡᠵᠦ᠂ ᠠᠮᠢᠳᠤᠷᠠᠯ ᠤᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠪᠡ᠃    ᠰᠢᠨᠵᠢᠯᠡᠬᠦ ᠤᠬᠠᠭᠠᠨᠴᠢ ᠪᠠᠷ ᠲᠠᠷᠢᠵᠤ ᠲᠡᠵᠢᠭᠡᠨ ᠦᠷᠡᠵᠢᠭᠦᠯᠬᠦ - ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠠᠵᠢᠯ ᠤᠨ ᠵᠠᠮ ᠢ ᠭᠡᠷᠡᠯᠲᠦᠭᠦᠯᠦᠨ ᠲᠡᠵᠢᠭᠡᠨ ᠦᠷᠡᠵᠢᠭᠦᠯᠬᠦ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠭᠤᠤ ᠵᠢᠶᠧ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠡᠭᠡ ᠡᠭᠦᠳᠡ ᠶᠢ ᠨᠡᠭᠡᠭᠡᠭᠰᠡᠨ ᠢᠶᠠᠷ ᠦᠵᠡᠪᠡ᠃ ᠡᠶᠢᠮᠦ ᠠᠴᠠ ᠲᠡᠷᠡ ᠬᠥᠳᠡᠭᠡ ᠲᠣᠰᠬᠤᠨ ᠤ ᠢᠷᠡᠭᠡᠳᠦᠢ ᠶᠢᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠡᠪᠦᠷᠯᠡᠨ᠂ ᠲᠣᠮᠢᠯᠠᠭᠰᠠᠨ ᠨᠢᠭᠡᠴᠢ ᠲᠠᠢ ᠢᠳᠡᠪᠬᠢᠲᠡᠢ ᠬᠠᠮᠵᠢᠯᠴᠠᠵᠤ᠂ ᠪᠤᠭᠤᠲᠤ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠬᠡ ᠰᠦᠷᠲᠦ ᠲᠤᠰᠬᠠᠢ ᠮᠡᠷᠭᠡᠵᠢᠯᠲᠡᠨ - ᠴᠠᠢ ᠵᠢᠦᠢ ᠳ᠋ᠣᠺᠲ᠋ᠣᠷ ᠢ ᠤᠷᠢᠵᠤ᠂ ᠲᠣᠰᠬᠤᠨ ᠤ ᠠᠷᠠᠳ ᠲᠤ ᠥᠪᠡᠷᠮᠢᠴᠡ ᠣᠨᠴᠠᠯᠢᠭ ᠲᠠᠢ ᠲᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠢ ᠡᠷᠬᠢᠯᠡᠪᠡ᠃ ᠴᠠᠢ ᠳ᠋ᠣᠺᠲ᠋ᠣᠷ ᠯᠢᠦ ᠸᠧᠢ ᠬᠤᠤ ᠲᠣᠰᠬᠤᠨ ᠤ ᠪᠠᠶᠢᠭᠠᠯᠢ ᠶᠢᠨ ᠨᠥᠬᠦᠴᠡᠯ ᠪᠣᠯᠤᠨ ᠠᠵᠤ ᠦᠢᠯᠡᠰ ᠤᠨ ᠣᠳᠣᠬᠢ ᠪᠠᠶᠢᠳᠠᠯ ᠲᠠᠢ ᠨᠢᠭᠲᠠ ᠤᠶᠠᠯᠳᠤᠭᠤᠯᠵᠤ᠂ ᠣᠳᠣ ᠦᠶ᠎ᠡ ᠶᠢᠨ ᠲᠠᠷᠢᠶᠠᠯᠠᠩ ᠤᠨ ᠭᠤᠣᠯ ᠴᠢᠮᠥᠭᠡ ᠶᠢ ᠰᠣᠨᠢᠷᠬᠠᠵᠤ᠂ ᠵᠠᠩᠭᠢᠯᠠᠭ᠎ᠠ ᠶᠢᠨ ᠭᠤᠣᠯᠳᠠᠯᠭ᠎ᠠ ᠨᠢᠭᠡᠪᠦᠷᠢ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠨ ᠶᠠᠷᠢᠵᠤ ᠪᠠᠶᠢᠪᠠ᠃ ᠲᠤᠰ ᠤᠳᠠᠭᠠᠨ ᠤ ᠪᠣᠯᠪᠠᠰᠤᠷᠠᠭᠤᠯᠤᠯ ᠨᠢ ᠲᠣᠰᠬᠤᠨ ᠤ ᠠᠷᠠᠳ ᠤᠨ ᠲᠠᠷᠢᠵᠤ ᠲᠡᠵᠢᠭᠡᠨ ᠦᠷᠡᠵᠢᠭᠦᠯᠬᠦ ᠮᠡᠳᠡᠯᠭᠡ ᠶᠢᠨ ᠬᠡᠪᠴᠢᠶ᠎ᠡ ᠶᠢ ᠲᠦᠢᠯ ᠤᠨ ᠶᠡᠭᠡ ᠪᠠᠷ ᠥᠷᠭᠡᠳᠬᠡᠵᠦ᠂ ᠲᠡᠳᠡᠨ ᠤ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠪᠡ᠃ ᠲᠠᠷᠢᠮᠠᠯ ᠤᠨ ᠲᠠᠯ᠎ᠠ ᠪᠠᠷ᠂ ᠲᠣᠰᠬᠤᠨ ᠤ ᠠᠷᠠᠳ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ᠂ ᠵᠦᠢ ᠵᠣᠬᠢᠰᠲᠠᠢ ᠤᠰᠤᠯᠠᠬᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠮᠡᠷᠭᠡᠵᠢᠯ ᠢ ᠪᠣᠯᠪᠠᠰᠤᠷᠠᠩᠭᠤᠢ ᠬᠡᠷᠡᠭᠯᠡᠵᠦ᠂ ᠲᠠᠷᠢᠮᠠᠯ ᠤᠨ ᠥᠰᠥᠯᠲᠡ ᠶᠢ ᠨᠡᠩ ᠴᠢᠭᠢᠷᠠᠭ ᠪᠣᠯᠭᠠᠵᠤ᠂ ᠲᠣᠰᠬᠤᠨ ᠤ ᠠᠷᠠᠳ ᠤᠨ ᠬᠠᠷᠢᠭᠤ ᠲᠤᠰᠬᠠᠯ ᠢ ᠦᠨᠳᠦᠰᠦᠯᠡᠨ᠂ ᠤᠨᠠᠯᠲᠠ ᠶᠢ ᠥᠩᠭᠡᠷᠡᠭᠰᠡᠨ ᠵᠢᠯ ᠤᠳ ᠠᠴᠠ ᠢᠯᠡᠳᠲᠡ ᠳᠡᠭᠡᠭᠰᠢᠯᠡᠭᠦᠯᠪᠡ︔ ᠲᠡᠵᠢᠭᠡᠨ ᠦᠷᠡᠵᠢᠭᠦᠯᠬᠦ ᠲᠠᠯ᠎ᠠ ᠪᠠᠷ᠂ ᠲᠣᠰᠬᠤᠨ ᠤ ᠠᠷᠠᠳ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ ᠠᠷᠭ᠎ᠠ ᠶᠢ ᠬᠡᠷᠡᠭᠯᠡᠵᠦ᠂ ᠲᠡᠩᠴᠡᠭᠦᠷᠢᠲᠡᠢ ᠰᠢᠮ᠎ᠡ ᠲᠡᠵᠢᠭᠡᠯ ᠢ ᠲᠣᠬᠢᠷᠠᠭᠤᠯᠬᠤ ᠪᠠ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠶᠢ ᠴᠢᠬᠤᠯᠠᠴᠢᠯᠠᠵᠤ᠂ ᠮᠠᠯ ᠵᠢᠭᠦᠷᠲᠡᠨ ᠤ ᠤᠷᠭᠤᠯᠲᠠ ᠶᠢᠨ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠵᠤ᠂ ᠮᠢᠬᠠᠨ ᠤ ᠴᠢᠨᠠᠷ ᠢ ᠨᠡᠩ ᠰᠢᠨ᠎ᠡ ᠰᠣᠷᠭᠤᠭ ᠪᠣᠯᠭᠠᠵᠤ᠂ ᠭᠦᠶᠡᠩ ᠰᠢᠶᠠᠨ ᠤ ᠬᠡᠪᠴᠢᠶᠡᠨ ᠳᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠠᠢ᠃    ᠯᠢᠦ ᠸᠧᠢ ᠬᠤᠤ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠢ ᠬᠥᠭᠵᠢᠭᠦᠯᠦᠨ ᠮᠠᠨᠳᠤᠭᠤᠯᠬᠤ ᠤᠷᠲᠤ ᠤᠳᠠᠭᠠᠨ ᠠᠶᠠᠨ ᠵᠠᠮ ᠳᠤ᠂ ᠭᠤᠤ ᠵᠢᠶᠧ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠲᠤ ᠰᠠᠬᠢᠵᠤ᠂ ᠲᠣᠰᠬᠤᠨ ᠤ ᠠᠷᠠᠳ ᠤᠨ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠪᠠ᠃ ᠭᠠᠭᠴᠠᠬᠦ ᠰᠢᠨᠵᠢᠯᠡᠬᠦ ᠤᠬᠠᠭᠠᠨ ᠲᠧ᠊ᠭᠨᠢᠭ ᠮᠡᠷᠭᠡᠵᠢᠯ ᠤᠨ ᠭᠡᠷᠡᠯ ᠢᠶᠠᠷ ᠲᠣᠰᠬᠤᠨ ᠤ ᠠᠷᠠᠳ ᠨᠢᠭᠡᠪᠦᠷᠢ ᠶᠢᠨ ᠠᠮᠢᠳᠤᠷᠠᠯ ᠰᠠᠶ᠋ᠢ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠢᠷᠡᠭᠡᠳᠦᠢ ᠶᠢ ᠤᠭᠲᠤᠨ ᠠᠪᠴᠢᠷᠠᠵᠤ ᠴᠢᠳᠠᠨ᠎ᠠ ᠭᠡᠳᠡᠭ ᠢ ᠲᠡᠷᠡ ᠭᠦᠨᠵᠡᠭᠡᠢ ᠣᠶᠢᠯᠠᠭᠠᠪᠠ᠃ ᠭᠤᠤ ᠵᠢᠶᠧ ᠶᠢᠨ ᠭᠠᠷᠮᠠᠭᠠᠢ ᠬᠤᠪᠢ ᠨᠡᠮᠡᠷᠢ ᠪᠠ ᠭᠤᠶᠠᠴᠢ ᠦᠭᠡᠢ ᠴᠢᠷᠮᠠᠶᠢᠭᠰᠠᠨ ᠢᠶᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠭᠡᠷᠡᠯ ᠰᠠᠴᠤᠷᠠᠩᠭᠤᠢ ᠬᠡᠪ ᠳᠠᠭᠤᠷᠢᠶᠠᠯ ᠢ ᠪᠣᠢ ᠪᠣᠯᠭᠠᠵᠤ᠂ ᠨᠡᠩ ᠣᠯᠠᠨ ᠬᠥᠮᠦᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠠᠭᠤᠤ ᠶᠡᠭᠡ ᠦᠢᠯᠡᠰ ᠲᠤ ᠣᠷᠣᠯᠴᠠᠬᠤ ᠶᠢ ᠵᠣᠷᠢᠭᠵᠢᠭᠤᠯᠵᠤ᠂ ᠭᠠᠷ ᠬᠤᠯᠪᠣᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠦᠷᠯᠢᠭ ᠰᠠᠶᠢᠬᠠᠨ ᠬᠠᠭᠤᠳᠠᠰᠤ ᠶᠢ ᠬᠠᠮᠲᠤᠪᠠᠷ ᠵᠢᠷᠤᠭᠯᠠᠵᠤ ᠪᠠᠶᠢᠨ᠎ᠠ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号