ᠭᠦᠶᠡᠩ ᠰᠢᠶᠠᠨ ᠤ 2025 ᠣᠨ ᠤ ᠭᠠᠵᠠᠷ ᠤᠨ ᠦᠨ᠎ᠡ ᠶᠢ ᠰᠢᠨᠡᠴᠢᠯᠡᠬᠦ ᠠᠵᠢᠯ ᠤᠨ ᠦᠷ᠎ᠡ ᠪᠦᠲᠦᠭᠡᠯ ᠤᠨ ᠲᠤᠬᠠᠢ ᠭᠦᠶᠡᠩ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2025/4/7
       ᠭᠠᠵᠠᠷ ᠤᠨ ᠦᠨ᠎ᠡ ᠶᠢᠨ ᠬᠠᠮᠢᠶᠠᠷᠤᠯᠲᠠ ᠶᠢ ᠴᠢᠩᠭᠠᠳᠬᠠᠨ᠂ ᠭᠠᠵᠠᠷ ᠤᠨ ᠦᠨ᠎ᠡ ᠶᠢ ᠳᠣᠭᠲᠠᠭᠠᠭᠰᠠᠨ ᠣᠢᠨ᠎ᠠ᠂ ᠬᠤᠲᠠ ᠪᠠᠯᠭᠠᠰᠤᠨ ᠤ ᠭᠠᠵᠠᠷ ᠰᠢᠷᠤᠢ ᠶᠢᠨ ᠵᠠᠬ᠎ᠠ ᠳᠡᠯᠭᠡᠭᠦᠷ ᠢᠶᠠᠨ ᠭᠠᠵᠠᠷ ᠰᠢᠷᠤᠢ ᠶᠢᠨ ᠬᠦᠷᠦᠩᠭᠡ ᠶᠢᠨ ᠬᠠᠮᠢᠶᠠᠷᠤᠯᠲᠠ ᠳᠤᠮᠳᠠᠬᠢ ᠭᠠᠵᠠᠷ ᠤᠨ ᠦᠨ᠎ᠡ ᠶᠢᠨ ᠴᠢᠬᠤᠯᠠ ᠦᠢᠯᠡᠳᠦᠯ ᠢ ᠪᠡᠳᠠᠷᠠᠭᠤᠯᠬᠤ ᠶᠢᠨ ᠲᠦᠯᠦᠭᠡ᠂ ᠤᠯᠤᠰ ᠤᠨ ᠬᠠᠮᠢᠶ᠎ᠠ ᠪᠦᠬᠦᠢ ᠳᠣᠭᠲᠠᠭᠠᠯ ᠢ ᠦᠨᠳᠦᠰᠦᠯᠡᠨ᠂ ᠭᠦᠶᠡᠩ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠷ ᠵᠦᠪᠰᠢᠶᠡᠷᠡᠭᠦᠯᠦᠭᠡᠳ ᠭᠦᠶᠡᠩ ᠰᠢᠶᠠᠨ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ᠭᠠᠵᠠᠷ ᠤᠨ ᠦᠨ᠎ᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠤᠨ ᠦᠨ᠎ᠡ ᠶᠢ ᠪᠠᠷᠢᠮᠵᠢᠶᠠᠯᠠᠨ ᠲᠣᠭᠲᠠᠭᠠᠭᠰᠠᠨ ᠣᠳᠣᠬᠢ ᠪᠠᠶᠢᠳᠠᠯ ᠢ ᠪᠠᠲᠤᠯᠠᠵᠤ᠂ ᠬᠤᠲᠠ ᠪᠠᠯᠭᠠᠰᠤ ᠶᠢᠨ ᠭᠠᠵᠠᠷ ᠰᠢᠷᠣᠶ ᠶᠢᠨ ᠵᠠᠬ᠎ᠠ ᠳᠡᠯᠭᠡᠭᠦᠷ ᠪᠠ ᠭᠠᠵᠠᠷ ᠰᠢᠷᠣᠶ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠳᠠᠬᠢ ᠴᠢᠬᠤᠯᠠ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠭᠦᠶᠡᠩ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠭᠦᠶᠡᠩ ᠰᠢᠶᠠᠨ ᠤ 2025 ᠣᠨ ᠤ ᠭᠠᠵᠠᠷ ᠤᠨ ᠦᠨ᠎ᠡ ᠶᠢ ᠪᠠᠷᠢᠮᠵᠢᠶᠠᠯᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠬᠤ ᠶᠢᠨ ᠲᠥᠯᠥᠭᠡ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ︽ᠪᠠᠶᠢᠭᠠᠯᠢ ᠶᠢᠨ ᠡᠬᠢ ᠪᠠᠶᠠᠯᠢᠭ ᠤᠨ ᠭᠡᠷᠡᠴᠢᠯᠡᠭᠡ ᠰᠣᠨᠣᠰᠬᠤ ᠲᠣᠭᠲᠠᠭᠠᠯ︾ ᠤᠨ ᠠᠷᠪᠠᠨ ᠬᠤᠶᠠᠳᠤᠭᠠᠷ ᠵᠦᠢᠯ᠂ ᠠᠷᠪᠠᠨ ᠭᠤᠷᠪᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠮᠠᠨ ᠤ ᠲᠣᠪᠴᠢᠶ᠎ᠠ 2025 ᠣᠨ ᠤ 5 ᠰᠠᠷ᠎ᠠ ᠶᠢᠨ 12 ᠤᠨ ᠡᠳᠦᠷ ︽ᠭᠦᠶᠡᠩ ᠰᠢᠶᠠᠨ ᠤ 2025 ᠣᠨ ᠤ ᠭᠠᠵᠠᠷ ᠤᠨ ᠦᠨ᠎ᠡ ᠶᠢ ᠪᠠᠷᠢᠮᠵᠢᠶᠠᠯᠠᠨ ᠲᠣᠭᠲᠠᠭᠠᠭᠰᠠᠨ ᠠᠵᠢᠯ ᠤᠨ ᠦᠷ᠎ᠡ ᠪᠦᠲᠦᠭᠡᠯ ᠤᠨ ᠭᠡᠷᠡᠴᠢᠯᠡᠭᠡ ᠰᠣᠨᠣᠰᠬᠤ ᠬᠤᠷᠠᠯ︾ ᠬᠢᠬᠦ ᠪᠠᠷ ᠲᠣᠭᠲᠠᠪᠠ᠃ ᠡᠳᠦᠭᠡ ᠳᠣᠤᠷᠠᠬᠢ ᠮᠡᠲᠦ ᠵᠠᠷᠯᠠᠶ᠎ᠠ᠄    ᠨᠢᠭᠡ᠂ ᠭᠡᠷᠡᠴᠢᠯᠡᠭᠡ ᠰᠣᠨᠣᠰᠬᠤ ᠬᠤᠷᠠᠯ ᠤᠨ ᠴᠠᠭ᠄ 2025 ᠣᠨ ᠤ 5 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ 10᠄ 00 ᠴᠠᠭ    ᠬᠤᠶᠠᠷ᠂ ᠭᠡᠷᠡᠴᠢᠯᠡᠭᠡ ᠰᠣᠨᠣᠰᠬᠤ ᠬᠤᠷᠠᠯ ᠭᠠᠵᠠᠷ᠄ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠷᠠᠯ ᠤᠨ ᠭᠡᠷ    ᠭᠤᠷᠪᠠ᠂ ᠨᠡᠷ᠎ᠡ ᠮᠡᠳᠡᠭᠦᠯᠬᠦ ᠴᠠᠭ᠄ 2025 ᠣᠨ ᠤ 4 ᠰᠠᠷ᠎ᠠ ᠶᠢᠨ 7 ᠤ ᠡᠳᠦᠷ ᠠᠴᠠ 5 ᠰᠠᠷ᠎ᠠ ᠶᠢᠨ 7 ᠤ ᠡᠳᠦᠷ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠦᠳᠡ ᠶᠢᠨ ᠡᠮᠦᠨ᠎ᠡ 8᠄ 30 - 11᠄ 30 ᠦᠳᠡ ᠶᠢᠨ ᠬᠤᠶᠢᠨᠠᠬᠢ 2᠄ 30 - 5᠄ 00    ᠳᠥᠷᠪᠡ᠂ ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠬᠡᠪᠴᠢᠶ᠎ᠡ᠄ ᠭᠡᠷᠡᠴᠢᠯᠡᠭᠡ ᠰᠣᠨᠣᠰᠬᠤ ᠵᠦᠢᠯᠡᠰ ᠯᠦᠭᠡ ᠬᠤᠯᠪᠣᠭᠳᠠᠬᠤ ᠠᠷᠠᠳ ᠢᠷᠭᠡᠨ ︵ᠪᠦᠬᠦᠯᠢ 18 ᠨᠠᠰᠤ ᠬᠦᠷᠦᠭᠰᠡᠨ︶᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠤᠭᠤᠳ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠤᠶᠤ ᠨᠢᠭᠡᠴᠡ ᠲᠠᠢ ᠲᠠᠨᠢᠯᠴᠠᠭᠤᠯᠭ᠎ᠠ ᠶᠢᠨ ᠪᠢᠴᠢᠭ ᠢᠶᠠᠨ ᠠᠪᠴᠤ ᠴᠥᠮ ᠭᠡᠷᠡᠴᠢᠯᠡᠭᠡ ᠰᠣᠨᠣᠰᠬᠤ ᠳᠤ ᠣᠷᠣᠯᠴᠠᠭᠤᠯᠬᠤ ᠪᠠᠷ ᠭᠤᠶᠤᠴᠢᠯᠠᠵᠤ ᠪᠣᠯᠤᠨ᠎ᠠ᠃    ᠲᠠᠪᠤ᠂ ᠨᠡᠷ᠎ᠡ ᠮᠡᠳᠡᠭᠦᠯᠬᠦ ᠭᠠᠵᠠᠷ᠄ ᠭᠦᠶᠡᠩ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠨᠡᠭᠡᠭᠡᠨ ᠠᠰᠢᠭᠯᠠᠬᠤ ᠲᠠᠰᠤᠭ᠃    ᠵᠢᠷᠭᠤᠭ᠎ᠠ᠂ ᠭᠡᠷᠡᠴᠢᠯᠡᠭᠡ ᠰᠣᠨᠣᠰᠬᠤ ᠬᠤᠷᠠᠯ ᠡᠷᠭᠢᠯᠡᠬᠦ ᠪᠠᠶᠢᠭᠤᠯᠤᠮᠵᠢ᠄ ᠭᠦᠶᠡᠩ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ     ᠳᠣᠯᠤᠭ᠎ᠠ᠂ ᠬᠠᠷᠢᠯᠴᠠᠬᠤ ᠠᠷᠭ᠎ᠠ ᠮᠠᠶ᠋ᠢᠭ    ᠬᠠᠷᠢᠯᠴᠠᠬᠤ ᠬᠥᠮᠦᠨ᠄ ᠵᠠᠩ ᠶᠦᠩ    ᠬᠠᠷᠢᠯᠴᠠᠬᠤ ᠤᠲᠠᠰᠤ᠄ 0472 - 8128900    ᠨᠠᠢᠮᠠ᠂ ︽ᠭᠡᠷᠡᠴᠢᠯᠡᠭᠡ ᠰᠣᠨᠣᠰᠬᠤ ᠬᠤᠷᠠᠯ ᠤᠨ ᠡᠷᠬᠡᠪᠰᠢ ᠮᠡᠳᠡᠬᠦ ᠬᠡᠷᠡᠭᠲᠡᠢ︾    1. ᠭᠦᠶᠡᠩ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠡᠷ᠎ᠡ ᠮᠡᠳᠡᠭᠦᠯᠦᠭᠰᠡᠨ ᠪᠠᠶᠢᠳᠠᠯ ᠢ ᠦᠨᠳᠦᠰᠦᠯᠡᠨ ᠬᠢᠨᠠᠨ ᠬᠠᠷᠭᠤᠭᠤᠯᠤᠭᠰᠠᠨ ᠤ ᠳᠠᠷᠠᠭ᠎ᠠ ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢ ᠶᠢ ᠲᠣᠭᠲᠠᠭᠠᠬᠤ ᠶᠢᠨ ᠬᠠᠮᠲᠤ ︽ᠭᠡᠷᠡᠴᠢᠯᠡᠭᠡ ᠰᠣᠨᠣᠰᠬᠤ ᠮᠡᠳᠡᠭᠳᠡᠯ ᠤᠨ ᠪᠢᠴᠢᠭ︾ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠣᠯᠭᠤᠨ᠎ᠠ᠃    2. ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠬᠤ ᠲᠥᠯᠥᠭᠡᠯᠡᠭᠴᠢ ᠦᠨᠡᠨ ᠠᠴᠠ ᠵᠥᠪ ᠢ ᠡᠷᠢᠬᠦ ᠵᠠᠷᠴᠢᠮ ᠶᠣᠰᠣᠭᠠᠷ᠂ ᠲᠣᠰ ᠤᠳᠠᠭᠠᠨ ᠤ ᠭᠠᠵᠠᠷ ᠤᠨ ᠦᠨ᠎ᠡ ᠶᠢ ᠪᠠᠷᠢᠮᠵᠢᠶᠠᠯᠠᠬᠤ ᠶᠢᠨ ᠴᠢᠬᠤᠯᠠ ᠴᠢᠨᠠᠷ᠂ ᠪᠣᠯᠤᠮᠵᠢᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠠ ᠬᠡᠷᠡᠭᠯᠡᠭᠡᠨ ᠤ ᠴᠢᠨᠠᠷ ᠵᠡᠷᠭᠡ ᠠᠭᠤᠯᠭ᠎ᠠ ᠳᠤ ᠰᠠᠨᠠᠯ ᠪᠠ ᠰᠠᠨᠠᠭᠤᠯᠭ᠎ᠠ ᠳᠤᠷᠠᠳᠬᠤ ᠬᠡᠷᠡᠭᠲᠡᠶ᠃    3. ᠭᠡᠷᠡᠴᠢᠯᠡᠯᠲᠡ ᠰᠣᠨᠣᠰᠬᠤ ᠳᠤ ᠣᠷᠣᠯᠴᠠᠬᠤ ᠬᠥᠮᠦᠰ ᠭᠡᠷᠡᠴᠢᠯᠡᠭᠡ ᠰᠣᠨᠣᠰᠬᠤ ᠬᠤᠷᠠᠯ ᠤᠨ ᠲᠠᠯᠠᠪᠠᠶ ᠶᠢᠨ ᠡᠮᠬᠢ ᠵᠢᠷᠤᠮ ᠢ ᠵᠢᠷᠤᠮᠯᠠᠬᠤ ᠬᠡᠷᠡᠭᠲᠡᠶ᠂ ᠠᠯᠠᠭ᠎ᠠ ᠲᠠᠰᠢᠬᠤ᠂ ᠱᠤᠤᠭᠢᠯᠳᠤᠬᠤ᠂ ᠦᠢᠮᠡᠭᠦᠯᠬᠦ ᠪᠠ ᠭᠡᠷᠡᠴᠢᠯᠡᠯᠲᠡ ᠰᠣᠨᠣᠰᠬᠤ ᠠᠵᠢᠯᠯᠠᠭ᠎ᠠ ᠶᠢ ᠬᠠᠷᠰᠢᠯᠠᠬᠤ ᠪᠤᠰᠤᠳ ᠦᠢᠯᠡ ᠠᠵᠢᠯᠯᠠᠭ᠎ᠠ ᠬᠢᠵᠦ ᠪᠣᠯᠬᠤ ᠦᠭᠡᠶ᠃    4. ᠭᠡᠷᠡᠴᠢᠯᠡᠭᠡ ᠰᠣᠨᠣᠰᠬᠤ ᠳᠤ ᠣᠷᠣᠯᠴᠠᠭᠰᠠᠳ ᠶᠠᠷᠢᠶ᠎ᠠ ᠲᠠᠯᠪᠢᠬᠤ᠂ ᠲᠣᠭᠠᠴᠢᠬᠤ᠂ ᠭᠡᠷᠡᠴᠢ ᠲᠤᠯᠭᠠᠬᠤ ᠪᠠ ᠮᠠᠷᠭᠤᠯᠳᠤᠬᠤ ᠳᠤ ᠡᠷᠬᠡᠪᠰᠢ ᠭᠡᠷᠡᠴᠢᠯᠡᠭᠡ ᠰᠣᠨᠣᠰᠬᠤ ᠡᠷᠬᠢᠯᠡᠭᠴᠢ ᠪᠠᠷ ᠵᠥᠪᠰᠢᠶᠡᠷᠡᠭᠦᠯᠬᠦ ᠬᠡᠷᠡᠭᠲᠡᠶ᠃    5. ᠵᠥᠪᠰᠢᠶᠡᠷᠡᠭᠦᠯᠦᠭᠰᠡᠨ ᠤ ᠳᠠᠷᠠᠭ᠎ᠠ ᠲᠥᠯᠥᠭᠡᠯᠡᠭᠴᠢ ᠪᠡᠶ᠎ᠡ ᠪᠠᠷ ᠢᠶᠠᠨ ᠭᠡᠷᠡᠴᠢᠯᠡᠭᠡ ᠰᠣᠨᠣᠰᠬᠤ ᠳᠤ ᠣᠷᠣᠯᠴᠠᠵᠤ᠂ ᠣᠯᠠᠨ ᠲᠦᠮᠡᠨ ᠪᠣᠯᠤᠨ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠭᠡᠷᠡᠴᠢᠯᠡᠭᠡ ᠰᠣᠨᠣᠰᠬᠤ ᠠᠭᠤᠯᠭ᠎ᠠ ᠶᠢᠨ ᠲᠤᠬᠠᠶ ᠰᠠᠨᠠᠯ ᠪᠣᠯᠤᠨ ᠰᠠᠨᠠᠭᠤᠯᠭ᠎ᠠ ᠶᠢ ᠦᠨᠡᠨ ᠪᠣᠳᠠᠲᠠᠶ ᠪᠠᠷ ᠲᠤᠰᠬᠠᠬᠤ ᠬᠡᠷᠡᠭᠲᠡᠶ᠃    6᠂ ᠭᠡᠷᠡᠴᠢᠯᠡᠯᠲᠡ ᠶᠢᠨ ᠬᠤᠷᠠᠯ ᠳᠡᠭᠡᠷ᠎ᠡ ᠬᠠᠩᠭᠠᠭᠰᠠᠨ ᠮᠠᠲ᠋ᠧᠷᠢᠶᠠᠯ ᠨᠢ ᠵᠥᠪᠬᠡᠨ ᠭᠡᠷᠡᠴᠢᠯᠡᠭᠡ ᠰᠣᠨᠣᠰᠬᠤ ᠲᠥᠯᠥᠭᠡᠯᠡᠭᠴᠢ ᠶᠢᠨ ᠰᠠᠨᠠᠯ ᠢᠶᠠᠨ ᠳᠤᠷᠠᠳᠬᠤ ᠳᠤ ᠯᠠᠪᠯᠠᠯᠲᠠ ᠪᠣᠯᠭᠠᠵᠤ᠂ ᠬᠤᠷᠠᠯ ᠤᠨ ᠳᠠᠷᠠᠭ᠎ᠠ ᠬᠤᠷᠢᠶᠠᠨ ᠠᠪᠤᠨ᠎ᠠ᠃    ᠣᠨᠴᠠᠭᠠᠶᠢᠯᠠᠨ ᠵᠠᠷᠯᠠᠨ ᠨᠡᠶᠢᠲᠡᠯᠡᠪᠡ᠃                    ᠭᠦᠶᠡᠩ ᠰᠢᠶᠠᠨ ᠤ ᠪᠠᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ                        2025 ᠣᠨ ᠤ 4 ᠰᠠᠷ᠎ᠠ ᠶᠢᠨ 7 ᠤ ᠡᠳᠦᠷ
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号