4 ᠰᠠᠷ᠎ᠠ ᠶᠢᠨ 2 ᠤᠨ ᠡᠳᠦᠷ᠂ ᠵᠢᠨᠱᠠᠨ ᠪᠠᠯᠭᠠᠰᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠰᠢᠶᠠᠨ ᠤ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠳᠣᠣᠷ᠎ᠠ ᠴᠢᠰᠤ ᠪᠦᠲᠦᠭᠡᠬᠦ ᠭᠤᠣᠯ ᠡᠰ | ᠬᠠᠨᠳᠢᠪᠯᠠᠬᠤ ᠰᠠᠶᠢᠨ ᠳᠤᠷ᠎ᠠ ᠶᠢᠨ ᠠᠵᠢᠯᠯᠠᠭᠴᠢ ᠶᠢ ᠳᠠᠩᠰᠠᠯᠠᠨ ᠲᠡᠮᠳᠡᠭᠯᠡᠵᠦ ᠦᠯᠢᠭᠡᠷ ᠠᠪᠬᠤ ᠠᠵᠢᠯᠯᠠᠭ᠎ᠠ ᠶᠢ | ᠤᠷᠤᠭᠰᠢᠲᠠᠢ ᠥᠷᠨᠢᠭᠦᠯᠪᠡ᠃ ᠲᠤᠰ ᠤᠳᠠᠭᠠᠨ ᠤ ᠠᠵᠢᠯᠯᠠᠭ᠎ᠠ ᠨᠢ ︽ᠠᠮᠢ ᠨᠠᠰᠤᠨ ᠤ ᠭᠡᠷ᠎ᠡ · ᠬᠠᠶᠢᠷ᠎ᠠ ᠶᠢᠨ | ᠦᠷᠭᠦᠯᠵᠢᠯᠡᠯ ᠠᠶᠠᠯᠠᠯ︾ ᠢᠶᠠᠷ ᠭᠤᠣᠯ ᠰᠡᠳᠦᠪ ᠪᠣᠯᠭᠠᠵᠤ᠂ ᠪᠦᠬᠦ ᠪᠠᠯᠭᠠᠰᠤᠨ ᠤ 20 ᠭᠠᠷᠤᠢ ᠺᠠᠳ᠋ᠷ ᠠᠵᠢᠯᠲᠠᠨ | ᠠᠵᠢᠯᠴᠢᠨ ᠵᠢᠴᠢ ᠣᠯᠠᠨ ᠲᠦᠮᠡᠨ ᠤ ᠢᠳᠡᠪᠬᠢᠲᠡᠢ ᠣᠷᠣᠯᠴᠠᠬᠤ ᠶᠢ ᠵᠤᠷᠢᠭᠵᠢᠭᠤᠯᠵᠤ᠂ ᠡᠴᠦᠰ ᠤᠨ 15 ᠰᠠᠶᠢᠨ | ᠳᠤᠷ᠎ᠠ ᠶᠢᠨ ᠠᠵᠢᠯᠯᠠᠭᠴᠢᠳ ᠴᠢᠰᠤᠨ ᠤ ᠥᠯᠢᠭᠡᠷ ᠴᠤᠭᠯᠠᠭᠤᠯᠬᠤ ᠠᠵᠢᠯ ᠢ ᠠᠮᠵᠢᠯᠲᠠ ᠲᠠᠢ ᠪᠡᠶᠡᠯᠡᠭᠦᠯᠵᠦ᠂ ᠪᠣᠳᠠᠲᠤ | ᠠᠵᠢᠯᠯᠠᠭ᠎ᠠ ᠪᠠᠷ ᠢᠶᠠᠨ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠴᠢᠰᠤᠨ ᠤ | ᠡᠪᠡᠳᠴᠢᠲᠡᠨ ᠤ ᠬᠦᠰᠡᠯ ᠡᠷᠡᠮᠡᠯᠵᠡᠯ ᠢ ᠭᠡᠷᠡᠯᠲᠦᠭᠦᠯᠪᠡ᠃ | ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠡᠶᠢᠲᠡ ᠶᠢᠨ ᠠᠰᠠᠷᠠᠮᠵᠢ ᠶᠢᠨ ᠬᠦᠴᠦᠨ ᠢ ᠨᠢᠭᠲᠠᠷᠠᠭᠤᠯᠬᠤ | ᠠᠵᠢᠯᠯᠠᠭ᠎ᠠ ᠶᠢᠨ ᠡᠮᠦᠨᠡᠬᠢ ᠬᠤᠭᠤᠴᠠᠭᠠᠨ ᠳᠤ᠂ ᠪᠠᠯᠭᠠᠰᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠳᠡᠭᠡᠳᠦ | ᠱᠠᠲᠤᠨ ᠤ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ | ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ | ᠥᠷᠨᠢᠭᠦᠯᠪᠡ᠃ ᠴᠢᠰᠤ ᠪᠦᠲᠦᠭᠡᠬᠦ ᠭᠤᠣᠯ ᠡᠰ ᠢᠶᠠᠨ ᠬᠠᠨᠳᠢᠪᠯᠠᠬᠤ ᠰᠢᠨᠵᠢᠯᠡᠬᠦ ᠤᠬᠠᠭᠠᠨ ᠤ ᠤᠭ ᠶᠣᠰᠣ᠂ | ᠬᠠᠨᠳᠢᠪᠯᠠᠬᠤ ᠶᠠᠪᠤᠴᠠ ᠵᠢᠴᠢ ᠨᠡᠶᠢᠭᠡᠮ ᠤᠨ ᠠᠴᠢ ᠬᠤᠯᠪᠣᠭᠳᠠᠯ ᠤᠨ ᠲᠣᠭᠤᠷᠢᠨ ᠳᠤ ᠨᠠᠷᠢᠨ ᠲᠣᠳᠣᠷᠬᠠᠢ ᠲᠠᠶᠢᠯᠤᠮᠵᠢ | ᠬᠢᠵᠦ᠂ ᠣᠯᠠᠨ ᠨᠡᠶᠢᠲᠡ ᠶᠢᠨ ᠬᠠᠨᠳᠢᠪ ᠤᠨ ᠲᠤᠬᠠᠢ ᠲᠠᠨᠢᠨ ᠮᠡᠳᠡᠬᠦᠢ ᠶᠢᠨ ᠠᠳᠡᠭᠦᠷᠡᠯ ᠢ ᠠᠷᠢᠯᠭᠠᠨ᠎ᠠ᠃ ᠠᠮᠢ | ᠨᠠᠰᠤᠨ ᠤ ᠪᠤᠤᠬᠢᠶ᠎ᠠ ᠳᠠᠮᠵᠢᠭᠤᠯᠬᠤ᠂ ᠬᠥᠮᠦᠨ ᠤ ᠶᠢᠷᠲᠢᠨᠴᠦ ᠶᠢᠨ ᠶᠡᠭᠡ ᠬᠠᠶᠢᠷ᠎ᠠ ᠶᠢᠨ ᠠᠵᠢᠯᠯᠠᠭ᠎ᠠ ᠶᠢᠨ ᠲᠤᠬᠠᠢ ᠶᠢᠨ | ᠲᠠᠯᠠᠪᠤᠷ ᠢ ᠳᠠᠮᠵᠢᠭᠤᠯᠬᠤ᠂ ᠤᠯᠠᠭᠠᠨ ᠵᠠᠭᠠᠯᠮᠠᠶᠢᠲᠠᠨ ᠤ ᠰᠠᠶᠢᠨ ᠳᠤᠷ᠎ᠠ ᠶᠢᠨ ᠠᠵᠢᠯᠯᠠᠭᠴᠢ ︽ᠰᠠᠶᠢᠨ | ᠳᠤᠷ᠎ᠠ ᠠᠴᠠ ᠪᠠᠨ ᠬᠠᠨᠳᠢᠪᠯᠠᠬᠤ ᠶᠢ ᠵᠥᠪᠰᠢᠶᠡᠷᠡᠬᠦ ᠪᠢᠴᠢᠭ︾ ᠲᠤ ᠭᠠᠷ ᠤᠨ ᠦᠰᠦᠭ ᠵᠢᠷᠤᠬᠤ ᠶᠢ ᠬᠥᠲᠥᠯᠥᠨ | ᠵᠢᠯᠣᠭᠤᠳᠴᠤ᠂ ᠡᠮᠴᠢ ᠰᠤᠪᠢᠯᠠᠭᠴᠢ ᠶᠢᠨ ᠲᠤᠰᠬᠠᠢ ᠮᠡᠷᠭᠡᠵᠢᠯ ᠤᠨ ᠲᠠᠶᠢᠯᠪᠤᠷᠢᠯᠠᠯ ᠬᠢᠬᠦ ᠶᠠᠪᠤᠴᠠ ᠶᠢ | ᠲᠠᠶᠢᠯᠪᠤᠷᠢᠯᠠᠬᠤ ᠶᠢᠨ ᠬᠠᠮᠲᠤ ᠴᠢᠰᠤᠨ ᠤ ᠪᠠᠶᠢᠴᠠᠭᠠᠯᠲᠠ ᠪᠠᠷ ᠳᠠᠮᠵᠢᠭᠤᠯᠤᠨ ᠬᠠᠨᠳᠢᠪᠯᠠᠭᠳᠠᠭᠰᠠᠳ ᠤᠨ ᠡᠷᠡᠭᠦᠯ | ᠮᠡᠨᠳᠦ ᠶᠢᠨ ᠪᠠᠶᠢᠳᠠᠯ ᠢ ᠨᠤᠲᠠᠯᠠᠪᠠ᠃ ᠦᠯᠢᠭᠡᠷ ᠠᠪᠬᠤ ᠶᠠᠪᠤᠴᠠ ᠳᠤ᠂ ᠣᠯᠠᠨ ᠨᠠᠮ ᠤᠨ ᠭᠡᠰᠢᠭᠦᠨ ᠰᠠᠶᠢᠨ | ᠳᠤᠷ᠎ᠠ ᠶᠢᠨ ᠦᠢᠯᠡᠴᠢᠯᠡᠭᠴᠢᠳ ᠰᠠᠨᠠᠭᠠᠴᠢᠯᠠᠭ᠎ᠠ ᠠᠴᠠ ᠪᠠᠨ ᠬᠤᠪᠢᠶᠠᠯᠴᠠᠨ᠎ᠠ᠄ ᠠᠷᠪᠠᠨ ᠲᠦᠮᠡᠨ ᠤ ᠨᠢᠭᠡ ᠶᠢᠨ | ᠲᠤᠬᠢᠷᠠᠭᠤᠯᠭ᠎ᠠ ᠬᠡᠯᠪᠡᠷᠢ ᠶᠢᠨ ᠠᠵᠠ ᠵᠠᠪᠰᠢᠶᠠᠨ ᠪᠣᠯᠬᠤ ᠨᠢ ᠳᠠᠷᠤᠢ ᠡᠪᠡᠳᠴᠢᠲᠡᠨ ᠳᠤ ᠳᠠᠬᠢᠨ ᠠᠮᠢ ᠨᠠᠰᠤ | ᠤᠯᠭᠤᠬᠤ ᠲᠣᠬᠢᠶᠠᠯ ᠪᠣᠯᠬᠤ ᠶᠤᠮ᠂ ᠡᠨᠡ ᠪᠣᠯ ᠢᠷᠠᠭᠤ ᠠᠯᠳᠠᠷ ᠲᠠᠢ ᠶᠠᠪᠤᠳᠠᠯ ᠶᠤᠮ︕ ᠴᠢᠰᠤᠨ ᠤ ᠶᠠᠩᠵᠤ | ᠪᠦᠷᠢ ᠨᠢ ᠴᠥᠮ ᠠᠮᠢ ᠨᠠᠰᠤᠨ ᠤ ᠬᠦᠨᠳᠦ ᠡᠬᠦᠷᠬᠡ ᠶᠢ ᠠᠴᠢᠶᠠᠯᠠᠵᠤ᠂ ᠬᠥᠮᠥᠷᠭᠡ ᠳᠤ ᠣᠷᠣᠭᠤᠯᠬᠤ ᠰᠠᠶᠢᠨ | ᠳᠤᠷ᠎ᠠ ᠶᠢᠨ ᠠᠵᠢᠯᠯᠠᠭᠰᠠᠳ ᠨᠢᠭᠡ ᠬᠥᠮᠦᠨ ᠨᠡᠮᠡᠭᠳᠡᠬᠦ ᠪᠦᠷᠢ ᠡᠪᠡᠳᠴᠢᠲᠡᠨ ᠤ ᠡᠳᠡᠭᠡᠷᠡᠬᠦ ᠬᠦᠰᠡᠯ ᠨᠢ ᠨᠢᠭᠡ ᠬᠤᠪᠢ | ᠢᠯᠡᠭᠦᠦ ᠪᠤᠯᠤᠨ᠎ᠠ︾ ᠭᠡᠵᠦ ᠬᠡᠯᠡᠪᠡ᠃ | ᠤᠷᠲᠤ ᠴᠠᠭᠠᠨ ᠬᠡᠷᠡᠮ ᠢ ᠬᠠᠮᠲᠤᠪᠠᠷ ᠴᠣᠭᠴᠠᠯᠠᠬᠤ ᠨᠢ ᠲᠤᠰ ᠤᠳᠠᠭᠠᠨ ᠤ ᠴᠢᠰᠤ ᠪᠦᠲᠦᠭᠡᠬᠦ ᠭᠤᠣᠯ ᠡᠰ ᠢ | ᠳᠤᠮᠳᠠᠳᠤ ᠤᠯᠤᠰ ᠤᠨ ᠴᠢᠰᠤ ᠪᠦᠲᠦᠭᠡᠬᠦ ᠬᠥᠮᠥᠷᠭᠡ ᠳᠤ ᠣᠷᠣᠭᠤᠯᠵᠤ᠂ ᠪᠦᠬᠦ ᠤᠯᠤᠰ ᠤᠨ 400 ᠭᠠᠷᠤᠢ | ᠲᠦᠮᠡᠨ ᠴᠢᠰᠤᠨ ᠡᠪᠡᠳᠴᠢᠨ ᠲᠠᠢ ᠡᠪᠡᠳᠴᠢᠲᠡᠨ ᠳᠤ ᠵᠣᠬᠢᠴᠠᠭᠤᠯᠬᠤ ᠲᠣᠬᠢᠶᠠᠯ ᠣᠯᠭᠤᠬᠤ ᠠᠵᠢᠯ ᠪᠣᠯᠤᠨ᠎ᠠ᠃ | ᠴᠢᠰᠤ ᠪᠦᠲᠦᠭᠡᠬᠦ ᠭᠤᠣᠯ ᠡᠰ ᠢᠶᠠᠨ ᠬᠠᠨᠳᠢᠪᠯᠠᠬᠤ ᠪᠣᠯ ᠠᠮᠢ ᠨᠠᠰᠤ ᠶᠢ ᠠᠪᠤᠷᠠᠬᠤ ᠶᠢᠨ ᠡᠷᠬᠢᠮ ᠳᠡᠭᠡᠳᠦ ᠦᠢᠯᠡᠰ | ᠮᠥᠨ᠂ ᠪᠦᠬᠦ ᠨᠡᠶᠢᠭᠡᠮ ᠢᠶᠠᠷ ᠢᠶᠠᠨ ᠦᠷᠭᠦᠯᠵᠢᠯᠡᠨ ᠠᠩᠬᠠᠷᠴᠤ᠂ ᠤᠷᠲᠤ ᠬᠤᠭᠤᠴᠠᠭᠠᠨ ᠤ ᠪᠦᠲᠦᠮᠵᠢᠲᠡᠢ | ᠳᠠᠶᠢᠴᠢᠯᠠᠬᠤ ᠲᠣᠭᠲᠠᠴᠠ ᠶᠢ ᠪᠠᠶᠢᠭᠤᠯᠵᠤ᠂ ᠨᠡᠩ ᠣᠯᠠᠨ ᠣᠯᠠᠨ ᠲᠦᠮᠡᠨ ᠳᠤ ︽ᠬᠤᠬᠢᠷᠠᠯ ᠦᠭᠡᠢ ᠡᠷᠡᠭᠦᠯ | ᠮᠡᠨᠳᠦ ᠪᠠᠨ ᠬᠠᠨᠳᠢᠪᠯᠠᠬᠤ︾ ᠰᠢᠨᠵᠢᠯᠡᠬᠦ ᠤᠬᠠᠭᠠᠨᠴᠢ ᠣᠶᠢᠯᠠᠭᠠᠭᠳᠠᠬᠤᠨ ᠢ ᠣᠶᠢᠯᠠᠭᠠᠭᠤᠯᠵᠤ᠂ ᠠᠮᠢ ᠨᠠᠰᠤ ᠶᠢ | ᠬᠠᠮᠠᠭᠠᠯᠠᠬᠤ ᠬᠠᠶᠢᠷ᠎ᠠ ᠬᠠᠯᠠᠮᠵᠢ ᠶᠢᠨ ᠬᠥᠭᠦᠷᠭᠡ ᠶᠢ ᠬᠠᠮᠲᠤ ᠪᠠᠷ ᠪᠠᠶᠢᠭᠤᠯᠬᠤ ᠬᠡᠷᠡᠭᠲᠡᠢ᠃ ᠡᠯᠡᠰᠦ ᠶᠢ ᠴᠤᠭᠯᠠᠭᠤᠯᠤᠨ | ᠰᠤᠪᠤᠷᠭ᠎ᠠ ᠪᠣᠯᠭᠠᠵᠤ᠂ ᠤᠴᠢ ᠭᠠᠯ ᠠᠭᠤᠯᠠ ᠰᠢᠲᠠᠭᠰᠠᠨ᠃ ᠵᠢᠨᠱᠠᠨ ᠪᠠᠯᠭᠠᠰᠤ ᠦᠢᠯᠡ ᠠᠵᠢᠯᠯᠠᠭ᠎ᠠ ᠪᠠᠷ ᠢᠶᠠᠨ ︽ | ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ ᠵᠣᠷᠢᠭ | ᠰᠠᠨᠠᠭ᠎ᠠ ᠶᠢ ᠲᠠᠶᠢᠯᠪᠤᠷᠢᠯᠠᠵᠤ᠂ ᠬᠠᠶᠢᠷ᠎ᠠ ᠬᠠᠯᠠᠮᠵᠢ ᠰᠠᠶᠢᠨ ᠠᠵᠢᠯᠯᠠᠭ᠎ᠠ ᠪᠠᠷ ᠠᠮᠢ ᠨᠠᠰᠤ ᠶᠢ ᠳᠡᠭᠡᠳᠦᠯᠡᠬᠦ ᠬᠠᠯᠠᠭᠤᠨ | ᠳᠤᠯᠠᠭᠠᠨ ᠬᠠᠭᠤᠳᠠᠰᠤ ᠶᠢ ᠪᠢᠴᠢᠭᠯᠡᠪᠡ᠃ 18 - 45 ᠪᠦᠬᠦᠯᠢ ᠨᠠᠰᠤᠨ ᠤ ᠡᠷᠡᠭᠦᠯ ᠡᠩᠬᠡ ᠠᠷᠠᠳ ᠢᠷᠭᠡᠨ ᠰᠠᠶᠢᠨ | ᠳᠤᠷ᠎ᠠ ᠶᠢᠨ ᠬᠠᠨᠳᠢᠪᠯᠠᠬᠤ ᠡᠩᠨᠡᠭᠡ ᠳᠤ ᠣᠷᠣᠯᠴᠠᠵᠤ᠂ ᠳᠠᠬᠢᠨ ᠡᠭᠦᠰᠴᠦ ᠪᠣᠯᠬᠤ ᠴᠢᠰᠤ ᠪᠦᠲᠦᠭᠡᠬᠦ ᠭᠤᠣᠯ | ᠡᠰ ᠢᠶᠠᠷ ᠳᠠᠬᠢᠨ ᠡᠭᠦᠰᠴᠦ ᠪᠣᠯᠤᠰᠢ ᠦᠭᠡᠢ ᠠᠮᠢ ᠨᠠᠰᠤᠨ ᠤ ᠭᠠᠶᠢᠬᠠᠮᠰᠢᠭ ᠢ ᠦᠷᠭᠦᠯᠵᠢᠯᠡᠭᠦᠯᠬᠦ ᠶᠢ ᠪᠢᠳᠡ | ᠤᠷᠢᠶᠠᠯᠠᠵᠤ ᠪᠠᠶᠢᠨ᠎ᠠ᠃ | |