ᠪᠤᠭᠤᠲᠤ ᠬᠤᠲᠠ ᠶᠢᠨ ᠭᠦᠶᠡᠩ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠵᠤ ᠦᠢ᠊​‍ᠯᠡᠰ ᠤᠨ ᠰᠠᠭᠤᠷᠢᠨ ᠭᠠᠵᠠᠷ ᠤᠨ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠬᠠᠩᠭᠠᠯᠭ᠎ᠠ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠵᠢᠯ ᠳᠤ 20 ᠲᠦᠮᠡᠨ ᠲᠣᠨ ᠴᠡᠪᠡᠷ ᠵᠡᠰ ᠤᠨ ᠢᠨᠵᠧᠨᠧᠷᠢᠩ ᠠᠩᠬᠠᠳᠤᠭᠠᠷ ᠤᠳᠠᠭ᠎ᠠ ᠣᠷᠴᠢᠨ ᠲᠣᠭᠤᠷᠢᠨ ᠤ ᠨᠥᠯᠥᠭᠡᠯᠡᠯ ᠤᠨ ᠲᠤᠬᠠᠶ ᠦᠨᠡᠯᠡᠯᠲᠡ ᠬᠢᠵᠦ ᠨᠡᠶᠢᠲᠡ ᠣᠯᠠᠨ ᠢᠶᠠᠷ ᠢᠶᠠᠨ ᠮᠡᠳᠡᠭᠡ ᠵᠠᠩᠭᠢ ᠶᠢ ᠢᠯᠡ ᠨᠡᠶᠢᠲᠡᠯᠡᠬᠦ ᠳᠤ ᠣᠷᠣᠯᠴᠠᠪᠠ
ᠨᠡᠶᠢᠲᠡᠯᠡᠭᠰᠡᠨ ᠴᠠᠭ᠄
2025/4/7
    ᠨᠢᠭᠡ᠂ ᠦᠨᠳᠦᠰᠦᠯᠡᠯ    ᠮᠠᠨ ᠤ ᠨᠢᠭᠡᠴᠡ ᠠᠴᠠ ᠪᠤᠭᠤᠲᠤ ᠬᠤᠲᠠ ᠶᠢᠨ ᠭᠦᠶᠡᠩ ᠤᠨ ᠴᠡᠷᠢᠭ ᠠᠷᠠᠳ ᠤᠨ ᠬᠡᠷᠡᠭᠯᠡᠭᠡ ᠶᠢᠨ ᠠᠭᠤᠰᠤᠯᠴᠠᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠴᠠᠬᠢᠯᠭᠠᠨ ᠬᠠᠩᠭᠠᠬᠤ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠵᠢᠯ ᠳᠤ 20 ᠲᠦᠮᠡᠨ ᠲᠣᠨ ᠴᠡᠪᠡᠷ ᠵᠡᠰ ᠤᠨ ᠢᠨᠵᠧᠨᠧᠷᠢᠩ ᠢ ᠪᠠᠶᠢᠭᠤᠯᠬᠤ ᠪᠠᠷ ᠲᠥᠯᠥᠪᠯᠡᠵᠦ᠂ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠢ ᠨᠠᠶᠢᠷᠠᠭᠤᠯᠤᠨ ᠵᠣᠬᠢᠶᠠᠬᠤ ᠨᠢᠭᠡᠴᠡ ᠶᠢ ᠨᠢᠭᠡᠨᠲᠡ ᠲᠣᠭᠲᠠᠭᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠬᠠᠤᠯᠢ︾᠂ ︽ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠳᠦᠷᠢᠮ︾᠂ ︽ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠠᠷᠭ᠎ᠠ︾ ︵ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠤ ᠵᠠᠷᠯᠢᠭ 4 ᠳ᠋ᠤᠭᠡᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠣᠯᠠᠨ ᠨᠡᠶᠢᠲᠡ ᠶᠢᠨ ᠰᠠᠨᠠᠯ ᠢ ᠬᠤᠷᠢᠶᠠᠵᠠᠢ᠃    ᠬᠤᠶᠠᠷ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠦᠨᠳᠦᠰᠦᠨ ᠮᠡᠳᠡᠭᠡ ᠵᠠᠩᠭᠢ    1. ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠡᠷᠡᠶᠢᠳᠦᠯ᠄ ᠪᠤᠭᠤᠲᠤ ᠬᠤᠲᠠ ᠶᠢᠨ ᠭᠦᠶᠡᠩ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠵᠤ ᠦᠢᠯᠡᠰ ᠤᠨ ᠰᠠᠭᠤᠷᠢᠨ ᠭᠠᠵᠠᠷ ᠤᠨ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠬᠠᠩᠭᠠᠯᠭ᠎ᠠ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠵᠢᠯ ᠳᠤ 20 ᠲᠦᠮᠡᠨ ᠲᠣᠨ ᠴᠡᠪᠡᠷ ᠵᠡᠰ ᠤᠨ ᠢᠨᠵᠧᠨᠧᠷᠢᠩ    2. ᠪᠥᠲᠥᠭᠡᠨ ᠪᠠᠶᠢᠭᠤᠯᠤᠯᠲᠠ ᠶᠢᠨ ᠨᠢᠭᠡᠴᠢ ᠶᠢᠨ ᠨᠡᠷᠡᠶᠢᠳᠦᠯ᠄ ᠯᠠᠨ ᠪᠥᠸᠧ ᠵᠡᠰ ᠤᠨ ᠦᠢᠯᠡᠰ ︵ᠪᠤᠭᠤᠲᠤ︶ ᠤᠨ ᠬᠢᠵᠠᠭᠠᠷᠲᠤ ᠺᠣᠮᠫᠠᠨᠢ    3. ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠬᠠᠷᠢᠯᠴᠠᠬᠤ ᠠᠷᠭ᠎ᠠ ᠮᠠᠶ᠋ᠢᠭ 13981886999    4. ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠨᠢᠭᠡᠴᠢ ᠶᠢᠨ ᠨᠡᠷᠡᠶᠢᠳᠦᠯ᠄ ᠳᠤᠮᠳᠠᠳᠤ ᠤᠯᠤᠰ ᠤᠨ ᠲᠡᠮᠦᠷᠯᠢᠭ ᠬᠠᠶᠢᠯᠤᠭᠤᠯᠬᠤ ᠪᠠ ᠪᠠᠷᠠᠭᠤᠨ ᠬᠤᠶᠢᠲᠤ ᠶᠢᠨ ᠢᠨᠵᠧᠨᠧᠷᠢᠩ ᠤᠨ ᠮᠡᠷᠭᠡᠵᠢᠯ ᠤᠨ ᠬᠢᠵᠠᠭᠠᠷᠲᠤ ᠺᠣᠮᠫᠠᠨᠢ    5. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠭᠦᠶᠡᠩ ᠰᠢᠶᠠᠨ ᠤ ᠪᠤᠭᠤᠲᠤ ᠶᠢᠨ ᠵᠢᠨᠱᠠᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠳᠣᠲᠣᠷ᠎ᠠ᠃    6. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠄ ᠵᠢᠯ ᠳᠤ 20 ᠲᠦᠮᠡᠨ ᠲᠣᠨ ᠪᠢᠯᠢᠭ ᠲᠦᠢᠯ ᠤᠨ ᠵᠡᠰ ᠵᠢᠴᠢ ᠵᠣᠬᠢᠴᠠᠩᠭᠤᠶ ᠪᠦᠬᠦᠢ ᠠᠯᠪᠠᠨ ᠤ ᠪᠠ ᠲᠤᠰᠠᠯᠠᠬᠤ ᠢᠵᠢ ᠪᠦᠷᠢᠳᠦᠭᠦᠯᠬᠦ ᠲᠥᠬᠦᠭᠡᠷᠦᠮᠵᠢ ᠶᠢ ᠪᠦᠲᠦᠭᠡᠨ ᠪᠠᠶᠢᠭᠤᠯᠤᠨ᠎ᠠ᠃    ᠭᠤᠷᠪᠠ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠠᠭᠤᠯᠭ᠎ᠠ    ᠨᠡᠶᠢᠲᠡ ᠣᠯᠠᠨ ᠤ ᠲᠤᠰ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠬᠤᠯᠪᠣᠭᠳᠠᠯ ᠪᠦᠬᠦᠢ ᠰᠠᠨᠠᠯ ᠪᠠ ᠰᠠᠨᠠᠭᠤᠯᠭ᠎ᠠ ᠶᠢ ᠬᠤᠷᠢᠶᠠᠵᠤ᠂ ᠣᠯᠠᠨ ᠨᠡᠶᠢᠲᠡ ᠶᠢᠨ ᠰᠠᠨᠠᠯ ᠤᠨ ᠬᠦᠰᠦᠨᠦᠭᠲᠦ ᠶᠢᠨ ᠬᠠᠶ᠋ᠢᠭ ᠢ ᠲᠠᠭᠯᠠᠨ ᠪᠢᠴᠢᠨ᠎ᠠ᠄ http://www.mee.gov.cn/xxgk2018/xxgk/xxgk01/201810/W020181024369122449069.docx     ᠣᠯᠠᠨ ᠨᠡᠶᠢᠲᠡ ᠶᠢᠨ ᠳᠤᠷᠠᠳᠤᠭᠰᠠᠨ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠡᠳ᠋ ᠬᠥᠷᠥᠩᠭᠡ᠂ ᠠᠵᠢᠯ ᠣᠯᠭᠤᠬᠤ ᠵᠡᠷᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠯᠦᠭᠡ ᠬᠤᠯᠪᠣᠭᠳᠠᠯ ᠦᠭᠡᠶ ᠰᠠᠨᠠᠯ ᠪᠤᠶᠤ ᠭᠤᠮᠣᠳᠠᠯ ᠱᠠᠭᠠᠷᠳᠠᠯᠭ᠎ᠠ ᠨᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠤ ᠣᠷᠣᠯᠴᠠᠬᠤ ᠠᠭᠤᠯᠭ᠎ᠠ ᠳᠤ ᠬᠠᠷᠢᠶᠠᠯᠠᠭᠳᠠᠬᠤ ᠦᠭᠡᠶ᠃ ᠣᠷᠴᠢᠨ ᠲᠣᠭᠤᠷᠢᠨ ᠤ ᠨᠥᠯᠥᠭᠡᠯᠡᠯ ᠢ ᠮᠡᠳᠡᠭᠦᠯᠬᠦ ᠪᠢᠴᠢᠭ ᠤᠨ ᠰᠠᠨᠠᠯ ᠬᠤᠷᠢᠶᠠᠬᠤ ᠨᠤᠤᠷᠠᠭ ᠢ ᠨᠠᠶᠢᠷᠠᠭᠤᠯᠤᠨ ᠵᠣᠬᠢᠶᠠᠬᠤ ᠶᠠᠪᠤᠴᠠ ᠳᠤ᠂ ᠨᠡᠶᠢᠲᠡ ᠣᠯᠠᠨ ᠲᠦᠮᠡᠨ ᠴᠥᠮ ᠪᠦᠲᠦᠭᠡᠨ ᠪᠠᠶᠢᠭᠤᠯᠬᠤ ᠨᠢᠭᠡᠴᠡ ᠳᠤ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠯᠦᠭᠡ ᠬᠤᠯᠪᠣᠭᠳᠠᠬᠤ ᠰᠠᠨᠠᠯ ᠢᠶᠠᠨ ᠳᠤᠷᠠᠳᠴᠤ ᠪᠣᠯᠤᠨ᠎ᠠ᠃    ᠳᠥᠷᠪᠡ᠂ ᠣᠯᠠᠨ ᠨᠡᠶᠢᠲᠡ ᠶᠢᠨ ᠰᠠᠨᠠᠯ ᠳᠤᠷᠠᠳᠬᠤ ᠠᠷᠭ᠎ᠠ ᠮᠠᠶ᠋ᠢᠭ ᠪᠠ ᠠᠷᠭ᠎ᠠ ᠵᠠᠮ    ᠣᠯᠠᠨ ᠲᠦᠮᠡᠨ ᠳ᠋ᠢᠶᠠᠩᠬᠤᠸᠠ᠂ ᠡᠯᠧᠺᠲᠷᠣᠨ ᠰᠢᠦᠳᠠᠨ ᠵᠦᠢᠯ᠂ ᠹᠠᠺᠰ᠂ ᠵᠠᠬᠢᠳᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠳᠤ ᠰᠠᠨᠠᠯ ᠢᠶᠠᠨ ᠬᠠᠷᠢᠭᠤ ᠲᠤᠰᠬᠠᠵᠤ ᠪᠣᠯᠤᠨ᠎ᠠ᠃ ᠣᠯᠠᠨ ᠨᠡᠶᠢᠲᠡ ᠶᠢᠨ ᠰᠠᠨᠠᠯ ᠳᠡᠪᠰᠢᠭᠦᠯᠬᠦ ᠳᠤ᠂ ᠬᠦᠴᠦᠨ ᠪᠦᠬᠦᠢ ᠬᠠᠷᠢᠯᠴᠠᠬᠤ ᠠᠷᠭ᠎ᠠ ᠮᠠᠶ᠋ᠢᠭ ᠬᠠᠩᠭᠠᠬᠤ ᠬᠡᠷᠡᠭᠲᠡᠶ᠃    ᠬᠠᠷᠢᠯᠴᠠᠬᠤ ᠬᠥᠮᠥᠨ᠄ ᠬᠤ᠋ ᠳᠠᠭᠠᠭᠠᠮᠠᠯ    ᠰᠢᠤᠳᠠᠨ ᠢᠶᠠᠷ ᠢᠯᠡᠭᠡᠬᠦ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠭᠦᠶᠡᠩ ᠰᠢᠶᠠᠨ ᠤ ᠪᠤᠭᠤᠲᠤ ᠶᠢᠨ ᠵᠢᠨᠱᠠᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠠᠵᠢᠯᠯᠠᠬᠤ ᠠᠰᠠᠷ    ᠬᠠᠷᠢᠯᠴᠠᠬᠤ ᠤᠲᠠᠰᠤ᠄ 13981886999    ᠢᠮᠧᠯ᠄ 942161066@qq. com    ᠲᠠᠪᠤ᠂ ᠪᠤᠰᠤᠳ ᠵᠦᠢᠯ    ᠨᠡᠶᠢᠲᠡ ᠣᠯᠠᠨ ᠤ ᠲᠤᠰᠢᠶᠠᠭᠰᠠᠨ ᠬᠠᠮᠢᠶ᠎ᠠ ᠪᠦᠬᠦᠢ ᠬᠤᠪᠢ ᠬᠥᠮᠦᠨ ᠤ ᠮᠡᠳᠡᠭᠡ ᠵᠠᠩᠭᠢ ᠶᠢ ᠪᠠᠷᠢᠯᠭ᠎ᠠ ᠪᠠᠷᠢᠭᠤᠯᠤᠭᠰᠠᠨ ᠨᠢᠭᠡᠴᠡ ᠨᠢ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠠᠴᠠ ᠪᠤᠰᠤᠳ ᠬᠡᠷᠡᠭᠯᠡᠯᠲᠡ ᠳᠤ ᠬᠡᠷᠡᠭᠯᠡᠬᠦ ᠦᠭᠡᠶ᠂ ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠢᠶ᠎ᠠ ᠪᠦᠬᠦᠢ ᠡᠷᠬᠡᠲᠦ ᠬᠥᠮᠦᠨ ᠢ ᠳᠠᠮᠵᠢᠭᠰᠠᠨ ᠦᠭᠡᠶ ᠪᠣᠯ ᠢᠯᠡ ᠪᠣᠯᠭᠠᠵᠤ ᠪᠣᠯᠬᠤ ᠦᠭᠡᠶ᠃ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃   ᠣᠨᠴᠠᠭᠠᠶᠢᠯᠠᠨ ᠵᠠᠷᠯᠠᠪᠠ︕                     ᠯᠠᠨ ᠪᠦᠸᠧ ᠵᠡᠰ ᠤᠨ ᠦᠢᠯᠡᠰ ︵ᠪᠤᠭᠤᠲᠤ︶ ᠤᠨ ᠬᠢᠵᠠᠭᠠᠷᠲᠤ ᠺᠣᠮᠫᠠᠨᠢ                              2025 ᠣᠨ ᠤ 4 ᠰᠠᠷ᠎ᠠ ᠶᠢᠨ 3 ᠤ ᠡᠳᠦᠷ
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号